︽ᠰᠢᠨ ᠵᠧᠦ︾ 60 ᠪᠣᠷᠣᠭᠠᠨ ᠣᠷᠤᠭᠤᠯᠬᠤ ᠴᠠᠭ ᠠᠭᠤᠷ ᠤᠨ ᠨᠢᠰᠬᠡᠯ ᠮᠠᠨ ᠤ ᠣᠷᠣᠨ ᠳᠤ ᠰᠠᠭᠤᠷᠢᠰᠢᠪᠠ
ᠨᠡᠶᠢᠲᠡᠯᠡᠭᠰᠡᠨ ᠴᠠᠭ᠄
2019/3/22
     3 ᠳ᠋ᠤᠭᠠᠷ ᠰᠠᠷ᠎ᠠ ᠶᠢᠨ 20᠎ ᠤ ᠡᠳᠦᠷ᠂ ︽ᠳᠤᠮᠳᠠᠳᠤ ᠤᠯᠤᠰ ᠤᠨ ᠴᠠᠭ ᠠᠭᠤᠷ︾ ᠭᠡᠬᠦ ᠦᠰᠦᠭ ᠬᠠᠳᠠᠭᠠᠰᠤᠲᠠᠢ ︽ᠰᠢᠨ ᠵᠧᠦ︾ 60 ᠪᠣᠷᠣᠭᠠᠨ ᠣᠷᠤᠭᠤᠯᠬᠤ ᠨᠢᠰᠬᠡᠯ ᠬᠥᠬᠡᠬᠤᠲᠠ ᠳᠤ ᠪᠠᠭᠤᠵᠤ᠂ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠵᠢᠩᠬᠢᠨᠢ ᠪᠠᠷ ᠰᠠᠭᠤᠷᠢᠰᠢᠪᠠ᠃      ᠣᠶᠢᠯᠠᠭᠠᠭᠰᠠᠨ ᠢᠶᠠᠷ᠂ ᠡᠨᠡ ᠬᠦ ᠮᠠᠨ ᠤ ᠤᠯᠤᠰ ᠤᠨ ᠥᠪᠡᠷᠲᠡᠭᠡᠨ ᠦᠢᠯᠡᠳᠪᠦᠷᠢᠯᠡᠭᠰᠡᠨ ︽ᠰᠢᠨ ᠵᠧᠦ︾ 60 ᠳᠤᠮᠳᠠ ᠬᠡᠯᠪᠡᠷᠢ ᠶᠢᠨ ᠠᠶᠠᠨᠴᠢᠳ ᠤᠨ ᠨᠢᠰᠬᠡᠯ ᠢᠶᠠᠷ ᠥᠭᠡᠷᠡᠴᠢᠯᠡᠨ ᠦᠢᠯᠡᠳᠦᠭᠰᠡᠨ ᠪᠣᠷᠣᠭᠠᠨ ᠣᠷᠣᠭᠤᠯᠬᠤ ᠨᠢᠰᠬᠡᠯ ᠨᠢ ᠬᠠᠮᠤᠭ ᠤᠨ ᠲᠡᠭᠦᠯᠳᠡᠷ ᠲᠦᠷᠭᠡᠳᠬᠡᠭᠦᠷ ᠠᠴᠢᠶᠠᠯᠠᠬᠤ ᠲᠥᠬᠦᠭᠡᠷᠦᠮᠵᠢ ᠪᠠ ᠲᠡᠷᠢᠭᠦᠨ ᠤ ᠬᠠᠶᠢᠨ ᠬᠡᠮᠵᠢᠬᠦ ᠲᠥᠬᠦᠭᠡᠷᠦᠮᠵᠢ ᠤᠭᠰᠠᠷᠠᠭᠰᠠᠨ ᠪᠠᠶᠢᠵᠤ᠂ ᠤᠶᠠᠨ ᠬᠠᠳᠡᠠ ᠴᠢᠨᠠᠷ ᠢᠶᠠᠷ ᠴᠢᠩᠭ᠎ᠠ᠂ ᠠᠴᠢᠶᠠᠯᠠᠬᠤ ᠴᠢᠳᠠᠪᠤᠷᠢ ᠪᠠᠷ ᠶᠡᠭᠡ᠂ ᠶᠡᠭᠡ ᠬᠡᠪᠴᠢᠶᠡᠲᠦ᠂ ᠤᠷᠳᠤ ᠬᠤᠭᠤᠴᠠᠭᠠᠲᠤ ᠦᠷᠭᠦᠯᠵᠢᠯᠡᠬᠦ ᠴᠢᠨᠠᠷ ᠪᠦᠬᠦᠢ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠬᠢᠵᠦ ᠴᠢᠳᠠᠬᠤ ᠪᠦᠭᠡᠳ ᠥᠩᠭᠡᠷᠡᠭᠰᠡᠨ ᠤ ᠪᠣᠷᠣᠭᠠᠨ ᠣᠷᠤᠭᠤᠯᠬᠤ ᠨᠢᠰᠬᠡᠯ ᠲᠠᠢ ᠠᠳᠠᠯᠢᠳᠬᠠᠪᠠᠯ᠂ ᠲᠡᠭᠦᠨ ᠤ ᠰᠤᠮᠤ ᠲᠡᠷᠢ ᠠᠴᠢᠶᠠᠯᠠᠬᠤ ᠬᠡᠮᠵᠢᠶ᠎ᠡ ᠨᠢ ᠶᠡᠭᠡ᠂ ᠨᠢᠰᠦᠯᠲᠡ ᠶᠢᠨ ᠥᠨᠳᠥᠷ ᠤᠨ ᠬᠡᠮᠵᠢᠶ᠎ᠡ ᠨᠢ ᠥᠨᠳᠥᠷ᠂ ᠦᠷᠭᠦᠯᠵᠢᠯᠡᠨ ᠠᠶᠠᠯᠠᠬᠤ ᠴᠢᠳᠠᠪᠤᠷᠢ ᠨᠢ ᠴᠢᠩᠭ᠎ᠠ ᠵᠡᠷᠭᠡ ᠣᠨᠴᠠᠯᠢᠭ ᠲᠠᠢ ᠪᠠᠶᠢᠵᠤ᠂ ᠭᠠᠭᠴᠠ ᠨᠢᠰᠬᠡᠯ ᠤᠨ ᠨᠢᠰᠦᠯᠲᠡ ᠶᠢᠨ ᠠᠵᠢᠯ ᠤᠨ ᠴᠢᠳᠠᠪᠤᠷᠢ ᠪᠠ ᠪᠣᠳᠠᠲᠤ ᠦᠷ᠎ᠡ ᠪᠦᠲᠦᠮᠵᠢ ᠨᠢ ᠶᠡᠬᠡᠪᠡᠷ ᠳᠡᠭᠡᠭᠰᠢᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号