ᠥᠪᠥᠷ ᠵᠠᠰᠠᠭ ᠠᠯᠪᠠᠨ ᠲᠠᠷᠬᠠᠭᠠᠭᠰᠠᠨ ﹇2018﹈ 66 ᠳ᠋ᠤᠭᠠᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠲᠥᠪ ᠤᠨ ᠬᠦᠳᠡᠭᠡ ᠳᠤᠰᠬᠤᠨ ᠤ ᠠᠵᠢᠯ ᠤᠨ ᠬᠤᠷᠠᠯ᠂ | ᠪᠦᠬᠦ ᠤᠯᠤᠰ ᠤᠨ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠬᠦ | ᠠᠵᠢᠯ ᠢ ᠲᠦᠯᠬᠢᠨ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠦᠪᠡᠷᠲᠡᠭᠡᠨ ᠵᠠᠰᠠᠬᠤ ᠤᠷᠤᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ | ᠢᠳᠡᠪᠬᠢᠳᠡᠢ ᠪᠠᠷ ᠮᠦᠩᠭᠦᠨ ᠭᠦᠢᠯᠭᠡᠭᠡᠨ ᠤ ᠨᠡᠷᠡᠳᠬᠦᠨ ᠳᠤ ᠰᠢᠨ᠎ᠡ ᠶᠢ ᠡᠭᠦᠳᠴᠦ᠂ ᠦᠢᠯᠡᠴᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠭᠦᠢᠯᠭᠡᠭᠡᠨ ᠤ ᠦᠢᠯᠡᠴᠢᠯᠡᠨ ᠳᠠᠬᠢ | ᠳᠡᠩᠴᠡᠭᠦᠨ ᠪᠤᠰᠤ᠂ ᠬᠦᠢᠴᠡᠳ ᠪᠤᠰᠤ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠤᠰᠠᠲᠠ᠂ ︽ | ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤᠬᠠᠢ ᠳᠤᠮᠳᠠᠳᠤ | ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ | ᠳᠠᠷᠬᠠᠭᠠᠭᠰᠠᠨ ﹇2018﹈ 1 ᠳ᠋ᠤᠭᠡᠷ ᠲᠣᠭᠠᠲᠤ︶ ᠪᠠ ︽ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠠᠨᠠᠯ︾ ︵ | ᠦᠪᠦᠷ ᠨᠠᠮ ᠳᠠᠷᠬᠠᠭᠠᠭᠰᠠᠨ ﹇2018﹈ 1 ᠳ᠋ᠤᠭᠡᠷ ᠲᠣᠭᠠᠲᠤ︶ ᠤᠨ ᠵᠤᠷᠢᠭ ᠰᠠᠨᠠᠭ᠎ᠠ ᠶᠢ ᠦᠨᠳᠦᠰᠦᠯᠡᠵᠦ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠡᠳ᠂ ᠡᠳᠦᠭᠡ ᠬᠦᠳᠡᠭᠡ | ᠳᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠮᠦᠩᠭᠦᠨ ᠭᠦᠢᠯᠭᠡᠭᠡᠨ ᠢᠶᠠᠷ ᠳᠡᠮᠵᠢᠬᠦ ᠳᠤᠬᠠᠢ | ᠳᠤᠤᠷᠠᠬᠢ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ | ᠦᠪᠦᠷ ᠮᠤᠩᠭᠤᠯ ᠢ ᠰᠢᠨᠵᠢᠯᠡᠨ ᠪᠠᠶᠢᠴᠠᠭᠠᠬᠤ ᠳᠤ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ ᠦᠪᠦᠷ | ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠶᠠᠷᠢᠭᠰᠠᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠬᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠠᠵᠤ ᠦᠢᠯᠡᠰ ᠬᠦᠭᠵᠢᠯ ᠴᠡᠴᠡᠭᠯᠡᠯ ᠲᠠᠢ᠂ | ᠠᠮᠢ ᠠᠬᠤᠢ ᠤᠷᠤᠰᠢᠨ ᠰᠠᠭᠤᠷᠢᠰᠢᠬᠤ ᠳᠤ ᠳᠤᠬᠢᠷᠠᠮᠵᠢᠳᠠᠢ᠂ ᠨᠤᠲᠤᠭ ᠤᠨ ᠵᠠᠩ ᠰᠤᠷᠳᠠᠯ ᠪᠤᠯᠪᠠᠰᠤᠨ᠂ ᠵᠠᠰᠠᠯᠲᠠ | ᠦᠷ᠎ᠡ ᠪᠦᠳᠦᠮᠵᠢᠳᠡᠢ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠠᠷᠦᠩᠬᠡᠢ ᠱᠠᠭᠠᠷᠳᠠᠯᠭ᠎ᠠ ᠶᠢᠨ ᠳᠤᠭᠤᠷᠢᠨ ᠳᠤ᠂ | ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠪᠠᠷ ᠶᠡᠷᠦᠩᠭᠡᠢ | ᠭᠠᠷᠳᠠᠴᠠ ᠪᠣᠯᠭᠠᠵᠤ᠂ ᠦᠢᠯᠡᠴᠢᠯᠡᠭᠡᠨ ᠤ ᠠᠷᠭ᠎ᠠ ᠵᠠᠮ ᠳᠤ ᠱᠠᠭᠠᠷᠳᠠᠯᠭ᠎ᠠ ᠶᠢ ᠨᠢ ᠳᠡᠭᠡᠭᠰᠢᠯᠡᠭᠦᠯᠦᠨ᠂ | ᠦᠢᠯᠡᠴᠢᠯᠡᠭᠡᠨ ᠳᠤ ᠰᠢᠨ᠎ᠡ ᠶᠢ ᠡᠭᠦᠳᠬᠦ ᠶᠢ ᠳᠡᠭᠡᠳᠦ ᠳᠠᠪᠬᠤᠷᠭᠠᠨ ᠳᠤ ᠭᠠᠷᠭᠠᠵᠤ᠂ ᠦᠢᠯᠡᠴᠢᠯᠡᠬᠦ ᠶᠠᠰᠤ ᠴᠢᠨᠠᠷ ᠢ | ᠬᠢᠷᠢ ᠲᠦᠪᠰᠢᠨ ᠲᠠᠢ ᠪᠣᠯᠭᠠᠨ᠂ ᠦᠢᠯᠡᠴᠢᠯᠡᠬᠦ ᠶᠡᠷᠦᠩᠬᠡᠢ ᠬᠡᠮᠵᠢᠶ᠎ᠡ ᠶᠢ ᠬᠡᠪᠴᠢᠶᠡᠠ ᠳᠤ ᠬᠦᠷᠭᠡᠬᠦ ᠪᠠᠷ ᠬᠠᠷᠠᠯᠲᠠ | ᠪᠣᠯᠭᠠᠵᠤ᠂ ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠬᠦᠢᠯᠭᠡᠭᠡᠨ ᠤ ᠰᠢᠰᠲ᠋ᠧᠮᠵᠢ ᠶᠢ ᠦᠷᠭᠦᠯᠵᠢᠯᠡᠨ | ᠪᠦᠷᠢᠨᠰᠢᠭᠦᠯᠦᠨ ᠳᠡᠭᠦᠯᠳᠡᠷᠵᠢᠭᠦᠯᠵᠤ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠯᠪᠡᠷᠢ ᠳᠤ ᠰᠢᠨ᠎ᠡ ᠶᠢ | ᠡᠭᠦᠳᠬᠦ ᠶᠢ ᠴᠢᠩᠭᠠᠷᠠᠭᠤᠯᠤᠨ᠂ ᠮᠦᠩᠭᠦᠨ ᠭᠦᠢᠯᠭᠡᠭᠡᠨ ᠤ ᠦᠢᠯᠡᠴᠢᠯᠡᠭᠡ ᠪᠠ ᠨᠡᠷᠡᠳᠭᠦᠨ ᠤ ᠬᠠᠩᠭᠠᠯᠭ᠎ᠠ ᠶᠢ | ᠨᠡᠮᠡᠭᠳᠡᠭᠦᠯᠵᠦ᠂ ᠮᠦᠩᠭᠦᠨ ᠭᠦᠢᠯᠭᠡᠭᠡᠨ ᠤ ᠦᠢᠯᠡᠴᠢᠯᠡᠬᠦ ᠴᠢᠳᠠᠪᠤᠷᠢ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ | ᠦᠪᠡᠷᠲᠡᠭᠡᠨ ᠵᠠᠰᠠᠬᠤ ᠤᠷᠤᠨ ᠤ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ | ᠦᠭᠡᠷᠡᠴᠢᠯᠡᠯᠳᠡ ᠪᠠ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠲᠠ ᠶᠢᠨ ᠠᠬᠢᠴᠠ ᠶᠢ ᠬᠦᠴᠦᠳᠡᠢ ᠳᠡᠮᠵᠢᠵᠦ᠂ | ᠮᠠᠯ ᠲᠠᠷᠢᠶᠠᠯᠠᠩ ᠤᠨ ᠪᠦᠬᠦ ᠲᠠᠯ᠎ᠠ ᠪᠠᠷ ᠳᠡᠰ ᠳᠠᠪᠰᠢᠬᠦ ᠂ ᠮᠠᠯᠵᠢᠬᠤ ᠲᠠᠷᠢᠶᠠᠯᠠᠬᠤ ᠤᠷᠤᠨ ᠤ ᠪᠦᠬᠦ ᠲᠠᠯ᠎ᠠ ᠪᠠᠷ | ᠳᠠᠪᠰᠢᠬᠤ ᠪᠠ ᠮᠠᠯᠴᠢᠨ ᠲᠠᠷᠢᠶᠠᠴᠢᠨ ᠤ ᠪᠦᠬᠦ ᠳᠠᠯ᠎ᠠ ᠪᠠᠷ ᠬᠦᠭᠵᠢᠬᠦ ᠶᠢ ᠲᠦᠯᠬᠢᠨ ᠠᠬᠢᠭᠤᠯᠤᠨ᠎ᠠ᠃ | ᠬᠤᠶᠠᠷ᠂ ᠤᠯᠠᠨ ᠳᠡᠰ ᠳᠠᠪᠬᠤᠷᠭ᠎ᠠ ᠲᠠᠢ ᠪᠦᠭᠡᠳ ᠦᠷᠭᠡᠨ ᠬᠡᠪᠴᠢᠶ᠎ᠡ ᠶᠢ ᠬᠠᠮᠤᠷᠤᠭᠰᠠᠨ ᠮᠦᠩᠭᠦᠨ | ᠭᠦᠢᠯᠭᠡᠭᠡᠨ ᠤ ᠦᠢᠯᠡᠴᠢᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ | ︵ᠨᠢᠭᠡ︶ ᠪᠠᠩᠬᠢ ᠨᠤᠭᠤᠳ ᠤᠨ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠠᠵᠢᠯ ᠤᠨ ᠬᠤᠪᠢᠶᠠᠷᠢᠯᠠᠯ ᠨᠢ | ᠵᠤᠬᠢᠰᠲᠠᠢ ᠪᠦᠭᠡᠳ ᠴᠢᠳᠠᠮᠵᠢ ᠪᠠᠨ ᠬᠠᠷᠢᠯᠴᠠᠨ ᠨᠦᠬᠦᠪᠦᠷᠢᠯᠡᠭᠰᠡᠨ ᠦᠢᠯᠡᠴᠢᠯᠡᠬᠦ ᠰᠢᠰᠲ᠋ᠧᠮᠵᠢ ᠶᠢ ᠪᠦᠷᠢᠨᠰᠢᠭᠦᠯᠦᠨ | ᠳᠡᠭᠦᠯᠳᠡᠷᠵᠢᠭᠦᠯᠦᠨ᠎ᠡ᠃ ᠤᠯᠤᠰ ᠤᠨ ᠨᠡᠭᠡᠭᠡᠯᠲᠡ ᠶᠢᠨ ᠪᠠᠩᠬᠢ᠂ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠶᠢᠨ | ᠦᠢᠯᠡᠳᠦᠯ ᠴᠢᠳᠠᠮᠵᠢ ᠶᠢᠨ ᠪᠠᠶᠢᠷᠢ ᠳᠤᠭᠲᠠᠭᠠᠯᠲᠠ ᠪᠠ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠦᠵᠡᠰᠭᠦᠯᠡᠩᠳᠦ | ᠰᠠᠶᠢᠬᠠᠨ ᠬᠦᠳᠡᠭᠡ ᠳᠤᠰᠬᠤᠨ ᠢ ᠪᠦᠳᠦᠭᠡᠨ ᠪᠠᠶᠢᠭᠤᠯᠬᠤ᠂ ᠤᠳᠤ ᠦᠶ᠎ᠡ ᠶᠢᠨ ᠳᠠᠷᠢᠶᠠᠯᠠᠩ ᠤᠨ ᠤᠰᠤᠨ | ᠠᠰᠢᠭᠯᠠᠯᠲᠠ᠂ ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠳᠤᠭᠤᠷᠢᠭ ᠵᠡᠷᠭᠡ ᠶᠢᠨ | ᠳᠤᠭᠤᠷᠢᠨ ᠳᠤ᠂ ᠮᠠᠯ ᠲᠠᠷᠢᠶᠠᠯᠠᠩ ᠢ ᠨᠡᠭᠡᠭᠡᠨ ᠬᠦᠭᠵᠢᠭᠦᠯᠬᠦ ᠪᠠ ᠮᠠᠯᠵᠢᠬᠤ ᠲᠠᠷᠢᠶᠠᠯᠠᠬᠤ ᠤᠷᠤᠨ ᠳᠠᠬᠢ ᠰᠠᠭᠤᠷᠢ | ᠪᠡᠯᠡᠳᠭᠡᠮᠵᠢ ᠶᠢ ᠪᠦᠳᠦᠭᠡᠨ ᠪᠠᠶᠢᠭᠤᠯᠬᠤ ᠳᠤ ᠤᠷᠳᠤ ᠪᠠ ᠤᠷᠳᠤᠪᠳᠤᠷ ᠬᠤᠭᠤᠴᠠᠭᠠᠨ ᠤ ᠲᠥᠷᠥ ᠶᠢᠨ | ᠪᠤᠳᠤᠯᠭ᠎ᠠ ᠶᠢᠨ ᠴᠢᠨᠠᠷᠲᠠᠢ ᠢᠳᠡᠭᠡᠮᠵᠢᠳᠦ ᠵᠢᠭᠡᠯᠡᠯᠭᠡ ᠶᠢᠨ ᠳᠤᠬᠠᠶᠢᠯᠠᠭᠰᠠᠨ ᠠᠵᠢᠯ ᠢ ᠬᠦᠴᠦᠳᠡᠢ ᠦᠷᠨᠢᠭᠦᠯᠦᠨ᠎ᠡ᠃ | ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠪᠠᠩᠬᠢ ᠶᠢᠨ ᠬᠢᠨ ᠤ ᠮᠠᠯ ᠲᠠᠷᠢᠶᠠᠯᠠᠩ ᠤᠨ ᠠᠵᠤ | ᠠᠬᠤᠶᠢᠯᠠᠯ ᠤᠨ ︽ᠭᠠᠷᠴᠦ ᠶᠠᠪᠤᠬᠤ︾ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠮᠠᠯ ᠲᠠᠷᠢᠶᠠᠯᠠᠩ ᠤᠨ ᠠᠵᠤ | ᠠᠬᠤᠶᠢᠯᠠᠯ ᠤᠨ ᠬᠢᠯᠢ ᠶᠢᠨ ᠭᠠᠳᠠᠨ᠎ᠠ ᠦᠢᠯᠡᠳᠪᠦᠷᠢᠯᠡᠬᠦ ᠰᠠᠭᠤᠷᠢᠨ ᠪᠠ ᠡᠳ᠋ᠰᠢᠭᠦᠯᠬᠦ᠂ ᠬᠦᠮᠦᠷᠭᠡᠯᠡᠨ ᠬᠠᠳᠠᠭᠠᠯᠠᠬᠤ ᠪᠠ | ᠪᠠᠷᠠᠭᠠᠨ ᠤ ᠭᠦᠢᠯᠭᠡᠭᠡᠨ ᠤ ᠪᠡᠯᠡᠳᠭᠡᠮᠵᠢ ᠪᠠᠶᠢᠭᠤᠯᠬᠤ ᠶᠢ ᠳᠡᠮᠵᠢᠨ᠎ᠡ᠃ ᠬᠤᠳᠠᠯᠳᠤᠭᠠᠨ ᠤ ᠪᠠᠩᠬᠢ ᠶᠢ | ᠵᠤᠷᠢᠬᠵᠢᠭᠤᠯᠵᠤ ᠪᠠᠶᠢᠭᠠᠳ ᠤᠷᠤᠨ ᠪᠦᠰᠡ ᠶᠢᠨ ᠤᠨᠴᠠᠯᠢᠭ ᠪᠠ ᠤᠨᠴᠠᠯᠢᠭᠲᠤ ᠮᠠᠯ ᠲᠠᠷᠢᠶᠠᠯᠠᠩ ᠤᠨ ᠠᠵᠤ | ᠦᠢᠯᠡᠰ ᠢ ᠬᠦᠭᠵᠢᠭᠦᠯᠬᠦ ᠶᠢᠨ ᠳᠤᠭᠤᠷᠢᠨ ᠳᠤ᠂ ᠳᠤᠰᠬᠠᠢ ᠡᠵᠡᠩᠨᠡᠭᠰᠡᠨ ᠦᠢᠯᠡᠴᠢᠯᠡᠬᠦ ᠪᠠᠶᠢᠭᠤᠯᠤᠮᠵᠢ ᠪᠠ ᠳᠤᠰᠬᠠᠢ | ᠰᠠᠯᠪᠤᠷᠢ ᠪᠠᠩᠬᠢ ᠪᠠᠶᠢᠭᠤᠯᠵᠤ᠂ ᠬᠡᠰᠡᠭ ᠰᠤᠮᠤ ᠰᠢᠶᠠᠩ ᠪᠠᠯᠭᠠᠰᠤᠨ ᠳᠤ ᠮᠦᠩᠬᠦᠨ ᠭᠦᠢᠯᠭᠡᠭᠡᠨ ᠤ ᠪᠠᠶᠢᠭᠤᠯᠤᠮᠵᠢ | ᠪᠠᠶᠢᠭᠤᠯᠤᠭᠠᠳᠤᠢ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠲᠠᠷᠢᠶᠠᠯᠠᠩ ᠤᠨ ᠪᠠᠩᠬᠢ ᠶᠢᠨ ︽ᠲᠠᠷᠢᠶᠠᠯᠠᠩ | ᠲᠠᠷᠢᠶᠠᠯᠠᠬᠤ ᠤᠷᠤᠨ ᠲᠠᠷᠢᠶᠠᠴᠢᠨ ᠤ ᠮᠦᠩᠭᠦᠨ ᠬᠦᠢᠯᠭᠡᠭᠡᠨ ᠤ ᠠᠵᠢᠯ ᠦᠢᠯᠡᠰ ᠤᠨ ᠬᠡᠯᠲᠡᠰ︾ ᠤᠨ | ᠦᠭᠡᠷᠡᠴᠢᠯᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠲᠤᠤᠷ | ᠴᠡᠭ ᠤᠨ ᠲᠠᠷᠬᠠᠯᠲᠠ ᠨᠢ ᠦᠷᠭᠡᠨ᠂ ᠰᠢᠰᠲ᠋ᠧᠮᠵᠢ ᠶᠢᠨ ᠡᠬᠢ ᠰᠣᠷᠪᠤᠯᠵᠢ ᠨᠢ ᠡᠯᠪᠡᠭ ᠪᠠᠶᠢᠬᠤ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠬᠤᠰᠢᠭᠤ ᠰᠢᠶᠠᠨ ︵ᠬᠤᠲᠠ᠂ ᠳᠤᠭᠤᠷᠢᠭ︶ ᠠᠴᠠ ᠳᠤᠷᠤᠭᠰᠢᠬᠢ | ᠪᠠᠶᠢᠭᠤᠯᠤᠮᠵᠢ ᠨᠤᠭᠤᠳ ᠤᠨ ᠲᠤᠤᠷ ᠴᠡᠭ ᠤᠨ ᠴᠢᠳᠠᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ | ᠢᠲᠡᠭᠡᠮᠵᠢᠲᠦ ᠵᠢᠭᠡᠯᠡᠯᠭᠡ ᠶᠢᠨ ᠳᠤᠬᠠᠶᠢᠯᠠᠭᠰᠠᠨ ᠠᠵᠢᠯ ᠢ ᠦᠨᠳᠦᠰᠦᠨ ᠱᠠᠳᠤᠨ ᠳᠤ ᠴᠢᠭᠯᠡᠭᠦᠯᠦᠨ᠎ᠡ᠃ ᠦᠪᠡᠷᠳᠡᠭᠡᠨ | ᠵᠠᠰᠠᠬᠤ ᠤᠷᠤᠨ ᠤ ᠬᠦᠳᠡᠭᠡ ᠳᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶᠠᠨ ᠤ ᠦᠢᠯᠡᠴᠢᠯᠡᠬᠦ ᠴᠢᠳᠠᠮᠵᠢ ᠶᠢ | ᠤᠯᠠᠮ ᠨᠢᠭᠡ ᠠᠯᠬᠤᠮ ᠴᠢᠩᠭᠠᠷᠠᠭᠤᠯᠵᠤ᠂ ᠬᠦᠳᠡᠭᠡ ᠳᠤᠰᠬᠤᠨ ᠤ ᠬᠤᠷᠰᠢᠭᠰᠠᠨ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠠᠤᠯᠢ ᠶᠢᠨ ᠡᠷᠬᠡᠳᠡᠨ ᠤ ᠵᠠᠰᠠᠯᠲᠠ ᠶᠢᠨ ᠪᠦᠳᠦᠴᠡ ᠪᠠᠨ ᠳᠡᠭᠦᠯᠳᠡᠷᠵᠢᠭᠦᠯᠬᠦ ᠶᠢ ᠦᠷᠭᠦᠯᠵᠢᠯᠡᠨ | ᠠᠬᠢᠭᠤᠯᠵᠤ᠂ ᠮᠠᠯ ᠲᠠᠷᠢᠶᠠᠯᠠᠩ ᠢ ᠳᠡᠮᠵᠢᠬᠦ ᠵᠠᠬ᠎ᠠ ᠳᠡᠯᠭᠡᠭᠦᠷ ᠤᠨ ᠪᠠᠶᠢᠷᠢ ᠳᠤᠭᠲᠠᠭᠠᠯᠲᠠ ᠶᠢ ᠴᠢᠩᠭᠠᠷᠠᠭᠤᠯᠤᠨ᠂ | ᠭᠤᠣᠯ ᠬᠦᠴᠤᠨ ᠤ ᠦᠢᠯᠡᠳᠦᠯ ᠢ ᠪᠠᠳᠠᠷᠠᠭᠤᠯᠤᠨ᠎ᠠ᠃ | ︵ᠬᠤᠶᠠᠷ︶ ᠰᠢᠨ᠎ᠡ ᠬᠡᠯᠪᠡᠷᠢ ᠶᠢᠨ ᠬᠦᠳᠡᠭᠡ ᠳᠤᠰᠬᠤᠨ ᠤ ᠮᠦᠩᠭᠦᠨ ᠭᠦᠢᠯᠭᠡᠭᠡᠨ ᠤ ᠵᠤᠬᠢᠶᠠᠨ | ᠪᠠᠶᠢᠭᠤᠯᠤᠯᠳᠠ ᠶᠢᠨ ᠡᠯ᠎ᠡ ᠲᠦᠷᠦᠯ ᠤᠨ ᠰᠢᠰᠲ᠋ᠧᠮᠵᠢ ᠶᠢ ᠬᠦᠭᠵᠢᠭᠦᠯᠦᠨ ᠲᠡᠭᠦᠯᠳᠡᠷᠵᠢᠭᠦᠯᠦᠨ᠎ᠡ᠃ ᠳᠤᠰᠬᠤᠨ | ᠪᠠᠯᠭᠠᠰᠤᠨ ᠤ ᠪᠠᠩᠬᠢ ᠵᠡᠷᠭᠡ ᠰᠢᠨ᠎ᠡ ᠬᠡᠯᠪᠡᠷᠢ ᠶᠢᠨ ᠬᠦᠳᠡᠭᠡ ᠳᠤᠰᠬᠤᠨ ᠤ ᠮᠦᠩᠭᠦᠨ ᠭᠦᠢᠯᠭᠡᠭᠡᠨ ᠤ ᠵᠤᠬᠢᠶᠠᠨ | ᠪᠠᠶᠢᠭᠤᠯᠤᠯᠳᠠ ᠶᠢ ᠵᠤᠷᠢᠬᠵᠢᠭᠤᠯᠵᠤ ᠪᠠᠶᠢᠭᠠᠳ ᠰᠢᠢᠳᠪᠦᠷᠢᠳᠦ ᠪᠤᠳᠤᠯᠭ᠎ᠠ ᠶᠢᠨ ᠳᠤᠰᠠᠭᠠᠷ ᠴᠢᠨᠠᠷ ᠢᠶᠠᠷ ᠴᠢᠩᠭ᠎ᠠ᠂ | ᠡᠵᠡᠩᠨᠡᠯᠳᠡ ᠶᠢᠨ ᠠᠮᠢᠳᠤᠯᠢᠭ ᠴᠢᠨᠠᠷ ᠢᠶᠠᠷ ᠶᠡᠭᠡ ᠪᠠᠶᠢᠳᠠᠭ ᠤᠨᠴᠠᠯᠢᠭ ᠢ ᠨᠢ ᠬᠦᠢᠴᠡᠳ ᠪᠠᠳᠠᠷᠠᠭᠤᠯᠵᠤ᠂ | ᠵᠢᠭᠡᠯᠡᠯᠭᠡ ᠶᠢᠨ ᠰᠢᠨ᠎ᠡ ᠵᠦᠢᠯ ᠢ ᠢᠳᠡᠪᠬᠢᠳᠡᠢ ᠨᠡᠭᠡᠭᠡᠨ ᠬᠦᠭᠵᠢᠭᠦᠯᠵᠦ᠂ ᠡᠵᠡᠩᠨᠡᠯᠳᠡ ᠶᠢᠨ ᠰᠢᠨ᠎ᠡ ᠵᠠᠭᠪᠤᠷ ᠢ | ᠦᠷᠭᠡᠳᠭᠡᠵᠦ᠂ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ ᠡᠯ᠎ᠡ ᠲᠦᠷᠥᠯ ᠤᠨ ᠡᠵᠡᠩᠨᠡᠯᠳᠡ ᠶᠢᠨ ᠭᠤᠣᠯ | ᠴᠤᠭᠴᠠ ᠶᠢ ᠳᠡᠮᠵᠢᠵᠤ ᠬᠦᠭᠵᠢᠭᠦᠯᠦᠨ᠎ᠡ᠃ ᠪᠡᠯᠡ ᠲᠤᠬᠢᠷᠠᠭᠤᠯᠬᠤ ᠪᠠ ᠳᠦᠷᠢᠶᠡᠰᠦᠯᠡᠯ ᠤᠨ ᠺᠤᠮᠫᠠᠨᠢ ᠶᠢ | ᠵᠤᠷᠢᠬᠵᠢᠭᠤᠯᠵᠤ ᠪᠠᠶᠢᠭᠠᠳ ᠮᠠᠯ ᠲᠠᠷᠢᠶᠠᠯᠠᠩ ᠤᠨ ᠮᠠᠰᠢᠨᠴᠢᠯᠠᠬᠤ ᠤᠨᠴᠠᠯᠢᠭ ᠲᠠᠢ ᠤᠶᠠᠯᠳᠤᠭᠤᠯᠤᠨ᠂ ᠮᠠᠯ | ᠲᠠᠷᠢᠶᠠᠯᠠᠩ ᠳᠤ ᠬᠤᠯᠪᠤᠭᠳᠠᠬᠤ ᠠᠵᠤ ᠠᠬᠤᠶᠢᠯᠠᠯ ᠤᠨ ᠲᠦᠬᠦᠭᠡᠷᠦᠮᠵᠢ ᠶᠢᠨ ᠤᠷᠤᠭᠤᠯᠤᠯᠲᠠ ᠪᠠ ᠮᠡᠷᠭᠡᠵᠢᠯ ᠤᠨ | ᠦᠭᠡᠷᠡᠴᠢᠯᠡᠯᠳᠡ ᠰᠢᠨᠡᠴᠢᠯᠡᠯᠳᠡ ᠶᠢᠨ ᠲᠠᠯ᠎ᠠ ᠳᠠᠬᠢ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠨᠡᠩ | ᠬᠠᠩᠭᠠᠯᠲᠠᠲᠠᠢ ᠪᠤᠯᠭᠠᠨ᠎ᠠ᠃ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠶᠢ ᠵᠢᠷᠦᠮᠵᠢᠭᠤᠯᠤᠨ ᠬᠦᠭᠵᠢᠭᠦᠯᠵᠤ᠂ ︽ | ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠳᠤ ᠦᠢᠯᠡᠴᠢᠯᠡᠭᠰᠡᠨ ᠪᠠ ᠪᠠᠭ᠎ᠠ | ᠲᠣᠭᠠᠨ ᠤ ᠪᠦᠭᠡᠳ ᠲᠠᠷᠠᠬᠠᠢ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠳᠠᠯᠪᠢᠬᠤ ᠵᠠᠷᠴᠢᠮ ᠢ ᠪᠠᠷᠢᠮᠳᠠᠯᠠᠵᠤ᠂ ᠮᠠᠯᠵᠢᠬᠤ | ᠲᠠᠷᠢᠶᠠᠯᠠᠬᠤ ᠡᠷᠦᠬᠡ ᠶᠢᠨ ᠵᠢᠭᠡᠯᠡᠯᠭᠡ ᠠᠪᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠮᠠᠯ ᠲᠠᠷᠢᠶᠠᠯᠠᠩ ᠤᠨ ᠪᠡᠯᠡ | ᠳᠤᠬᠢᠷᠠᠭᠤᠯᠬᠤ ᠳᠤ ᠳᠠᠭᠠᠭᠠᠯᠲᠠ ᠬᠢᠬᠦ ᠰᠢᠰᠲ᠋ᠧᠮᠵᠢ ᠶᠢ ᠪᠦᠷᠢᠨᠰᠢᠭᠦᠯᠵᠤ᠂ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ | ᠤᠷᠤᠨ ᠮᠠᠯᠴᠢᠨ ᠲᠠᠷᠢᠶᠠᠴᠢᠨ︾ ᠤ ᠪᠡᠯᠡ ᠳᠤᠬᠢᠷᠠᠭᠤᠯᠬᠤ ᠳᠤ ᠢᠲᠡᠭᠡᠮᠵᠢ ᠶᠢ ᠨᠢ ᠨᠡᠮᠡᠭᠳᠡᠭᠦᠯᠬᠦ ᠦᠢᠯᠡᠴᠢᠯᠡᠭᠡ | ᠬᠠᠩᠭᠠᠬᠤ ᠡᠷᠴᠢᠮ ᠢ ᠴᠢᠩᠭᠠᠷᠠᠭᠤᠯᠤᠨ᠎ᠠ᠃ | ︵ᠭᠤᠷᠪᠠ︶ ᠳᠠᠭᠠᠳᠬᠠᠯ ᠤᠨ ᠵᠦᠢᠯ ᠨᠢ ᠪᠦᠷᠢᠨ᠂ ᠬᠠᠮᠤᠷᠠᠬᠤ ᠬᠡᠪᠴᠢᠶ᠎ᠡ ᠨᠢ ᠦᠷᠭᠡᠨ ᠪᠠᠶᠢᠬᠤ | ᠳᠠᠭᠠᠳᠬᠠᠯ ᠢᠶᠠᠷ ᠪᠠᠳᠤᠯᠠᠬᠤ ᠰᠢᠰᠲ᠋ᠧᠮᠵᠢ ᠶᠢ ᠪᠠᠶᠢᠭᠤᠯᠤᠨ ᠳᠡᠭᠦᠯᠳᠡᠷᠵᠢᠭᠦᠯᠦᠨ᠎ᠡ᠃ ᠰᠢᠶᠠᠨ ᠤ ᠬᠡᠪᠴᠢᠶᠡᠨ ᠳᠠᠬᠢ ᠮᠠᠯ | ᠲᠠᠷᠢᠶᠠᠯᠠᠩ ᠤᠨ ᠳᠠᠭᠠᠳᠬᠠᠯ ᠡᠵᠡᠩᠨᠡᠬᠦ ᠭᠤᠣᠯ ᠴᠤᠭᠴᠠ ᠶᠢᠨ ᠬᠠᠷᠢᠴᠠᠩᠭᠤᠢ ᠳᠤᠭᠳᠠᠭᠤᠨ ᠪᠠᠶᠢᠬᠤ ᠶᠢ | ᠪᠠᠳᠤᠯᠠᠬᠤ ᠶᠢᠨ ᠬᠠᠮᠳᠤ᠂ ᠳᠠᠭᠠᠳᠬᠠᠯ ᠤᠨ ᠪᠠᠶᠢᠭᠤᠯᠤᠮᠵᠢ ᠶᠢ ᠵᠤᠷᠢᠬᠵᠢᠭᠤᠯᠵᠤ ᠬᠦᠳᠦᠯᠦᠨ ᠵᠢᠯᠤᠭᠤᠳᠴᠦ | ᠪᠠᠶᠢᠭᠠᠳ ᠳᠠᠭᠠᠳᠬᠠᠯ ᠤᠨ ᠦᠢᠯᠡᠴᠢᠯᠡᠬᠦ ᠳᠤᠤᠷ ᠴᠡᠭ ᠢ ᠰᠤᠮᠤ ᠰᠢᠶᠠᠩ ᠪᠠᠯᠭᠠᠰᠤ ᠭᠠᠴᠠᠭ᠎ᠠ ᠳᠤᠰᠬᠤᠨ ᠬᠤᠶᠠᠷ | ᠱᠠᠳᠤᠨ ᠳᠡᠶᠢᠰᠢ ᠤᠷᠳᠤᠳᠬᠠᠨ᠂ ᠮᠠᠯᠵᠢᠬᠤ ᠲᠠᠷᠢᠶᠠᠯᠠᠬᠤ ᠤᠷᠤᠨ ᠳᠠᠬᠢ ᠳᠠᠭᠠᠳᠬᠠᠯ ᠤᠨ ᠦᠢᠯᠡᠴᠢᠯᠡᠬᠦ ᠲᠣᠣᠷ | ᠴᠡᠭ ᠤᠨ ᠪᠡᠯᠡ ᠮᠦᠩᠬᠦ᠂ ᠬᠦᠮᠦᠨ ᠤ ᠬᠦᠴᠦᠨ ᠪᠠ ᠮᠡᠷᠭᠡᠵᠢᠯ ᠤᠨ ᠳᠡᠮᠵᠢᠯᠭᠡ ᠶᠢ ᠦᠷᠭᠦᠯᠵᠢᠯᠡᠨ ᠨᠡᠮᠡᠭᠳᠡᠭᠦᠯᠵᠦ᠂ | ᠳᠠᠭᠠᠳᠬᠠᠯ ᠤᠨ ᠠᠵᠢᠯᠳᠠᠨ᠂ ᠨᠡᠷᠡᠳᠭᠦᠨ᠂ ᠦᠢᠯᠡᠴᠢᠯᠡᠭᠡ ︽ᠭᠤᠷᠪᠠ ᠶᠢ ᠬᠦᠳᠡᠭᠡ ᠪᠠᠭᠤᠯᠭᠠᠬᠤ︾ ᠶᠢ ᠨᠢ | ᠠᠬᠢᠭᠤᠯᠤᠨ᠎ᠠ᠃ ᠠᠮᠤ ᠪᠤᠳᠠᠭ᠎ᠠ ᠲᠠᠷᠢᠵᠤ ᠦᠢᠯᠡᠳᠪᠦᠷᠢᠯᠡᠬᠦ ᠴᠢᠳᠠᠮᠵᠢᠲᠤ ᠤᠷᠤᠨ᠂ ᠴᠢᠬᠤᠯᠠ ᠲᠠᠷᠢᠶᠠᠯᠠᠩ ᠤᠨ | ᠪᠦᠳᠦᠭᠡᠭᠳᠡᠭᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠤᠷᠤᠨ᠂ ᠤᠨᠴᠠᠯᠢᠭᠳᠤ ᠲᠠᠷᠢᠶᠠᠯᠠᠩ ᠤᠨ | ᠪᠦᠳᠦᠭᠡᠭᠳᠡᠭᠦᠨ ᠤ ᠳᠠᠪᠠᠭᠤᠯᠢᠭ ᠤᠷᠤᠨ ᠳᠠᠬᠢ ᠮᠠᠯ ᠲᠠᠷᠢᠶᠠᠯᠠᠩ ᠤᠨ ᠳᠠᠭᠠᠳᠬᠠᠯ ᠤᠨ ᠦᠢᠯᠡᠴᠢᠯᠡᠬᠦ ᠬᠢᠷᠢ | ᠲᠥᠪᠰᠢᠨ ᠢ ᠳᠡᠭᠡᠭᠰᠢᠯᠡᠭᠦᠯᠵᠦ᠂ ᠭᠠᠷᠳᠠᠨ ᠭᠦᠢᠴᠡᠳᠭᠡᠬᠦ ᠪᠠᠶᠢᠭᠤᠯᠤᠮᠵᠢ ᠶᠢ ᠵᠤᠷᠢᠬᠵᠢᠭᠤᠯᠵᠤ ᠪᠠᠶᠢᠭᠠᠳ ᠤᠷᠤᠨ | ᠪᠦᠰᠡ ᠶᠢᠨ ᠤᠨᠴᠠᠯᠢᠭᠳᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠳᠦᠭᠡᠭᠳᠡᠭᠦᠨ ᠪᠠ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠳᠤᠯᠭᠠᠭᠤᠷᠢᠯᠠᠬᠤ ᠪᠦᠳᠦᠭᠡᠭᠳᠡᠭᠦᠨ ᠳᠤ ᠴᠢᠭᠯᠡᠭᠦᠯᠦᠭᠰᠡᠨ ᠰᠢᠨ᠎ᠡ ᠳᠠᠭᠠᠳᠬᠠᠯ ᠤᠨ ᠨᠡᠷᠡᠳᠭᠦᠨ ᠢ | ᠨᠡᠭᠡᠭᠡᠨ ᠬᠦᠭᠵᠢᠭᠦᠯᠵᠤ᠂ ᠮᠠᠯ ᠲᠠᠷᠢᠶᠠᠯᠠᠩ ᠤᠨ ᠳᠠᠭᠠᠳᠬᠠᠯ ᠤᠨ ᠤᠯᠠᠨ ᠳᠡᠰ ᠳᠠᠪᠬᠤᠷᠭ᠎ᠠ ᠲᠠᠢ ᠪᠠᠲᠤᠯᠠᠭ᠎ᠠ ᠶᠢᠨ | ᠰᠢᠰᠲ᠋ᠧᠮᠵᠢ ᠪᠠᠶᠢᠭᠤᠯᠬᠤ ᠶᠢ ᠠᠯᠬᠤᠮ ᠠᠯᠬᠤᠮ ᠢᠶᠠᠷ ᠰᠦᠪᠡᠭᠴᠢᠯᠡᠨ᠎ᠠ᠃ | ︵ᠳᠦᠷᠪᠡ︶ ᠮᠦᠩᠭᠦᠨ ᠭᠦᠢᠯᠭᠡᠭᠡᠨ ᠤ ᠦᠢᠯᠡᠴᠢᠯᠡᠬᠦ ᠳᠤᠰᠬᠠᠶᠢᠵᠢᠭᠰᠠᠨ ᠵᠠᠭᠤᠴᠢ ᠰᠢᠰᠲ᠋ᠧᠮᠵᠢ ᠶᠢ | ᠰᠦᠪᠡᠭᠴᠢᠯᠡᠨ ᠪᠠᠶᠢᠭᠤᠯᠤᠨ᠎ᠠ᠃ ᠮᠠᠯ ᠲᠠᠷᠢᠶᠠᠯᠠᠩ ᠤᠨ ᠶᠡᠷᠦᠩᠬᠡᠶᠢᠯᠡᠭᠰᠡᠨ ᠥᠮᠴᠢᠯᠡᠯ ᠤᠨ ᠡᠷᠬᠡ ᠶᠢ ᠡᠷᠭᠢᠯᠳᠦᠭᠦᠯᠦᠨ | ᠠᠷᠠᠯᠵᠢᠶᠠᠯᠠᠬᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠪᠦᠷᠢᠨᠰᠢᠭᠦᠯᠦᠨ ᠳᠡᠭᠦᠯᠳᠡᠷᠵᠢᠭᠦᠯᠵᠤ᠂ ᠮᠠᠯᠵᠢᠬᠤ | ᠲᠠᠷᠢᠶᠠᠯᠠᠬᠤ ᠤᠷᠤᠨ ᠤ ᠦᠮᠴᠢᠯᠡᠯ ᠤᠨ ᠡᠷᠬᠡ ᠶᠢ ᠡᠷᠭᠢᠯᠳᠦᠭᠦᠯᠦᠨ ᠠᠷᠠᠯᠵᠢᠶᠠᠯᠠᠬᠤ ᠶᠡᠷᠦᠩᠬᠡᠶᠢᠯᠡᠭᠰᠡᠨ ᠦᠢᠯᠡᠴᠢᠯᠡᠬᠦ | ᠡᠯ᠎ᠡ ᠲᠦᠷᠦᠯ ᠤᠨ ᠳᠠᠪᠴᠠᠩ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠥᠮᠴᠢᠯᠡᠯ ᠤᠨ ᠡᠷᠬᠡ ᠶᠢ | ᠳᠠᠩᠰᠠᠯᠠᠨ ᠳᠡᠮᠳᠡᠭᠯᠡᠬᠦ ᠮᠡᠳᠡᠭᠡ ᠵᠠᠩᠭᠢ ᠶᠢ ᠪᠦᠳᠦᠮᠵᠢᠳᠡᠢ ᠨᠢᠭᠡᠳᠭᠡᠵᠦ ᠠᠰᠢᠭᠯᠠᠨ᠂ ᠮᠠᠯᠵᠢᠬᠤ ᠲᠠᠷᠢᠶᠠᠯᠠᠬᠤ | ᠤᠷᠤᠨ ᠤ ᠤᠳᠤ ᠪᠠᠶᠢᠭ᠎ᠠ ᠡᠬᠢ ᠪᠠᠶᠠᠯᠢᠭ ᠢ ᠭᠦᠢᠯᠭᠡᠭᠡᠨ ᠲᠠᠢ ᠪᠣᠯᠭᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠡᠳ᠋ | ᠬᠦᠷᠦᠩᠭᠡ ᠶᠢ ᠦᠨᠡᠯᠡᠨ ᠵᠢᠱᠢᠬᠦ᠂ ᠬᠢᠷᠢ ᠴᠢᠳᠠᠮᠵᠢ ᠶᠢᠨ ᠢᠳᠡᠭᠡᠮᠵᠢ ᠶᠢ ᠳᠡᠰ ᠰᠢᠯᠭᠠᠷᠠᠭᠤᠯᠬᠤ᠂ ᠪᠡᠯᠡ | ᠲᠣᠬᠢᠷᠠᠭᠤᠯᠬᠤ ᠶᠢᠨ ᠵᠦᠪᠯᠡᠯᠭᠡ ᠠᠪᠬᠤ᠂ ᠳᠠᠭᠠᠳᠬᠠᠯ ᠤᠨ ᠵᠠᠭᠤᠴᠢ ᠵᠡᠷᠭᠡ ᠵᠠᠭᠤᠴᠢᠯᠠᠨ ᠦᠢᠯᠡᠴᠢᠯᠡᠬᠦ ᠵᠤᠬᠢᠶᠠᠨ | ᠪᠠᠶᠢᠭᠤᠯᠤᠯᠳᠠ ᠶᠢ ᠪᠤᠶᠢᠵᠢᠭᠤᠯᠤᠨ ᠬᠦᠭᠵᠢᠭᠦᠯᠵᠦ᠂ ᠳᠤᠰᠬᠠᠶᠢᠵᠢᠭᠰᠠᠨ ᠵᠠᠭᠤᠴᠢ ᠦᠢᠯᠡᠴᠢᠯᠡᠭᠡᠨ ᠤ ᠰᠢᠰᠲ᠋ᠧᠮᠵᠢ ᠶᠢ | ᠠᠯᠬᠤᠮ ᠠᠯᠬᠤᠮ ᠢᠶᠠᠷ ᠴᠤᠭᠴᠠᠯᠠᠨ ᠪᠠᠶᠢᠭᠤᠯᠤᠨ᠎ᠠ᠃ | ᠭᠤᠷᠪᠠ᠂ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠳᠡ ᠶᠢ | ᠳᠠᠮᠵᠢᠨ᠎ᠡ | ︵ᠲᠠᠪᠤ︶ ᠵᠤᠭᠤᠰᠤᠨ ᠤ ᠲᠥᠷᠥ ᠶᠢᠨ ᠪᠤᠳᠤᠯᠭ᠎ᠠ ᠶᠢᠨ ᠪᠠᠭᠠᠵᠢ ᠶᠢᠨ ᠤᠳᠤᠷᠢᠳᠤᠮᠵᠢ ᠪᠣᠯᠬᠤ ᠦᠢᠯᠡᠳᠦᠯ ᠢ | ᠬᠦᠢᠴᠡᠳ ᠪᠠᠳᠠᠷᠠᠭᠤᠯᠤᠨ᠎ᠠ᠃ ᠨᠡᠶᠢᠳᠡᠮ ᠬᠠᠷᠠᠭᠠᠯᠵᠠᠯ ᠦᠵᠡᠭᠦᠯᠬᠦ ᠮᠦᠩᠭᠦᠨ ᠭᠦᠢᠯᠭᠡᠬᠡᠨ ᠤ ᠵᠢᠭᠡᠯᠡᠯᠭᠡ ᠪᠠ | ᠬᠠᠳᠠᠭᠠᠯᠠᠮᠵᠢ ᠶᠢᠨ ᠦᠨᠳᠦᠰᠦᠨ ᠪᠠᠷᠢᠮᠵᠢᠶᠠᠳᠤ ᠬᠦᠦ ᠮᠦᠩᠬᠦ ᠲᠦᠯᠦᠬᠦ ᠶᠢ ᠬᠠᠨᠳᠤᠯᠭ᠎ᠠ ᠲᠠᠢ ᠪᠠᠷ ᠪᠠᠭᠤᠷᠠᠭᠤᠯᠬᠤ | ᠲᠥᠷᠥ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠤᠷᠢᠬᠵᠢᠭᠤᠯᠵᠤ ᠪᠠᠶᠢᠭᠠᠳ ᠲᠠᠷᠢᠶᠠᠯᠠᠬᠤ ᠡᠷᠦᠬᠡ ᠶᠢᠨ ᠦᠢᠯᠡᠳᠪᠦᠷᠢᠯᠡᠯ ᠡᠵᠡᠩᠨᠡᠯᠳᠡ ᠶᠢᠨ ᠵᠢᠭᠡᠯᠡᠯᠭᠡ᠂ ᠦᠢᠯᠡᠰ | ᠴᠤᠭᠴᠠᠯᠠᠬᠤ ᠳᠠᠭᠠᠭᠠᠯᠲᠠ ᠲᠠᠢ ᠵᠢᠭᠡᠯᠡᠯᠭᠡ᠂ ᠰᠤᠷᠤᠯᠭ᠎ᠠ ᠳᠡᠳᠭᠦᠭᠦ ᠵᠢᠭᠡᠯᠡᠯᠭᠡ ᠵᠡᠷᠭᠡ ᠶᠢ ᠳᠠᠯᠪᠢᠭᠤᠯᠤᠨ᠎ᠠ᠃ | ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠳᠡᠮᠵᠢᠬᠦ ᠡᠷᠴᠢᠮ ᠢᠶᠠᠷ ᠴᠢᠩᠭ᠎ᠠ | ᠦᠷ᠎ᠡ ᠳ᠋ᠦᠩ ᠢᠶᠠᠷ ᠰᠠᠶᠢᠨ ᠭᠠᠵᠠᠷ ᠤᠷᠤᠨ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠳᠠᠬᠢᠨ | ᠵᠢᠭᠡᠯᠡᠯᠭᠡ ᠠᠪᠬᠤ ᠪᠠ ᠳᠠᠬᠢᠨ ᠰᠠᠭᠤᠳᠬᠠᠯ ᠲᠠᠢ ᠵᠤᠭᠤᠰ ᠰᠤᠯᠢᠬᠤ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠡᠷ | ᠬᠠᠩᠭᠠᠨ᠎ᠠ᠃ ︽ᠨᠢᠭᠡ ᠤᠳᠠᠭ᠎ᠠ ᠳᠤ ᠢᠳᠡᠭᠡᠮᠵᠢ ᠣᠯᠭᠤᠭᠰᠠᠭᠠᠷ ᠤᠯᠠᠨᠲᠠ ᠬᠡᠷᠡᠭᠯᠡᠵᠦ ᠪᠣᠯᠬᠤ︾ ᠵᠠᠭᠪᠤᠷ ᠢ | ᠬᠡᠷᠡᠭᠯᠡᠵᠦ᠂ ᠳᠠᠬᠢᠨ ᠵᠢᠭᠡᠯᠡᠯᠭᠡ ᠶᠢᠨ ᠬᠢᠨᠠᠨ ᠵᠦᠪᠰᠢᠶᠡᠷᠴᠦ ᠣᠯᠭᠤᠬᠤ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ᠃ | ᠬᠡᠪ ᠤᠨ ᠨᠡᠶᠢᠳᠡᠮ ᠬᠠᠷᠠᠭᠠᠯᠵᠠᠬᠤ ᠲᠥᠷᠥᠯᠵᠢᠯ ᠤᠨ ᠵᠢᠵᠢᠭ ᠪᠢᠴᠢᠯ ᠵᠢᠭᠡᠯᠡᠯᠭᠡ ᠪᠠ ᠵᠦᠢ ᠶᠤᠰᠤᠨ ᠤ ᠵᠢᠭᠡᠯᠡᠯᠭᠡ ᠶᠢ | ᠲᠥᠪ ᠪᠠᠩᠬᠢ ᠶᠢᠨ ᠬᠦᠯᠢᠶᠡᠨ ᠠᠪᠴᠦ ᠪᠣᠯᠬᠤ ᠬᠢᠷᠢ ᠲᠡᠩᠴᠡᠭᠰᠡᠨ ᠳᠠᠨᠵᠢᠯᠠᠬᠤ ᠡᠳ᠋ ᠤᠨ ᠬᠡᠪᠴᠢᠶᠡᠨ ᠳᠤ ᠪᠠᠭᠲᠠᠭᠠᠨ | ᠤᠷᠤᠭᠤᠯᠤᠨ᠎ᠠ᠃ ᠵᠤᠭᠤᠰᠤᠨ ᠤ ᠨᠢᠭᠡᠴᠢ ᠨᠢ 500 ᠲᠦᠮᠡᠨ ᠲᠦᠭᠦᠷᠢᠭ ᠠᠴᠠ ᠳᠤᠷᠤᠭᠰᠢ ᠪᠠᠶᠢᠭ᠎ᠠ | ᠲᠠᠷᠢᠶᠠᠯᠠᠩ ᠳᠤ ᠬᠤᠯᠪᠤᠭᠳᠠᠭᠰᠠᠨ ᠪᠠᠷᠢᠮᠳᠠ ᠳᠤ ᠳᠠᠬᠢᠨ ᠰᠠᠭᠤᠳᠬᠠᠯ ᠲᠠᠢ ᠵᠤᠭᠤᠰ ᠰᠤᠯᠢᠬᠤ ᠶᠢ ᠤᠷᠢᠳ ᠢᠶᠠᠷ | ᠭᠦᠢᠴᠡᠳᠭᠡᠵᠦ ᠦᠭᠭᠦᠨ᠎ᠡ᠃ | ︵ᠵᠢᠷᠭᠤᠭ᠎ᠠ︶ ᠲᠥᠷᠥ ᠶᠢᠨ ᠪᠤᠳᠤᠯᠭ᠎ᠠ ᠪᠠᠷ ᠤᠳᠤᠷᠢᠳᠤᠮᠵᠢ ᠪᠤᠯᠭᠠᠭᠰᠠᠨ ᠦᠢᠯᠡᠳᠦᠯ ᠢ ᠦᠨᠡᠯᠡᠨ ᠵᠢᠱᠢᠬᠦ | ᠪᠠ ᠰᠢᠯᠭᠠᠨ ᠬᠢᠨᠠᠬᠤ ᠶᠢ ᠴᠢᠩᠭᠠᠳᠬᠠᠨ᠎ᠠ᠃ ᠬᠤᠷᠸ᠎ᠠ ᠳᠠᠯ᠎ᠠ ᠶᠢᠨ ᠬᠢᠨᠠᠭᠤᠷ ᠪᠤᠯᠭᠤᠮᠵᠢᠲᠠᠢ ᠪᠠᠷ ᠦᠨᠡᠯᠡᠨ ᠵᠢᠱᠢᠬᠦ | ᠦᠢᠯᠡᠳᠦᠯ ᠢ ᠪᠠᠳᠠᠷᠠᠭᠤᠯᠵᠤ᠂ ᠤᠷᠤᠨ ᠨᠤᠲᠤᠭ ᠤᠨ ᠬᠠᠤᠯᠢ ᠶᠢᠨ ᠡᠷᠬᠡᠳᠡᠨ ᠲᠠᠢ ᠮᠦᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠢ ᠬᠦᠳᠦᠯᠦᠨ ᠵᠢᠯᠤᠭᠤᠳᠴᠦ ᠪᠠᠶᠢᠭᠠᠳ ᠶᠠᠳᠠᠭᠤ ᠬᠦᠴᠢᠷᠳᠡᠯᠳᠡᠢ ᠭᠠᠵᠠᠷ ᠤᠷᠤᠨ ᠪᠠ ︽ | ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠳᠤ ᠢᠳᠡᠭᠡᠮᠵᠢᠳᠦ ᠵᠢᠭᠡᠯᠡᠯᠭᠡ ᠶᠢᠨ | ᠳᠡᠮᠵᠢᠯᠭᠡ ᠦᠵᠡᠭᠦᠯᠬᠦ ᠶᠢ ᠴᠢᠩᠭᠠᠷᠠᠭᠤᠯᠤᠨ᠎ᠠ᠃ ᠲᠠᠷᠢᠶᠠᠯᠠᠩ᠂ ᠵᠢᠵᠢᠭ ᠪᠢᠴᠢᠯ ᠠᠵᠤ ᠠᠬᠤᠶᠢᠯᠠᠯ ᠤᠨ ᠢᠳᠡᠭᠡᠮᠵᠢᠳᠦ | ᠵᠢᠭᠡᠯᠡᠯᠭᠡ ᠳᠤ ᠬᠤᠯᠪᠤᠭᠳᠠᠭᠰᠠᠨ ᠲᠥᠷᠥ ᠶᠢᠨ ᠪᠤᠳᠤᠯᠭ᠎ᠠ ᠪᠠᠷ ᠤᠳᠤᠷᠢᠳᠤᠮᠵᠢ ᠪᠤᠯᠭᠠᠭᠰᠠᠨ ᠦᠢᠯᠡᠳᠦᠯ ᠢ ᠦᠨᠡᠯᠡᠨ | ᠵᠢᠱᠢᠬᠦ ᠪᠠ ᠮᠦᠩᠭᠦᠨ ᠭᠦᠢᠯᠭᠡᠬᠡ ᠪᠠᠷ ᠶᠠᠳᠠᠭᠤ ᠶᠢ ᠳᠡᠳᠭᠦᠭᠦ ᠲᠥᠷᠥ ᠶᠢᠨ ᠪᠤᠳᠤᠯᠭ᠎ᠠ ᠶᠢᠨ ᠦᠢᠯᠡᠳᠦᠯ ᠢ ᠦᠨᠡᠯᠡᠨ | ᠵᠢᠱᠢᠬᠦ ᠠᠵᠢᠯ ᠢ ᠭᠦᠨᠵᠡᠭᠡᠢ ᠦᠷᠨᠢᠭᠦᠯᠵᠤ᠂ ᠬᠤᠷᠸ᠎ᠠ ᠳᠠᠯ᠎ᠠ ᠶᠢᠨ ᠬᠢᠨᠠᠭᠤᠷ ᠪᠤᠯᠭᠤᠮᠵᠢᠲᠠᠢ ᠪᠠᠷ ᠦᠨᠡᠯᠡᠨ ᠵᠢᠱᠢᠬᠦ᠂ | ᠶᠠᠳᠠᠭᠤ ᠶᠢ ᠳᠡᠳᠭᠦᠭᠦ ᠳᠠᠬᠢᠨ ᠵᠢᠭᠡᠯᠡᠯᠭᠡ ᠶᠢ ᠬᠡᠷᠡᠭᠯᠡᠬᠦ ᠵᠢᠴᠢ ᠣᠨ ᠤ ᠶᠡᠷᠦᠩᠬᠡᠶᠢᠯᠡᠭᠰᠡᠨ ᠦᠨᠡᠯᠡᠨ ᠵᠢᠱᠢᠬᠦ᠂ ᠵᠠᠬ᠎ᠠ | ᠳᠡᠯᠭᠡᠭᠦᠷ ᠲᠤ ᠵᠦᠪᠰᠢᠶᠡᠷᠡᠨ ᠣᠷᠤᠭᠤᠯᠬᠤ᠂ ᠬᠢᠨᠠᠨ ᠬᠠᠮᠢᠶᠠᠷᠴᠤ ᠳᠡᠰ ᠰᠢᠯᠭᠠᠷᠠᠭᠤᠯᠬᠤ ᠵᠡᠷᠭᠡ ᠶᠢ ᠤᠷᠭᠠᠨᠢᠭ ᠢᠶᠠᠷ | ᠤᠶᠠᠯᠳᠤᠭᠤᠯᠵᠤ᠂ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢ ᠬᠦᠳᠦᠯᠦᠨ ᠵᠢᠯᠤᠭᠤᠳᠴᠦ ᠪᠠᠶᠢᠭᠠᠳ ᠮᠦᠩᠭᠦᠨ | ᠭᠦᠢᠯᠭᠡᠭᠡᠨ ᠢᠶᠠᠷ ᠲᠠᠷᠢᠶᠠᠯᠠᠩ ᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ | ︵ᠳᠤᠯᠤᠭ᠎ᠠ︶ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ | ᠦᠭᠡᠷᠡᠴᠢᠯᠡᠯᠳᠡ ᠳᠠᠬᠢ ᠢᠳᠡᠭᠡᠮᠵᠢᠳᠦ ᠵᠢᠭᠡᠯᠡᠯᠭᠡ ᠶᠢᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠮᠠᠯ | ᠲᠠᠷᠢᠶᠠᠯᠠᠩ ᠤᠨ ᠭᠠᠷᠤᠯᠲᠠ ᠪᠠᠨ ᠨᠡᠮᠡᠭᠳᠡᠭᠦᠯᠬᠦ ᠪᠠᠷ ᠤᠳᠤᠷᠢᠳᠤᠮᠵᠢ ᠪᠤᠯᠭᠠᠵᠤ ᠪᠠᠶᠢᠭᠰᠠᠨ ᠢ ᠶᠠᠰᠤ ᠴᠢᠨᠠᠷ ᠢᠶᠠᠨ | ᠳᠡᠭᠡᠭᠰᠢᠯᠡᠭᠦᠯᠬᠦ ᠪᠠᠷ ᠤᠳᠤᠷᠢᠳᠤᠮᠵᠢ ᠪᠤᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠲᠤᠰ ᠭᠠᠵᠠᠷ ᠤᠨ ᠡᠬᠢ | ᠪᠠᠶᠠᠯᠢᠭ ᠤᠨ ᠤᠭ ᠰᠤᠷᠪᠤᠯᠵᠢ ᠶᠢ ᠪᠤᠳᠤᠯᠬᠢᠯᠠᠨ᠂ ᠤᠷᠤᠨ ᠨᠤᠲᠤᠭ ᠤᠨ ᠠᠵᠤ ᠦᠢᠯᠡᠰ ᠢ ᠬᠦᠭᠵᠢᠭᠦᠯᠬᠦ ᠬᠦᠴᠦᠯᠡᠬᠦ | ᠴᠡᠭ ᠢ ᠤᠨᠤᠪᠴᠢᠳᠠᠢ ᠡᠷᠢᠨ ᠣᠯᠵᠤ᠂ ︽ᠪᠤᠬᠢᠷᠳᠤᠯ ᠪᠠ ᠡᠨᠧᠷᠬᠢ ᠶᠢᠨ ᠬᠤᠷᠤᠭᠳᠠᠯ ᠶᠡᠬᠡᠳᠡᠢ ᠪᠠ ᠦᠢᠯᠡᠳᠪᠦᠷᠢᠯᠡᠬᠦ | ᠴᠢᠳᠠᠮᠵᠢ ᠨᠢ ᠦᠯᠡᠭᠦᠳᠡᠭᠰᠡᠨ︾ ᠠᠵᠢᠯ ᠲᠥᠷᠥᠯ ᠤᠨ ᠢᠳᠡᠭᠡᠮᠵᠢᠳᠦ ᠵᠢᠭᠡᠯᠡᠯᠭᠡ ᠠᠪᠬᠤ ᠬᠡᠪᠴᠢᠶ᠎ᠡ ᠶᠢ ᠡᠮᠬᠢ | ᠵᠢᠷᠦᠮ ᠲᠠᠢ ᠪᠠᠭᠠᠰᠬᠠᠵᠤ᠂ ᠨᠡᠩ ᠤᠯᠠᠨ ᠡᠬᠢ ᠪᠠᠶᠠᠯᠢᠭ ᠢ ᠮᠠᠯ ᠲᠠᠷᠢᠶᠠᠯᠠᠩ ᠤᠨ ᠴᠢᠨᠠᠷᠵᠢᠭᠤᠨ ᠬᠦᠭᠵᠢᠬᠦ ᠶᠢ | ᠲᠦᠯᠬᠢᠨ ᠠᠬᠢᠭᠤᠯᠬᠤ ᠳᠤ ᠬᠡᠷᠡᠭᠯᠡᠵᠦ᠂ ᠮᠠᠯᠵᠢᠬᠤ ᠲᠠᠷᠢᠶᠠᠯᠠᠬᠤ ᠤᠷᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠦᠢᠯᠡᠰ ᠤᠨ ᠤᠶᠠᠯᠳᠤᠨ ᠬᠦᠭᠵᠢᠬᠦ ᠪᠠ ᠤᠯᠠᠮᠵᠢᠯᠠᠯᠳᠤ ᠮᠠᠯ ᠲᠠᠷᠢᠶᠠᠯᠠᠩ ᠤᠨ ᠠᠵᠤ ᠠᠬᠤᠶᠢᠯᠠᠯ ᠤᠨ | ᠦᠢᠯᠡᠳᠪᠦᠷᠢᠯᠡᠬᠦ ᠬᠡᠯᠪᠡᠷᠢ ᠪᠠᠨ ᠦᠭᠡᠷᠡᠴᠢᠯᠡᠬᠦ ᠶᠢ ᠳᠡᠮᠵᠢᠵᠦ᠂ ᠦᠷ᠎ᠡ ᠪᠦᠳᠦᠮᠵᠢ ᠦᠭᠡᠢ ᠬᠠᠩᠭᠠᠯᠭ᠎ᠠ ᠶᠢ | ᠪᠠᠭᠠᠰᠬᠠᠬᠤ ᠪᠠ ᠦᠷ᠎ᠡ ᠪᠦᠳᠦᠮᠵᠢ ᠲᠠᠢ ᠬᠠᠩᠭᠠᠯᠭ᠎ᠠ ᠪᠠᠨ ᠦᠷᠭᠡᠳᠭᠡᠬᠦ ᠶᠢ ᠲᠦᠯᠬᠢᠨ ᠠᠬᠢᠭᠤᠯᠤᠨ᠎ᠠ᠃ | ︵ᠨᠠᠢᠮᠠ︶ ᠵᠦᠢ ᠶᠤᠰᠤᠨ ᠤ ᠢᠳᠡᠭᠡᠮᠵᠢᠳᠦ ᠵᠢᠭᠡᠯᠡᠯᠭᠡ ᠳᠠᠯᠪᠢᠬᠤ ᠡᠷᠴᠢᠮ ᠢ ᠴᠢᠩᠭᠠᠷᠠᠭᠤᠯᠤᠨ᠎ᠠ᠃ ᠡᠯ᠎ᠡ | ᠮᠦᠩᠭᠦᠨ ᠭᠦᠢᠯᠭᠡᠭᠡᠨ ᠤ ᠪᠠᠶᠢᠭᠤᠯᠤᠮᠵᠢ ᠨᠢ ᠪᠤᠬᠢᠷᠳᠤᠯ ᠦᠭᠡᠢ ᠪᠦᠳᠦᠭᠡᠨ ᠪᠠᠶᠢᠭᠤᠯᠬᠤ ᠵᠦᠢᠯᠡᠰ ᠲᠤ ᠳᠤᠰᠬᠠᠢ | ᠵᠢᠭᠡᠯᠡᠯᠭᠡ ᠶᠢᠨ ᠲᠥᠯᠥᠪᠯᠡᠭᠡ ᠭᠠᠷᠭᠠᠬᠤ᠂ ᠳᠤᠰᠬᠠᠢ ᠬᠢᠨᠠᠨ ᠵᠦᠪᠰᠢᠶᠡᠷᠴᠦ ᠢᠳᠡᠭᠡᠮᠵᠢ ᠣᠯᠭᠤᠬᠤ᠂ ᠳᠤᠰᠬᠠᠢ | ᠳᠤᠬᠠᠶᠢᠯᠠᠭᠰᠠᠨ ᠠᠵᠢᠯ ᠤᠨ ᠪᠦᠷᠢᠳᠭᠡᠯ ᠬᠢᠬᠦ ᠳᠤ ᠵᠥᠷᠢᠶᠡᠵᠢᠭᠰᠡᠨ ᠪᠦᠭᠡᠳ ᠣᠨᠴᠠᠯᠢᠭ ᠲᠠᠢ ᠮᠦᠩᠭᠦᠨ | ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠪᠤᠬᠢᠷᠳᠤᠯ ᠦᠭᠡᠢ ᠡᠬᠢ ᠪᠠᠶᠠᠯᠢᠭ ᠢ ᠨᠡᠭᠡᠭᠡᠨ ᠬᠦᠭᠵᠢᠭᠦᠯᠵᠦ | ᠠᠰᠢᠭᠯᠠᠬᠤ ᠶᠢ ᠬᠦᠴᠦᠯᠡᠨ ᠳᠡᠮᠵᠢᠵᠤ ᠪᠠᠶᠢᠭᠠᠳ ᠪᠠᠶᠢᠭᠠᠯᠢ ᠤᠢ ᠶᠢ ᠬᠠᠮᠠᠭᠠᠯᠠᠬᠤ ᠢᠨᠵᠧᠨᠧᠷᠢᠩ᠂ ᠨᠤᠲᠤᠭ | ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠢᠨᠵᠧᠨᠧᠷᠢᠩ ᠪᠠ ᠬᠦᠳᠡᠭᠡ ᠳᠤᠰᠬᠤᠨ ᠤ ᠵᠢᠭᠤᠯᠴᠢᠯᠠᠯ ᠤᠨ | ᠬᠦᠭᠵᠢᠯᠳᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠤᠨ ᠳᠡᠰ ᠳᠡᠪᠰᠢᠭᠦᠯᠬᠦ ᠠᠵᠢᠯᠯᠠᠭ᠎ᠠ ᠲᠠᠢ ᠢᠳᠡᠪᠬᠢᠳᠡᠢ | ᠵᠠᠯᠭᠠᠯᠳᠤᠭᠤᠯᠤᠨ᠎ᠠ᠃ | ᠳᠦᠷᠪᠡ᠂ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭᠠᠨ ᠳᠠᠬᠢ ᠳᠡᠮᠵᠢᠬᠦ ᠡᠷᠴᠢᠮ ᠢ | ᠴᠢᠩᠭᠠᠷᠠᠭᠤᠯᠤᠨ᠎ᠠ | ︵ᠶᠢᠰᠦ︶ ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠭᠡ ᠶᠢᠨ ᠳᠠᠯ᠎ᠠ ᠳᠠᠬᠢ ᠢᠳᠡᠭᠡᠮᠵᠢᠳᠦ ᠵᠢᠭᠡᠯᠡᠯᠭᠡ ᠶᠢᠨ | ᠬᠡᠷᠡᠭᠴᠡᠭᠡ ᠱᠠᠭᠠᠷᠳᠠᠯᠭ᠎ᠠ ᠶᠢ ᠢᠳᠡᠪᠬᠢᠳᠡᠢ ᠳᠡᠮᠵᠢᠨ᠎ᠡ᠃ ᠮᠠᠯᠵᠢᠬᠤ ᠲᠠᠷᠢᠶᠠᠯᠠᠬᠤ ᠤᠷᠤᠨ ᠳᠠᠬᠢ ᠬᠡᠷᠡᠭᠯᠡᠭᠡ ᠶᠢᠨ ᠵᠠᠬ᠎ᠠ | ᠳᠡᠯᠭᠡᠭᠦᠷ ᠤᠨ ᠳᠤᠭᠤᠷᠢᠨ ᠳᠤ ᠰᠤᠶᠤᠯ ᠰᠤᠷᠭᠠᠨ ᠬᠦᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠡᠷᠡᠭᠦᠯ ᠮᠡᠨᠳᠦ | ᠨᠠᠰᠤᠵᠢᠯ᠂ ᠪᠡᠶ᠎ᠡ ᠶᠢᠨ ᠲᠠᠮᠢᠷ ᠵᠤᠭ᠎ᠠ ᠴᠡᠩᠭᠡᠯ᠂ ᠭᠡᠷ ᠤᠨ ᠴᠠᠬᠢᠯᠭᠠᠨ ᠬᠡᠷᠡᠭᠰᠡᠯ ᠲᠥᠬᠦᠭᠡᠷᠦᠮᠵᠢ᠂ ᠮᠠᠰᠢᠨ ᠲᠡᠷᠭᠡ | ᠮᠠᠰᠢᠨ ᠪᠠᠭᠠᠵᠢ᠂ ᠡᠯᠧᠺᠲᠷᠦᠨ ᠬᠤᠳᠠᠯᠳᠤᠭ᠎ᠠ᠂ ᠪᠠᠷᠠᠭᠠᠨ ᠤ ᠬᠦᠢᠯᠭᠡᠭᠡᠨ ᠪᠠ ᠳᠤᠬᠢᠷᠠᠭᠤᠯᠵᠤ ᠬᠦᠷᠭᠡᠬᠦ ᠵᠡᠷᠭᠡ | ᠬᠡᠷᠡᠭᠯᠡᠭᠡ ᠶᠢᠨ ᠴᠢᠨᠠᠷᠲᠠᠢ ᠢᠳᠡᠭᠡᠮᠵᠢᠳᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠳᠡᠢ ᠬᠠᠩᠭᠠᠨ᠎ᠠ᠃ | ᠮᠠᠯᠴᠢᠨ ᠲᠠᠷᠢᠶᠠᠴᠢᠨ ᠪᠠ ᠬᠤᠲᠠ ᠳᠤ ᠤᠷᠤᠵᠤ ᠬᠦᠴᠦ ᠶᠠᠪᠤᠵᠤ ᠪᠠᠶᠢᠭ᠎ᠠ ᠮᠠᠯᠴᠢᠨ ᠲᠠᠷᠢᠶᠠᠴᠢᠨ ᠤ ᠰᠠᠭᠤᠬᠤ ᠭᠡᠷ | ᠬᠤᠳᠠᠯᠳᠤᠨ ᠠᠪᠬᠤ ᠱᠠᠭᠠᠷᠳᠠᠯᠭ᠎ᠠ ᠶᠢ ᠴᠢᠷᠮᠠᠶᠢᠨ ᠬᠠᠩᠭᠠᠵᠤ᠂ ᠮᠠᠯᠴᠢᠨ ᠲᠠᠷᠢᠶᠠᠴᠢᠨ ᠤ ᠬᠡᠷᠡᠭᠯᠡᠭᠡ ᠶᠢᠨ ᠭᠡᠷᠡᠭᠴᠡᠭᠡ | ᠱᠠᠭᠠᠷᠳᠠᠯᠭ᠎ᠠ ᠶᠢᠨ ᠳᠡᠰ ᠳᠡᠪᠰᠢᠬᠦ ᠶᠢ ᠠᠬᠢᠭᠤᠯᠤᠨ᠎ᠠ᠃ | ︵ᠠᠷᠪᠠ︶ ᠤᠯᠠᠨ ᠢᠶᠠᠷ ᠢᠶᠠᠨ ᠦᠢᠯᠡᠰ ᠴᠤᠭᠴᠠᠯᠠᠵᠤ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ | ᠢᠳᠡᠪᠬᠢᠳᠡᠢ ᠳᠡᠮᠵᠢᠨ᠎ᠡ᠃ ᠤᠯᠠᠨ ᠢᠶᠠᠷ ᠢᠶᠠᠨ ᠦᠢᠯᠡᠰ ᠴᠤᠭᠴᠠᠯᠠᠵᠤ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠵᠢᠴᠢ | ᠤᠶᠤᠳᠠᠳ ᠤᠨ ᠦᠢᠯᠡᠰ ᠴᠣᠭᠴᠠᠯᠠᠬᠤ ᠠᠵᠢᠯᠯᠠᠭᠠᠨ ᠪᠠ ᠠᠵᠢᠯ ᠣᠯᠭᠤᠬᠤ ᠶᠢ ᠠᠬᠢᠭᠤᠯᠬᠤ ᠲᠦᠯᠦᠪᠯᠡᠭᠡ ᠶᠢᠨ | ᠳᠤᠭᠤᠷᠢᠨ ᠳᠤ᠂ ︽ᠦᠢᠯᠡᠰ ᠴᠤᠭᠴᠠᠯᠠᠵᠤ ᠰᠢᠨ᠎ᠡ ᠶᠢ ᠡᠭᠦᠳᠬᠦ︾ ᠶᠢ ᠡᠳᠡᠭᠡᠮᠵᠢᠳᠦ ᠵᠢᠭᠡᠯᠡᠯᠭᠡ ᠪᠠᠷ ᠳᠡᠮᠵᠢᠬᠦ | ᠲᠥᠷᠢᠮ ᠢ ᠵᠢᠷᠦᠵᠦ ᠲᠦᠯᠦᠪᠯᠡᠬᠦ ᠪᠠ ᠭᠠᠳᠠᠷ ᠳᠠᠯ᠎ᠠ ᠪᠠᠷ ᠬᠢ ᠲᠥᠷᠥ ᠶᠢᠨ ᠪᠤᠳᠤᠯᠭ᠎ᠠ ᠪᠠᠷ ᠵᠤᠬᠢᠴᠠᠭᠤᠯᠬᠤ ᠶᠢ | ᠴᠢᠩᠭᠠᠳᠬᠠᠨ᠎ᠠ᠃ ᠪᠠᠶᠠᠵᠢᠯ ᠤᠨ ᠵᠠᠯᠠᠭᠤ ᠳᠠᠭᠠᠭᠤᠯᠤᠭᠴᠢ᠂ ᠨᠠᠮ ᠤᠨ ᠬᠡᠰᠢᠭᠦᠨ᠂ ᠤᠶᠤᠳᠠᠨ ᠪᠠ ᠦᠢᠯᠡᠰ | ᠴᠤᠭᠴᠠᠯᠠᠭᠴᠢ ᠡᠮᠡᠭᠳᠡᠢ ᠵᠢᠴᠢ ᠬᠤᠲᠠ ᠳᠤ ᠤᠷᠤᠵᠤ ᠬᠦᠴᠦ ᠶᠠᠪᠤᠭᠴᠢ ᠪᠠ ᠨᠤᠲᠤᠭ ᠲᠤ ᠪᠠᠨ ᠪᠤᠴᠠᠭᠰᠠᠨ ᠮᠠᠯᠴᠢᠨ | ᠲᠠᠷᠢᠶᠠᠴᠢᠨ᠂ ᠶᠠᠳᠠᠭᠤ ᠬᠦᠴᠢᠷᠳᠡᠯᠳᠡᠢ ᠰᠤᠷᠤᠭᠴᠢ᠂ ᠵᠡᠮᠳᠡᠭᠴᠦᠳ ᠵᠡᠷᠭᠡ ᠨᠡᠶᠢᠭᠡᠮ ᠤᠨ ᠭᠤᠣᠯᠳᠠᠯᠭ᠎ᠠ ᠲᠠᠢ | ᠬᠦᠮᠦᠰ ᠲᠤ ᠢᠲᠡᠭᠡᠮᠵᠢᠲᠦ ᠵᠢᠭᠡᠯᠡᠯᠭᠡ ᠶᠢᠨ ᠤᠷᠤᠭᠤᠯᠤᠯᠲᠠ ᠶᠢ ᠨᠡᠮᠡᠭᠳᠡᠭᠦᠯᠵᠤ᠂ ᠮᠠᠯᠵᠢᠬᠤ ᠲᠠᠷᠢᠶᠠᠯᠠᠬᠤ | ᠤᠷᠤᠨ ᠳᠠᠬᠢ ᠠᠵᠢᠯ ᠣᠯᠵᠤ ᠦᠢᠯᠡᠰ ᠴᠤᠭᠴᠠᠯᠠᠬᠤ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ | ᠲᠤᠰᠬᠠᠶᠢᠵᠢᠭᠰᠠᠨ ᠴᠢᠳᠠᠪᠤᠷᠢ ᠪᠠ ᠬᠢᠷᠢ ᠲᠥᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ︽ᠡᠮᠡᠭᠳᠡᠶᠢᠴᠦᠳ ᠤᠨ | ᠤᠳᠤᠬᠢᠴᠢᠯᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ︾ ︽ | ᠤᠷᠠᠨ ᠮᠡᠷᠭᠡᠵᠢᠯ ᠳᠤ ᠪᠠᠨ ᠲᠦᠰᠢᠭᠯᠡᠵᠤ ᠶᠠᠳᠠᠭᠤ ᠠᠴᠠ ᠠᠩᠬᠢᠵᠢᠷᠠᠭᠰᠠᠨ ᠵᠢᠱᠢᠶ᠎ᠡ ᠦᠵᠡᠭᠦᠯᠬᠦ ᠰᠠᠭᠤᠷᠢᠨ︾ ︽︿3. | 8﹀ ᠨᠤᠭᠤᠭᠠᠨ ᠢᠨᠵᠧᠨᠧᠷᠢᠩ ᠤᠨ ᠵᠢᠱᠢᠶ᠎ᠡ ᠦᠵᠡᠭᠦᠯᠬᠦ ᠰᠠᠭᠤᠷᠢᠨ︾ ᠵᠡᠷᠭᠡ ᠲᠦᠷᠥᠯ ᠵᠦᠢᠯ ᠤᠨ ᠪᠦᠳᠦᠭᠡᠨ | ᠪᠠᠶᠢᠭᠤᠯᠤᠯᠲᠠ ᠳᠤ ᠪᠡᠯᠡ ᠮᠦᠩᠬᠦ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ | ︵ᠠᠷᠪᠠᠨ ᠨᠢᠭᠡ︶ ᠬᠢᠯᠢ ᠬᠢᠵᠠᠭᠠᠷ ᠤᠷᠤᠨ ᠢ ᠬᠦᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭᠠᠨ ᠳᠤ | ᠢᠳᠡᠭᠡᠮᠵᠢᠳᠦ ᠵᠢᠭᠡᠯᠡᠯᠭᠡ ᠪᠠᠷ ᠳᠡᠮᠵᠢᠬᠦ ᠶᠢ ᠴᠢᠩᠭᠠᠷᠠᠭᠤᠯᠤᠨ᠎ᠠ᠃ ᠡᠯ᠎ᠡ ᠮᠦᠩᠭᠦᠨ ᠬᠦᠢᠯᠭᠡᠭᠡᠨ ᠤ ᠪᠠᠶᠢᠭᠤᠯᠤᠮᠵᠢ ᠨᠢ | ᠵᠦᠷᠢᠶᠡᠵᠢᠭᠰᠡᠨ ᠢᠳᠡᠭᠡᠮᠵᠢᠳᠦ ᠵᠢᠭᠡᠯᠡᠯᠭᠡ ᠶᠢᠨ ᠲᠥᠷᠥ ᠶᠢᠨ ᠪᠤᠳᠤᠯᠭ᠎ᠠ ᠶᠢ ᠳᠤᠭᠳᠠᠭᠠᠵᠤ᠂ ᠢᠳᠡᠭᠡᠮᠵᠢᠳᠦ | ᠵᠢᠭᠡᠯᠡᠯᠭᠡ ᠶᠢᠨ ᠨᠡᠷᠡᠳᠭᠦᠨ ᠢ ᠰᠤᠳᠤᠯᠤᠨ ᠨᠡᠭᠡᠭᠡᠵᠦ᠂ ᠪᠠᠩᠬᠢ ᠶᠢᠨ ᠪᠤᠭᠤᠮᠲᠠ ᠪᠠᠷ ᠨᠡᠪᠳᠡᠷᠡᠭᠦᠯᠬᠦ ᠳᠤᠬᠠᠶᠢᠯᠠᠭᠰᠠᠨ | ᠠᠵᠢᠯ ᠪᠠ ᠤᠯᠠᠨ ᠤᠯᠤᠰ ᠤᠨ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠢ ᠰᠦᠪᠡᠭᠴᠢᠯᠡᠨ ᠡᠷᠬᠢᠯᠡᠵᠤ᠂ | ᠮᠠᠯᠵᠢᠬᠤ ᠬᠤᠰᠢᠭᠤ᠂ ᠬᠢᠯᠢ ᠬᠢᠵᠠᠭᠠᠷ ᠤᠨ ᠬᠤᠰᠢᠭᠤ ᠬᠤᠲᠠ᠂ ︽ᠭᠤᠷᠪᠠᠨ ᠴᠦᠬᠡᠨ ᠳᠤᠭᠠᠳᠤ ᠦᠨᠳᠦᠰᠦᠳᠡᠨ︾ | ᠤ ᠦᠪᠡᠷᠳᠡᠭᠡᠨ ᠵᠠᠰᠠᠬᠤ ᠬᠤᠰᠢᠭᠤ᠂ ᠦᠨᠳᠦᠰᠦᠳᠡᠨ ᠤ ᠰᠢᠶᠠᠩ ᠪᠠ ᠪᠤᠰᠤᠳ ᠴᠦᠬᠡᠨ ᠳᠤᠭᠠᠳᠤ ᠦᠨᠳᠦᠰᠦᠳᠡᠨ | ᠲᠦᠪᠯᠡᠷᠡᠨ ᠰᠠᠭᠤᠭ᠎ᠠ ᠭᠠᠵᠠᠷ ᠤᠷᠤᠨ ᠳᠠᠬᠢ ᠤᠨᠴᠠᠯᠢᠭ ᠲᠠᠢ ᠳᠠᠪᠠᠭᠤᠯᠢᠭ ᠠᠵᠤ ᠦᠢᠯᠡᠰ ᠢ ᠬᠦᠭᠵᠢᠭᠦᠯᠬᠦ ᠶᠢ | ᠲᠦᠷᠭᠡᠳᠭᠡᠨ ᠠᠬᠢᠭᠤᠯᠤᠨ᠎ᠠ᠃ ᠬᠢᠯᠢ ᠬᠢᠵᠠᠭᠠᠷ ᠤᠨ ᠮᠠᠯᠵᠢᠬᠤ ᠭᠠᠵᠠᠷ ᠤᠷᠤᠨ᠂ ᠴᠦᠬᠡᠨ ᠳᠤᠭᠠᠳᠤ ᠦᠨᠳᠦᠰᠦᠳᠡᠨ | ᠲᠥᠪᠯᠡᠷᠡᠨ ᠰᠠᠭᠤᠭ᠎ᠠ ᠭᠠᠵᠠᠷ ᠤᠷᠤᠨ ᠳᠠᠬᠢ ᠲᠦᠷᠭᠡᠨ ᠬᠦᠭᠵᠢᠯᠳᠡ ᠶᠢ ᠭᠤᠣᠯᠳᠠᠯᠭ᠎ᠠ ᠲᠠᠢ ᠳᠡᠳᠭᠦᠵᠦ᠂ ᠬᠢᠯᠢ | ᠬᠢᠵᠠᠭᠠᠷ ᠤᠨ 19 ᠬᠤᠰᠢᠭᠤ ᠬᠤᠲᠠ ᠶᠢᠨ ᠮᠠᠯ ᠲᠠᠷᠢᠶᠠᠯᠠᠩ ᠤᠨ ᠦᠨᠳᠦᠰᠦᠨ ᠪᠡᠯᠡᠳᠭᠡᠮᠵᠢ᠂ ᠠᠮᠢ ᠠᠬᠤᠢ ᠶᠢᠨ ᠮᠠᠯ | ᠲᠠᠷᠢᠶᠠᠯᠠᠩ ᠤᠨ ᠠᠵᠤ ᠦᠢᠯᠡᠰᠵᠢᠭᠦᠯᠬᠦ ᠬᠦᠷᠢᠶᠡᠯᠡᠩ ᠲᠣᠭᠤᠷᠢᠭ᠂ ᠣᠳᠤ ᠦᠶ᠎ᠡ ᠶᠢᠨ ᠮᠠᠯ ᠲᠠᠷᠢᠶᠠᠯᠠᠩ ᠤᠨ | ᠬᠦᠭᠵᠢᠯᠳᠡ ᠶᠢ ᠤᠷᠢᠳ ᠢᠶᠠᠷ ᠳᠡᠳᠭᠦᠨ᠎ᠡ᠃ | ᠲᠠᠪᠤ᠂ ᠮᠦᠩᠭᠦᠨ ᠬᠦᠢᠯᠭᠡᠭᠡᠨ ᠤ ᠨᠡᠷᠡᠳᠭᠦᠨ ᠪᠠ ᠦᠢᠯᠡᠴᠢᠯᠡᠬᠦ ᠬᠡᠯᠪᠡᠷᠢ ᠳᠤ ᠰᠢᠨ᠎ᠡ ᠶᠢ ᠡᠭᠦᠳᠬᠦ ᠶᠢ | ᠬᠦᠴᠦᠳᠡᠢ ᠠᠬᠢᠭᠤᠯᠤᠨ᠎ᠠ | ︵ᠠᠷᠪᠠᠨ ᠬᠤᠶᠠᠷ︶ ᠢᠳᠡᠭᠡᠮᠵᠢᠳᠦ ᠵᠢᠭᠡᠯᠡᠯᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠪᠠ ᠵᠢᠭᠡᠯᠡᠯᠭᠡ ᠶᠢᠨ | ᠬᠦᠦ ᠮᠦᠩᠬᠦᠨ ᠤ ᠨᠤᠷᠮ᠎ᠠ ᠶᠢᠨ ᠦᠨ᠎ᠡ ᠳᠤᠭᠳᠠᠭᠠᠬᠤ ᠳᠤᠭᠲᠠᠴᠠ ᠶᠢ ᠰᠢᠯᠢᠳᠡᠭᠵᠢᠭᠦᠯᠦᠨ᠎ᠡ᠃ ᠡᠯ᠎ᠡ ᠪᠠᠩᠬᠢ ᠶᠢᠨ | ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠢ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ | ᠡᠵᠡᠩᠨᠡᠯᠳᠡ ᠶᠢᠨ ᠡᠯ᠎ᠡ ᠲᠥᠷᠥᠯ ᠤᠨ ᠭᠤᠣᠯ ᠴᠤᠭᠴᠠ ᠶᠢᠨ ᠤᠨᠴᠠᠯᠢᠭ ᠢ ᠦᠨᠳᠦᠰᠦᠯᠡᠵᠦ᠂ ᠰᠢᠨᠵᠢᠯᠡᠬᠦ ᠤᠬᠠᠭᠠᠨᠴᠢ | ᠪᠦᠭᠡᠳ ᠵᠤᠬᠢᠰᠲᠠᠢ᠂ ᠠᠮᠢᠳᠤᠯᠢᠭ ᠪᠦᠭᠡᠳ ᠦᠨᠳᠦᠷ ᠠᠰᠢᠭ ᠲᠠᠢ ᠪᠠᠷ ᠢᠳᠡᠭᠡᠮᠵᠢ ᠣᠯᠭᠤᠬᠤ ᠶᠢ ᠬᠠᠮᠢᠶᠠᠷᠬᠤ | ᠴᠤᠪᠤᠷᠠᠯ ᠢ ᠪᠠᠶᠢᠭᠤᠯᠵᠤ᠂ ᠢᠳᠡᠭᠡᠮᠵᠢ ᠣᠯᠭᠤᠬᠤ ᠲᠤᠭ᠎ᠠ ᠬᠡᠮᠵᠢᠶ᠎ᠡ ᠪᠠ ᠴᠠᠭ ᠬᠤᠭᠤᠴᠠᠭ᠎ᠠ ᠶᠢ ᠵᠤᠬᠢᠰᠲᠠᠢ | ᠲᠣᠬᠢᠷᠠᠭᠤᠯᠵᠤ᠂ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ ᠡᠵᠡᠩᠨᠡᠯᠳᠡ ᠶᠢᠨ ᠭᠤᠣᠯ ᠴᠤᠭᠴᠠ ᠶᠢᠨ ᠶᠡᠭᠡ | ᠲᠣᠭᠠᠨ ᠤ ᠪᠤᠯᠤᠨ ᠤᠷᠳᠤᠪᠳᠤᠷ ᠤᠷᠳᠤ ᠬᠤᠭᠤᠴᠠᠭᠠᠨ ᠤ ᠵᠢᠭᠡᠯᠡᠯᠭᠡ ᠠᠪᠬᠤ ᠬᠡᠷᠡᠭᠴᠡᠭᠡ ᠱᠠᠭᠠᠷᠳᠠᠯᠭ᠎ᠠ ᠶᠢ | ᠬᠦᠢᠴᠡᠳ ᠬᠠᠩᠭᠠᠨ᠎ᠠ᠃ ᠵᠢᠭᠡᠯᠡᠯᠭᠡ ᠶᠢ ᠬᠢᠨᠠᠨ ᠵᠦᠪᠰᠢᠶᠡᠷᠡᠬᠦ ᠶᠠᠪᠤᠴᠠ ᠶᠢ ᠳᠦᠭᠦᠮᠴᠢᠯᠡᠵᠦ᠂ ᠲᠦᠭᠰᠢᠭᠦᠷᠢ ᠶᠢ | ᠡᠵᠡᠮᠳᠡᠵᠦ ᠪᠣᠯᠬᠤᠶᠢᠴᠠ ᠤᠷᠢᠳᠠᠯ ᠳᠤᠤᠷ᠎ᠠ᠂ ᠨᠢᠭᠡ ᠤᠳᠠᠭ᠎ᠠ ᠭᠤᠶᠤᠴᠢᠯᠠᠵᠤ᠂ ᠲᠥᠪᠯᠡᠷᠡᠭᠦᠯᠦᠨ ᠢᠳᠡᠭᠡᠮᠵᠢ | ᠣᠯᠭᠤᠬᠤ᠂ ᠡᠷᠬᠢᠯᠳᠦᠭᠦᠯᠦᠨ ᠬᠡᠷᠡᠭᠯᠡᠵᠤ᠂ ᠦᠯᠡᠳᠡᠪᠦᠷᠢ ᠶᠢ ᠨᠢ ᠡᠵᠡᠮᠳᠡᠬᠦ ᠶᠢ ᠬᠡᠷᠡᠭᠵᠢᠭᠦᠯᠦᠨ᠎ᠡ᠃ ᠮᠠᠯ | ᠲᠠᠷᠢᠶᠠᠯᠠᠩ ᠤᠨ ᠡᠵᠡᠩᠨᠡᠯᠳᠡ ᠶᠢᠨ ᠭᠤᠣᠯ ᠴᠤᠭᠴᠠ ᠳᠤ ᠢᠳᠡᠭᠡᠮᠵᠢ ᠶᠢᠨ ᠳᠡᠰ ᠲᠣᠭᠲᠠᠭᠠᠭᠰᠠᠨ ᠪᠠᠶᠢᠳᠠᠯ ᠢ | ᠦᠨᠳᠦᠰᠦᠯᠡᠵᠦ᠂ ᠬᠦᠦ ᠨᠤᠷᠮ᠎ᠠ ᠶᠢᠨ ᠬᠦᠪᠦᠮᠡᠯ ᠬᠡᠪᠴᠢᠶ᠎ᠡ ᠶᠢ ᠵᠤᠬᠢᠰᠲᠠᠢ ᠳᠤᠭᠳᠠᠭᠠᠵᠤ᠂ ᠪᠡᠯᠡ ᠲᠣᠬᠢᠷᠠᠭᠤᠯᠬᠤ | ᠦᠪᠡᠷ ᠤᠨ ᠥᠷᠲᠡᠭ ᠢ ᠵᠤᠬᠢᠰᠲᠠᠢ ᠪᠠᠭᠤᠷᠠᠭᠤᠯᠤᠨ᠂ ᠡᠯ᠎ᠡ ᠲᠥᠷᠥᠯ ᠤᠨ ᠡᠵᠡᠩᠨᠡᠯᠳᠡ ᠶᠢᠨ ᠭᠤᠣᠯ ᠴᠤᠭᠴᠠ ᠶᠢᠨ | ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ︵ᠠᠷᠪᠠᠨ ᠭᠤᠷᠪᠠ︶ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ ᠡᠵᠡᠩᠨᠡᠯᠳᠡ ᠶᠢᠨ ᠭᠤᠣᠯ ᠴᠤᠭᠴᠠ ᠶᠢᠨ | ᠳᠠᠨᠵᠢᠯᠠᠵᠤ ᠳᠠᠭᠠᠭᠠᠯᠲᠠ ᠬᠢᠬᠦ ᠬᠡᠯᠪᠡᠷᠢ ᠳᠤ ᠰᠢᠨ᠎ᠡ ᠶᠢ ᠡᠭᠦᠳᠦᠨ᠎ᠡ᠃ ᠬᠦᠷᠦᠩᠭᠡ ᠮᠦᠩᠬᠦ ᠪᠠᠷ ᠨᠢᠬᠲᠠ | ᠲᠦᠪᠯᠡᠷᠡᠭᠰᠡᠨ᠂ ᠮᠠᠰᠢᠨ ᠲᠦᠭᠦᠭᠡᠷᠦᠮᠵᠢ ᠪᠠᠷ ᠤᠯᠠᠨ ᠪᠠᠶᠢᠳᠠᠭ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ | ᠡᠵᠡᠩᠨᠡᠯᠳᠡ ᠶᠢᠨ ᠭᠤᠣᠯ ᠴᠤᠭᠴᠨ ᠳᠤ ︽ᠪᠤᠷᠤᠯᠠᠭᠤᠯᠤᠭᠴᠢ ᠪᠤᠶᠤ ᠦᠢᠯᠡᠳᠪᠦᠷᠢᠯᠡᠭᠴᠢ ᠪᠠᠳᠤᠯᠠᠵᠤ ᠳᠠᠭᠠᠭᠠᠬᠤ + | ᠲᠠᠷᠢᠶᠠᠯᠠᠩ ᠤᠨ ᠮᠠᠰᠢᠨ ᠪᠠᠭᠠᠵᠢ ᠪᠠᠷ ᠪᠠᠷᠢᠴᠠᠭᠠᠯᠠᠬᠤ︾ ᠵᠠᠭᠪᠤᠷ ᠢ ᠬᠡᠷᠡᠭᠯᠡᠵᠦ᠂ ᠲᠠᠷᠢᠶᠠᠯᠠᠩ ᠤᠨ ᠲᠣᠮᠣ | ᠬᠡᠯᠪᠡᠷᠢ ᠶᠢᠨ ᠮᠠᠰᠢᠨ ᠪᠠᠭᠠᠵᠢ ᠪᠠᠷ ᠪᠠᠷᠢᠴᠠᠭᠠᠯᠠᠨ ᠵᠢᠭᠡᠯᠡᠯᠭᠡ ᠶᠢᠨ ᠳᠤᠬᠠᠶᠢᠯᠠᠭᠰᠠᠨ ᠠᠵᠢᠯ ᠢ ᠢᠳᠡᠪᠬᠢᠳᠡᠢ | ᠦᠷᠨᠢᠭᠦᠯᠦᠨ᠎ᠡ︔ ᠡᠳ᠋ ᠤᠨ ᠵᠠᠰᠠᠭ ᠤᠨ ᠨᠦᠬᠦᠪᠦᠷᠢ ᠶᠢᠨ ᠠᠰᠢᠭ ᠤᠷᠤᠯᠭ᠎ᠠ ᠪᠠᠷ ᠳᠤᠭᠳᠠᠪᠤᠷᠢᠲᠠᠢ ᠰᠢᠨ᠎ᠡ | ᠬᠡᠯᠪᠡᠷᠢ ᠶᠢᠨ ᠮᠠᠯ ᠲᠠᠷᠢᠶᠠᠯᠠᠩ ᠤᠨ ᠡᠵᠡᠩᠨᠡᠯᠳᠡ ᠶᠢᠨ ᠭᠤᠣᠯ ᠴᠤᠭᠴᠠ ᠳᠤ᠂ ᠤᠯᠤᠰ ᠤᠨ ᠡᠳ᠋ ᠤᠨ ᠵᠠᠰᠠᠭ ᠤᠨ | ᠨᠦᠬᠦᠪᠦᠷᠢ ᠶᠢᠨ ᠠᠰᠢᠭ ᠣᠯᠬᠤ ᠡᠷᠬᠡ ᠪᠠᠨ ᠳᠠᠨᠵᠢᠯᠠᠭᠰᠠᠨ ᠵᠢᠭᠡᠯᠡᠯᠭᠡ ᠶᠢᠨ ᠳᠤᠬᠠᠶᠢᠯᠠᠭᠰᠠᠨ ᠠᠵᠢᠯ ᠦᠷᠨᠢᠭᠦᠯᠬᠦ ᠶᠢ | ᠰᠦᠪᠡᠭᠴᠢᠯᠡᠵᠤ᠂ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ ᠡᠵᠡᠩᠨᠡᠯᠳᠡ ᠶᠢᠨ ᠭᠤᠣᠯ ᠴᠤᠭᠴᠠ ᠶᠢᠨ | ᠬᠤᠶᠢᠰᠢᠳᠠ ᠶᠢᠨ ᠬᠡᠳᠦᠨ ᠵᠢᠯ ᠳᠠᠬᠢ ᠲᠠᠷᠢᠶᠠᠯᠠᠩ ᠡᠳ᠋ ᠤᠨ ᠵᠠᠰᠠᠭ ᠤᠨ ᠨᠦᠬᠦᠪᠦᠷᠢ ᠶᠢᠨ ᠠᠰᠢᠭ ᠤᠯᠬᠤ ᠡᠷᠬᠡ ᠪᠠᠷ | ᠳᠠᠭᠠᠭᠠᠯᠲᠠ ᠬᠢᠬᠦ ᠪᠤᠯᠭᠠᠨ᠎ᠠ︔ ᠬᠡᠪᠴᠢᠶ᠎ᠡ ᠪᠠᠷ ᠨᠡᠯᠢᠶᠡᠳ ᠶᠡᠭᠡ ᠭᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ᠂ | ᠳᠤᠰᠬᠠᠢ ᠳᠤᠮᠤ ᠡᠷᠦᠬᠡ᠂ ᠮᠠᠯᠴᠢᠨ ᠲᠠᠷᠢᠶᠠᠴᠢᠨ ᠤ ᠬᠤᠷᠰᠢᠶᠠᠯᠠᠯ ᠢ ᠭᠤᠷᠪᠠᠳᠡᠬᠢ ᠡᠳᠡᠭᠡᠳ ᠲᠠᠢ ᠬᠠᠮᠳᠤᠷᠠᠨ | ᠠᠵᠢᠯᠯᠠᠭᠤᠯᠬᠤ ᠠᠷᠭ᠎ᠠ ᠬᠡᠯᠪᠡᠷᠢ ᠶᠢ ᠰᠦᠪᠡᠭᠴᠢᠯᠡᠨ ᠬᠡᠷᠡᠭᠯᠡᠵᠦ᠂ ᠲᠠᠷᠢᠶᠠᠯᠠᠩ ᠤᠨ ᠬᠠᠳᠠᠭᠠᠯᠠᠭᠳᠠᠵᠤ ᠪᠦᠬᠦᠢ | ᠪᠦᠳᠦᠭᠡᠭᠳᠡᠭᠦᠨ ᠪᠠ ᠬᠤᠷᠢᠶᠠᠪᠠᠰᠤ ᠵᠤᠬᠢᠬᠤ ᠳᠠᠩᠰᠠᠨ ᠤ ᠵᠤᠭᠤᠰ ᠵᠡᠷᠭᠡ ᠡᠳ᠋ ᠬᠦᠷᠦᠩᠭᠡ ︵ᠡᠷᠬᠡ︶ ᠪᠠᠷ | ᠪᠠᠷᠢᠴᠠᠭᠠᠯᠠᠵᠤ ᠳᠠᠨᠵᠢᠯᠠᠨ ᠪᠡᠯᠡ ᠲᠣᠬᠢᠷᠠᠭᠤᠯᠬᠤ ᠶᠢ ᠦᠷᠨᠢᠭᠦᠯᠦᠨ᠎ᠡ᠃ | ︵ᠠᠷᠪᠠᠨ ᠳᠦᠷᠪᠡ︶ ᠮᠠᠯ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠪᠠᠷ ᠪᠡᠯᠡ ᠲᠤᠬᠢᠷᠠᠭᠤᠯᠬᠤ | ᠳᠤᠬᠠᠶᠢᠯᠠᠭᠰᠠᠨ ᠠᠵᠢᠯ ᠢ ᠢᠳᠡᠪᠬᠢᠳᠡᠢ ᠦᠷᠨᠢᠭᠦᠯᠦᠨ᠎ᠡ᠃ ᠤᠨᠴᠠᠯᠢᠭᠳᠤ ᠮᠠᠯ ᠲᠠᠷᠢᠶᠠᠯᠠᠩ᠂ ᠬᠦᠳᠡᠭᠡ ᠳᠤᠰᠬᠤᠨ ᠤ | ᠰᠡᠯᠡᠭᠦᠴᠡᠯ ᠵᠤᠭᠠᠴᠠᠯ᠂ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭ᠎ᠠ᠂ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠪᠦᠳᠦᠭᠡᠭᠳᠡᠭᠦᠨ ᠢ ᠨᠠᠷᠢᠯᠢᠬ ᠭᠦᠨ ᠡᠳ᠋ᠰᠢᠭᠦᠯᠬᠦ ᠵᠡᠷᠭᠡ ᠡᠵᠡᠩᠨᠡᠯᠲᠡ ᠶᠢᠨ ᠪᠠᠶᠢᠳᠠᠯ ᠤᠨ | ᠳᠤᠭᠤᠷᠢᠨ ᠳᠤ᠂ ᠬᠠᠩᠭᠠᠯᠭ᠎ᠠ ᠶᠢᠨ ᠬᠡᠯᠬᠢᠶ᠎ᠡ ᠪᠠᠷ ᠪᠡᠯᠡ ᠲᠤᠬᠢᠷᠠᠭᠤᠯᠬᠤ᠂ ᠵᠠᠬᠢᠶᠠᠯᠠᠬᠤ ᠬᠠᠭᠤᠳᠠᠰᠤ ᠪᠠᠷ ᠪᠡᠯᠡ | ᠲᠤᠬᠢᠷᠠᠭᠤᠯᠬᠤ᠂ ᠡᠯᠧᠺᠲᠷᠤᠨ ᠬᠤᠳᠠᠯᠳᠤᠭ᠎ᠠ ᠪᠠᠷ ᠪᠡᠯᠡ ᠲᠤᠬᠢᠷᠠᠭᠤᠯᠬᠤ ᠵᠡᠷᠭᠡ ᠮᠦᠩᠭᠦᠨ ᠬᠦᠢᠯᠭᠡᠭᠡᠨ ᠤ | ᠦᠢᠯᠡᠴᠢᠯᠡᠭᠡ ᠬᠠᠩᠭᠠᠨ᠎ᠠ᠃ ︽ᠠᠵᠤ ᠠᠬᠤᠶᠢᠯᠠᠯ + ᠮᠠᠯᠴᠢᠨ ᠲᠠᠷᠢᠶᠠᠴᠢᠨ ᠤ ᠬᠤᠷᠰᠢᠶᠠᠯᠠᠯ + ᠮᠠᠯᠵᠢᠬᠤ | ᠲᠠᠷᠢᠶᠠᠯᠠᠬᠤ ᠡᠷᠦᠬᠡ︾ ︽ᠠᠵᠤ ᠠᠬᠤᠶᠢᠯᠠᠯ + ᠲᠤᠰᠬᠠᠢ ᠳᠤᠮᠤ ᠡᠷᠦᠬᠡ︾ ︽ᠠᠵᠤ ᠠᠬᠤᠶᠢᠯᠯ + ᠭᠡᠷ | ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ︾ ᠵᠡᠷᠭᠡ ᠮᠠᠯ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠪᠠᠷ | ᠪᠡᠯᠡ ᠲᠣᠬᠢᠷᠠᠭᠤᠯᠬᠤ ᠦᠢᠯᠡᠴᠢᠯᠡᠭᠡᠨ ᠤ ᠵᠠᠭᠪᠤᠷ ᠢ ᠳᠡᠭᠦᠯᠳᠡᠷᠵᠢᠭᠦᠯᠵᠦ᠂ ᠠᠵᠤ ᠦᠢᠯᠡᠰ ᠤᠨ ᠬᠡᠯᠬᠢᠶᠡᠰᠦᠨ ᠳᠠᠬᠢ | ᠬᠦᠳᠦᠴᠢ ᠠᠵᠤ ᠠᠬᠤᠶᠢᠯᠠᠯ ᠳᠤ ᠲᠦᠰᠢᠭᠯᠡᠵᠦ ᠳᠡᠭᠡᠷ᠎ᠡ ᠳᠤᠤᠷ᠎ᠠ ᠬᠡᠯᠬᠢᠶᠡᠨ ᠤ ᠵᠢᠵᠢᠭ ᠪᠢᠴᠢᠯ ᠠᠵᠤ | ᠠᠬᠤᠶᠢᠯᠠᠯ ᠳᠠᠬᠢ ᠮᠦᠩᠭᠦᠨ ᠬᠦᠢᠯᠭᠡᠭᠡ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠮᠠᠯ ᠲᠠᠷᠢᠶᠠᠯᠠᠩ ᠤᠨ ᠠᠵᠤ | ᠦᠢᠯᠡᠰᠵᠢᠭᠰᠡᠨ ᠬᠦᠳᠦᠴᠢ ᠠᠵᠤ ᠠᠬᠤᠶᠢᠯᠠᠯ ᠢ ᠬᠦᠳᠦᠯᠦᠨ ᠵᠢᠯᠤᠭᠤᠳᠴᠦ ᠪᠠᠶᠢᠭᠠᠳ ᠭᠤᠣᠯᠯᠠᠬᠤ ᠠᠵᠤ ᠠᠬᠤᠶᠢᠯᠠᠯ | ᠪᠤᠯᠭᠠᠵᠤ᠂ ᠠᠷᠠᠳ ᠤᠨ ᠪᠠᠩᠬᠢ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠲᠦᠪ ᠲᠠᠬᠢ ᠳᠤᠮᠳᠠᠳᠤ ᠤᠯᠤᠰ ᠤᠨ | ᠠᠷᠠᠳ ᠤᠨ ᠪᠠᠩᠭᠢ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠲᠥᠪ ᠤᠨ ᠬᠤᠷᠢᠶᠠᠪᠠᠰᠤ ᠵᠤᠬᠢᠬᠤ ᠳᠠᠩᠰᠠᠨ ᠤ | ᠵᠤᠭᠤᠰ ᠤᠨ ᠪᠡᠯᠡ ᠳᠤᠬᠢᠷᠠᠭᠤᠯᠵᠤ ᠦᠢᠯᠡᠴᠢᠯᠡᠬᠦ ᠳᠠᠪᠴᠠᠩ ᠲᠠᠢ ᠰᠢᠰᠲ᠋ᠧᠮ ᠵᠠᠯᠭᠠᠭᠤᠯᠬᠤ ᠶᠢ ᠪᠡᠶᠡᠯᠡᠭᠦᠯᠵᠤ᠂ | ᠳᠠᠪᠴᠠᠩ ᠤᠨ ᠰᠦᠯᠵᠢᠶᠡᠨ ᠳᠡᠭᠡᠷ᠎ᠡ ᠳᠠᠩᠰᠠᠨ ᠤ ᠵᠤᠭᠤᠰ ᠢ ᠨᠤᠳᠠᠯᠠᠬᠤ᠂ ᠡᠯᠧᠺᠲᠷᠦᠨ ᠮᠡᠳᠡᠭᠳᠡᠯ ᠶᠠᠪᠤᠭᠤᠯᠬᠤ | ᠵᠡᠷᠭᠡ ᠴᠢᠳᠠᠮᠵᠢ ᠶᠢ ᠬᠦᠢᠴᠡᠳ ᠪᠠᠳᠠᠷᠠᠭᠤᠯᠤᠨ᠎ᠠ᠃ | ︵ᠠᠷᠪᠠᠨ ᠲᠠᠪᠤ︶ ᠤᠯᠠᠨ ᠵᠦᠢᠯ ᠤᠨ ᠮᠦᠩᠭᠦᠨ ᠬᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ | ᠨᠡᠷᠡᠳᠭᠦᠨ ᠤ ᠦᠢᠯᠡᠴᠢᠯᠡᠭᠡᠨ ᠳᠤ ᠰᠢᠨ᠎ᠡ ᠶᠢ ᠡᠭᠦᠳᠴᠦ ᠭᠦᠢᠴᠡᠳᠭᠡᠨ᠎ᠡ᠃ ᠬᠦᠳᠡᠭᠡ ᠳᠤᠰᠬᠤᠨ ᠢ ᠬᠦᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠭ᠎ᠠ ᠶᠢᠨ ᠭᠤᠭᠴᠤᠭᠠᠨ ᠤ | ᠳᠤᠭᠤᠷᠢᠨ ᠳᠤ᠂ ᠮᠦᠩᠭᠦᠨ ᠬᠦᠢᠯᠭᠡᠭᠡᠨ ᠤ ᠨᠡᠷᠡᠳᠭᠦᠨ ᠪᠠ ᠦᠢᠯᠡᠴᠢᠯᠡᠬᠦ ᠵᠠᠭᠪᠤᠷ ᠲᠤ ᠰᠢᠨ᠎ᠡ ᠶᠢ ᠡᠭᠦᠳᠴᠦ | ᠳᠡᠯᠭᠡᠷᠡᠭᠦᠯᠬᠦ ᠡᠷᠴᠢᠮ ᠢ ᠳᠠᠰᠤᠷᠠᠯᠲᠠ ᠦᠭᠡᠢ ᠴᠢᠩᠭᠠᠷᠠᠭᠤᠯᠵᠤ᠂ ᠬᠦᠳᠡᠭᠡ ᠳᠤᠰᠬᠤᠨ ᠢ ᠬᠦᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠳᠠᠬᠢ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠤᠨᠤᠪᠴᠢᠳᠤ ᠴᠢᠨᠠᠷ᠂ | ᠪᠤᠳᠠᠳᠤ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠦᠨ᠎ᠡ᠃ ᠭᠡᠷ᠎ᠡ ᠬᠦᠢᠴᠡᠳᠭᠡᠬᠦ ᠶᠢᠨ ᠪᠠᠳᠤᠯᠠᠬᠤ ᠪᠣᠯᠵᠤᠭ᠎ᠠ᠂ | ᠮᠡᠳᠡᠯᠭᠡ ᠶᠢᠨ ᠦᠮᠴᠢᠯᠡᠯ ᠤᠨ ᠡᠷᠬᠡ ᠶᠢ ᠪᠠᠷᠢᠴᠠᠭᠠᠯᠠᠬᠤ᠂ ᠰᠲ᠋ᠤᠺ ᠤᠨ ᠡᠷᠭᠡ ᠶᠢ ᠳᠠᠨᠵᠢᠯᠠᠬᠤ ᠵᠡᠷᠭᠡ ᠬᠡᠯᠪᠡᠷᠢ ᠶᠢ | ᠢᠳᠡᠪᠬᠢᠳᠡᠢ ᠰᠦᠪᠡᠭᠴᠢᠯᠡᠵᠦ᠂ ᠡᠨᠧᠷᠬᠢ ᠶᠢᠨ ᠠᠰᠢᠭᠯᠠᠮᠵᠢ ᠰᠠᠶᠢᠳᠠᠢ ᠪᠡᠯᠡ ᠳᠤᠬᠢᠷᠠᠭᠤᠯᠭ᠎ᠠ᠂ ᠨᠡᠭᠦᠷᠡᠰᠦᠳᠦ᠋ᠷᠦᠭᠴᠢ | ᠭᠠᠳᠠᠭᠰᠢᠯᠠᠭᠤᠯᠬᠤ ᠡᠷᠬᠡ ᠶᠢᠨ ᠪᠡᠯᠡ ᠳᠤᠬᠢᠷᠠᠭᠤᠯᠭ᠎ᠠ᠂ ᠪᠤᠬᠢᠷᠳᠤᠯ ᠭᠠᠳᠠᠭᠰᠢᠯᠠᠭᠤᠯᠬᠤ ᠡᠷᠬᠡ ᠶᠢᠨ ᠪᠡᠯᠡ | ᠳᠤᠬᠢᠷᠠᠭᠤᠯᠭ᠎ᠠ ᠵᠡᠷᠭᠡ ᠰᠢᠨ᠎ᠡ ᠶᠢ ᠡᠭᠦᠳᠬᠦ ᠬᠡᠯᠪᠡᠷᠢ ᠪᠦᠬᠦᠢ ᠢᠲᠡᠭᠡᠮᠵᠢᠲᠦ ᠵᠢᠭᠡᠯᠡᠯᠭᠡ ᠶᠢᠨ ᠨᠡᠷᠡᠳᠭᠦᠨ ᠢ | ᠦᠷᠨᠢᠭᠦᠯᠵᠦ᠂ ᠮᠠᠯ ᠲᠠᠷᠢᠶᠠᠯᠠᠩ ᠳᠤ ᠬᠤᠯᠪᠤᠭᠳᠠᠭᠰᠠᠨ ᠠᠵᠤ ᠠᠬᠤᠶᠢᠯᠠᠯ ᠤᠨ ᠢᠳᠡᠭᠡᠮᠵᠢᠳᠦ ᠵᠢᠭᠡᠯᠡᠯᠭᠡ ᠤᠯᠬᠤ | ᠪᠤᠯᠤᠮᠵᠢᠳᠦ ᠴᠢᠨᠠᠷ ᠢ ᠪᠦᠳᠦᠮᠵᠢᠲᠡᠢ ᠳᠡᠭᠡᠭᠰᠢᠯᠡᠭᠦᠯᠦᠨ᠎ᠡ᠃ ᠳᠤᠮᠤ ᠳ᠋ᠠᠶᠢᠲ᠋ᠠ ᠵᠡᠷᠭᠡ ᠰᠢᠨ᠎ᠡ ᠬᠡᠯᠪᠡᠷᠢ ᠪᠦᠬᠦᠢ ᠮᠡᠳᠡᠭᠡ | ᠵᠠᠩᠬᠢ ᠶᠢᠨ ᠮᠡᠷᠭᠡᠵᠢᠯ ᠢᠶᠠᠷ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠪᠡᠯᠡ ᠳᠤᠬᠢᠷᠠᠭᠤᠯᠬᠤ | ᠦᠢᠯᠡᠴᠢᠯᠡᠭᠡᠨ ᠢᠶᠠᠷ ᠳᠡᠮᠵᠢᠯᠭᠡ ᠦᠵᠡᠬᠦᠯᠬᠦ ᠶᠢ ᠵᠤᠷᠢᠬᠵᠢᠭᠤᠯᠤᠨ᠎ᠠ᠃ | ︵ᠠᠷᠪᠠᠨ ᠵᠢᠷᠭᠤᠭ᠎ᠠ︶ ᠲᠠᠷᠢᠶᠠᠯᠠᠩ ᠤᠨ ᠳᠠᠭᠠᠳᠬᠠᠯ ᠤᠨ ᠴᠢᠳᠡᠮᠵᠢ ᠦᠢᠯᠡᠳᠦᠯ ᠢ ᠢᠳᠡᠪᠬᠢᠳᠡᠢ | ᠪᠠᠳᠠᠷᠠᠭᠤᠯᠤᠨ᠎ᠠ᠃ ᠡᠯ᠎ᠡ ᠳᠠᠭᠠᠳᠬᠠᠯ ᠤᠨ ᠪᠠᠶᠢᠭᠤᠯᠤᠮᠵᠢ ᠨᠢ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ | ᠡᠵᠡᠩᠨᠡᠯᠲᠡ ᠶᠢᠨ ᠭᠤᠣᠯ ᠴᠤᠭᠴᠠ ᠨᠤᠭᠤᠳ ᠲᠠᠢ ᠠᠵᠢᠯ ᠢᠶᠠᠨ ᠨᠢᠭᠲᠠ ᠵᠠᠯᠭᠠᠯᠳᠤᠭᠤᠯᠵᠤ᠂ ᠴᠠᠭ ᠠᠭᠤᠷ ᠤᠨ | ᠢᠯᠡᠳᠭᠡᠭᠴᠢ ᠶᠢᠨ ᠳᠠᠭᠠᠳᠬᠠᠯ᠂ ᠲᠠᠷᠢᠶᠠᠯᠠᠩ ᠤᠨ ᠪᠦᠳᠦᠭᠡᠭᠳᠡᠬᠦᠨ ᠤ ᠦᠨ᠎ᠡ ᠬᠠᠩᠰᠢ ᠶᠢᠨ ᠢᠯᠡᠳᠭᠡᠭᠴᠢ ᠶᠢᠨ | ᠳᠠᠭᠠᠳᠬᠠᠯ᠂ ᠤᠷᠤᠯᠭ᠎ᠠ ᠶᠢᠨ ᠳᠠᠭᠠᠳᠬᠠᠯ᠂ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ ᠡᠵᠡᠩᠨᠡᠯᠲᠡ ᠶᠢᠨ ᠭᠤᠣᠯ | ᠴᠤᠭᠴᠠ ᠶᠢᠨ ᠲᠦᠭᠰᠢᠭᠦᠷᠢ ᠶᠢᠨ ᠬᠠᠮ ᠳᠠᠭᠠᠳᠬᠠᠯ᠂ ︽ᠲᠠᠷᠢᠶᠠᠯᠠᠩ ᠤᠨ ᠳᠠᠭᠠᠳᠬᠠᠯ + ᠪᠠᠭ᠎ᠠ ᠳᠤᠭᠠᠨ ᠤ | ᠢᠳᠡᠭᠡᠮᠵᠢᠳᠦ ᠵᠢᠭᠡᠯᠡᠯᠭᠡ ᠶᠢᠨ ᠪᠠᠲᠤᠯᠭᠠᠳᠤ ᠳᠠᠭᠠᠳᠬᠠᠯ︾᠂ ︽ᠳᠠᠭᠠᠳᠬᠠᠯ + ᠬᠤᠭᠤᠴᠠᠭᠠᠳᠤ ᠪᠠᠷᠠᠭ᠎ᠠ︾ ᠶᠢᠨ | ᠵᠠᠭᠪᠤᠷ᠂ ᠤᠷᠤᠨ ᠨᠤᠲᠤᠭ ᠤᠨ ᠤᠨᠴᠠᠯᠢᠬᠳᠦ ᠲᠠᠷᠢᠶᠠᠯᠠᠩ ᠤᠨ ᠪᠦᠳᠦᠭᠡᠭᠳᠡᠬᠦᠨ ᠤ ᠳᠠᠭᠠᠳᠬᠠᠯ ᠵᠡᠷᠭᠡ ᠰᠢᠨ᠎ᠡ ᠶᠢ | ᠡᠭᠦᠳᠦᠭᠰᠡᠨ ᠬᠡᠯᠪᠡᠷᠢ ᠪᠦᠬᠦᠢ ᠨᠡᠷᠡᠳᠭᠦᠨ ᠤ ᠦᠢᠯᠡᠴᠢᠯᠡᠭᠡ ᠶᠢ ᠲᠦᠷᠭᠡᠪᠴᠢᠯᠡᠨ ᠰᠤᠳᠤᠯᠤᠨ ᠨᠡᠭᠡᠭᠡᠵᠤ ᠦᠷᠭᠡᠳᠭᠡᠨ᠎ᠡ᠃ | ᠢᠳᠡᠰᠢᠨ ᠬᠤᠨᠢ ᠦᠬᠡᠷ ᠨᠢ ᠭᠠᠮᠰᠢᠭᠳᠠᠪᠠᠯ ᠲᠥᠷᠥ ᠶᠢᠨ ᠪᠤᠳᠤᠯᠭ᠎ᠠ ᠶᠢᠨ ᠴᠢᠨᠠᠷᠲᠠᠢ ᠳᠠᠭᠠᠳᠬᠠᠯ ᠪᠠ ᠮᠠᠯ | ᠲᠠᠷᠢᠶᠠᠯᠠᠩ ᠤᠨ ᠵᠤᠳ ᠭᠠᠮᠰᠢᠭ ᠤᠨ ᠳᠠᠭᠠᠳᠬᠠᠯ ᠤᠨ ᠲᠤᠷᠰᠢᠯᠳᠠ ᠶᠢᠨ ᠴᠡᠭ ᠢ ᠲᠦᠷᠭᠡᠳᠭᠡᠨ ᠠᠬᠢᠭᠤᠯᠵᠤ᠂ | ᠳᠤᠳᠤᠷᠭ᠎ᠠ᠂ ᠪᠤᠭᠤᠳᠠᠢ᠂ ᠡᠷᠳᠡᠨᠢ ᠰᠢᠰᠢ ᠵᠡᠷᠭᠡ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠳᠠᠬᠢ ᠦᠪᠡᠷ ᠤᠨ | ᠦᠷᠲᠡᠭ ᠤᠨ ᠪᠦᠷᠢᠨ ᠳᠠᠭᠠᠳᠬᠠᠯ ᠪᠠ ᠤᠷᠤᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠢ ᠢᠳᠡᠪᠬᠢᠲᠡᠢ | ᠰᠦᠪᠡᠭᠴᠢᠯᠡᠨ ᠦᠷᠨᠢᠭᠦᠯᠦᠨ᠎ᠡ᠃ | ︵ᠠᠷᠪᠠᠨ ᠳᠤᠯᠤᠭ᠎ᠠ︶ ︽ᠬᠦᠳᠡᠭᠡ ᠳᠤᠰᠬᠤᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠭᠡ᠂ | ᠬᠦᠳᠡᠭᠡ ᠳᠤᠰᠬᠤᠨ ᠤ ᠤᠷᠤᠨ ᠰᠠᠭᠤᠴᠠ ᠶᠢᠨ ᠡᠳ᠋ ᠬᠦᠷᠦᠩᠭᠡ ᠶᠢᠨ ᠡᠷᠬᠡ︾ ᠪᠠᠷ ᠪᠠᠷᠢᠴᠠᠭᠠᠯᠠᠨ ᠵᠢᠭᠡᠯᠡᠯᠭᠡ | ᠳᠠᠯᠪᠢᠬᠤ ᠡᠷᠴᠢᠮ ᠢ ᠴᠢᠩᠭᠠᠷᠠᠭᠤᠯᠤᠨ᠎ᠠ᠃ ᠡᠯ᠎ᠡ ᠪᠠᠩᠬᠢ ᠶᠢᠨ ᠦᠢᠯᠡᠰ ᠤᠨ ᠮᠦᠩᠭᠦᠨ ᠭᠦᠢᠯᠭᠡᠭᠡᠨ ᠤ | ᠪᠠᠶᠢᠭᠤᠯᠤᠮᠵᠢ ᠨᠢ ᠢᠳᠡᠭᠡᠮᠵᠢᠳᠦ ᠵᠢᠭᠡᠯᠡᠯᠭᠡ ᠶᠢᠨ ᠡᠬᠢ ᠪᠠᠶᠠᠯᠢᠭ ᠢ ᠵᠤᠬᠢᠰᠲᠠᠢ ᠳᠤᠬᠢᠷᠠᠭᠤᠯᠵᠤ᠂ ᠬᠡᠪᠴᠢᠶ᠎ᠡ ᠪᠠᠨ | ᠥᠷᠭᠡᠳᠭᠡᠵᠦ ᠬᠡᠮᠵᠢᠶ᠎ᠡ ᠪᠠᠨ ᠨᠡᠮᠡᠭᠳᠡᠭᠦᠯᠦᠨ᠂ ︽ᠬᠦᠳᠡᠭᠡ ᠳᠤᠰᠬᠤᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ | ᠡᠷᠭᠡ᠂ ᠬᠦᠳᠡᠭᠡ ᠳᠤᠰᠬᠤᠨ ᠤ ᠤᠷᠤᠨ ᠰᠠᠭᠤᠴᠠ ᠶᠢᠨ ᠡᠳ᠋ ᠬᠦᠷᠦᠩᠭᠡ ᠶᠢᠨ ᠡᠷᠬᠡ︾ ᠪᠠᠷ ᠪᠠᠷᠢᠴᠠᠭᠠᠯᠠᠨ ᠵᠢᠭᠡᠯᠡᠯᠭᠡ | ᠳᠠᠯᠪᠢᠬᠤ ᠡᠷᠴᠢᠮ ᠢ ᠴᠢᠩᠭᠠᠷᠠᠭᠤᠯᠤᠨ᠎ᠠ᠃ ᠲᠠᠷᠢᠶᠠᠯᠠᠩ ᠤᠨ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ | ᠬᠦᠳᠡᠭᠡ ᠳᠤᠰᠬᠤᠨ ᠤ ᠬᠤᠷᠰᠢᠭᠰᠠᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠲᠠᠷᠢᠶᠠᠯᠠᠩ ᠳᠤ | ᠬᠤᠯᠪᠤᠭᠳᠠᠬᠤ ᠪᠠᠩᠬᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠲᠤᠷᠰᠢᠯᠲᠠ ᠶᠢᠨ | ᠴᠡᠭ ᠪᠣᠯᠬᠤ ᠭᠠᠵᠠᠷ ᠤᠷᠤᠨ ᠳᠠᠬᠢ ᠬᠤᠪᠢᠶᠠᠷᠢ ᠰᠠᠯᠪᠤᠷᠢ ᠪᠠᠶᠢᠭᠤᠯᠤᠮᠵᠢ ᠨᠢ 2018 ᠣᠨ ᠠᠴᠠ ᠡᠬᠢᠯᠡᠨ ︽ | ᠬᠦᠳᠡᠭᠡ ᠳᠤᠰᠬᠤᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠭᠡ᠂ ᠬᠦᠳᠡᠭᠡ ᠳᠤᠰᠬᠤᠨ ᠤ ᠤᠷᠤᠨ | ᠰᠠᠭᠤᠴᠠ ᠶᠢᠨ ᠡᠳ᠋ ᠬᠦᠷᠦᠩᠭᠡ ᠶᠢᠨ ᠡᠷᠬᠡ︾ ᠪᠠᠷ ᠪᠠᠷᠢᠴᠠᠭᠠᠯᠠᠨ ᠵᠢᠭᠡᠯᠡᠯᠭᠡ ᠳᠠᠯᠪᠢᠬᠤ ᠠᠵᠢᠯ ᠢ ᠵᠠᠷᠴᠢᠮ | ᠳᠡᠭᠡᠷ᠎ᠡ ᠪᠠᠨ ᠴᠦᠮ ᠡᠷᠬᠢᠯᠡᠭᠰᠡᠨ ᠪᠠᠶᠢᠬᠤ ᠬᠡᠷᠡᠭᠳᠡᠢ᠃ ︽ᠬᠤᠶᠠᠷ ᠡᠷᠭᠡ ᠪᠠᠷ ᠪᠠᠷᠢᠴᠠᠭᠠᠯᠬᠤ + ᠳᠠᠭᠠᠳᠬᠠᠯ︾ ︽ | ᠬᠤᠶᠠᠷ ᠡᠷᠬᠡ ᠪᠠᠷ ᠪᠠᠷᠢᠴᠠᠭᠠᠯᠠᠬᠤ + ᠪᠤᠰᠤᠳ ᠦᠮᠴᠢᠯᠡᠯ ᠤᠨ ᠡᠷᠬᠡ ᠲᠠᠢ ᠬᠠᠮᠳᠤ ᠪᠠᠷ ᠪᠠᠷᠢᠴᠠᠭᠠᠯᠠᠬᠤ︾ ︽ | ᠬᠤᠶᠠᠷ ᠡᠷᠬᠡ ᠪᠠᠷ ᠪᠠᠷᠢᠴᠠᠭᠠᠯᠠᠬᠤ + ᠵᠠᠬᠢᠶᠠᠯᠠᠭ᠎ᠠ ᠶᠢᠨ ᠮᠠᠯ ᠲᠠᠷᠢᠶᠠᠯᠠᠩ + ᠳᠠᠭᠠᠳᠬᠠᠯ + ᠬᠤᠭᠤᠴᠠᠭᠠᠳᠤ | ᠪᠠᠷᠠᠭ᠎ᠠ︾ ᠵᠡᠷᠭᠡ ᠤᠯᠠᠨ ᠬᠡᠯᠪᠡᠷᠢ ᠶᠢᠨ ᠵᠢᠭᠡᠯᠡᠯᠭᠡ ᠶᠢᠨ ᠵᠠᠭᠪᠤᠷ ᠲᠤ ᠰᠢᠨ᠎ᠡ ᠶᠢ ᠡᠭᠦᠳᠴᠦ᠂ ᠲᠠᠷᠢᠶᠠᠯᠠᠬᠤ | ᠬᠤᠪᠢ ᠶᠢᠨ ᠡᠷᠦᠬᠡ ᠪᠠ ᠤᠳᠤ ᠦᠶ᠎ᠡ ᠶᠢᠨ ᠮᠠᠯ ᠲᠠᠷᠢᠶᠠᠯᠠᠩ ᠤᠨ ᠬᠦᠭᠵᠢᠯᠲᠡ ᠲᠠᠢ ᠤᠷᠭᠠᠨᠢᠭ ᠢᠶᠠᠷ | ᠵᠤᠯᠭᠠᠯᠳᠤᠬᠤ ᠶᠢ ᠨᠢ ᠠᠬᠢᠭᠤᠯᠤᠨ᠎ᠠ᠃ | ᠵᠢᠷᠭᠤᠭ᠎ᠠ᠂ ᠲᠤᠩ ᠶᠠᠳᠠᠭᠤ ᠬᠦᠴᠢᠷᠳᠡᠯᠳᠡᠢ ᠭᠠᠵᠠᠷ ᠤᠷᠤᠨ ᠢ ᠶᠠᠳᠠᠭᠤ ᠠᠴᠠ ᠠᠩᠬᠢᠵᠢᠷᠠᠭᠤᠯᠬᠤ ᠶᠢ | ᠳᠡᠮᠵᠢᠨ᠎ᠡ | ︵ᠠᠷᠪᠠᠨ ᠨᠠᠢᠮᠠ︶ ᠲᠦᠢᠯ ᠤᠨ ᠤᠨᠤᠪᠴᠢᠳᠠᠢ ᠪᠠᠷ ᠶᠠᠳᠠᠭᠤ ᠶᠢ ᠳᠡᠳᠭᠦᠭᠦ ᠵᠢᠭᠡᠯᠡᠯᠭᠡ ᠳᠠᠯᠪᠢᠬᠤ ᠡᠷᠴᠢᠮ ᠢ | ᠴᠢᠩᠭᠠᠷᠠᠭᠤᠯᠤᠨ᠎ᠠ᠃ ᠡᠯ᠎ᠡ ᠮᠦᠩᠭᠦᠨ ᠬᠦᠢᠯᠭᠡᠭᠡᠨ ᠤ ᠪᠠᠶᠢᠭᠤᠯᠤᠮᠵᠢ ᠨᠢ ᠢᠳᠡᠭᠡᠮᠵᠢ ᠰᠠᠶᠢᠲᠠᠢ᠂ ᠵᠢᠭᠡᠯᠡᠯᠭᠡ ᠠᠪᠬᠤ | ᠬᠦᠰᠡᠯ ᠲᠠᠢ᠂ ᠠᠵᠢᠯ ᠤᠯᠵᠤ ᠦᠢᠯᠡᠰ ᠴᠤᠭᠴᠠᠯᠠᠬᠤ ᠳᠠᠯᠳᠠ ᠴᠢᠨᠰᠠᠭ᠎ᠠ ᠲᠠᠢ᠂ ᠮᠡᠷᠭᠡᠵᠢᠯ ᠤᠨ ᠬᠡᠪ | ᠪᠤᠯᠪᠠᠰᠤᠷᠠᠯ ᠲᠠᠢ ᠪᠦᠭᠡᠳ ᠵᠤᠬᠢᠬᠤ ᠬᠡᠮᠵᠢᠶᠡᠨ ᠤ ᠵᠢᠭᠡᠯᠡᠯᠭᠡ ᠪᠤᠴᠠᠭᠠᠬᠤ ᠴᠢᠳᠠᠪᠤᠷᠢ ᠪᠦᠷᠢᠯᠳᠦᠭᠦᠯᠦᠭᠰᠡᠨ ᠲᠠᠩᠰᠠ | ᠺᠠᠷᠲ ᠲᠠᠢ ᠶᠠᠳᠠᠭᠤ ᠬᠦᠴᠢᠷᠳᠡᠯᠳᠡᠢ ᠡᠷᠦᠬᠡ ᠵᠢᠴᠢ ᠲᠠᠩᠰᠠ ᠺᠠᠷᠲ ᠲᠠᠢ ᠶᠠᠳᠠᠭᠤ ᠬᠦᠴᠢᠷᠳᠡᠯᠳᠡᠢ ᠡᠷᠦᠬᠡ ᠶᠢ | ᠳᠠᠶᠢᠴᠢᠯᠠᠨ ᠳᠠᠭᠠᠭᠤᠯᠵᠤ ᠶᠠᠳᠠᠭᠤ ᠠᠴᠠ ᠦᠨᠡᠨ ᠬᠦ ᠠᠩᠭᠢᠵᠢᠷᠠᠭᠤᠯᠵᠤ ᠴᠢᠳᠠᠬᠤ ᠮᠠᠯ ᠲᠠᠷᠢᠶᠠᠯᠠᠩ ᠤᠨ ᠠᠵᠤ | ᠦᠢᠯᠡᠰᠵᠢᠭᠰᠡᠨ ᠬᠦᠳᠦᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ ᠡᠵᠡᠩᠨᠡᠯᠲᠡ ᠶᠢᠨ | ᠭᠤᠣᠯ ᠴᠤᠭᠴᠨ ᠳᠤ ᠵᠢᠭᠡᠯᠡᠯᠭᠡ ᠣᠯᠭᠤᠬᠤ ᠳᠡᠮᠵᠢᠯᠭᠡ ᠶᠢ ᠨᠡᠮᠡᠭᠳᠡᠭᠦᠯᠦᠨ᠎ᠡ᠃ ᠶᠠᠳᠠᠭᠤ ᠶᠢ ᠳᠡᠳᠭᠦᠭᠦ ᠪᠠᠭ᠎ᠠ | ᠳᠤᠭᠠᠨ ᠤ ᠢᠳᠡᠭᠡᠮᠵᠢᠳᠦ ᠵᠢᠭᠡᠯᠡᠯᠭᠡ ᠤᠯᠭᠤᠬᠤ ᠡᠷᠴᠢᠮ ᠢ ᠴᠢᠩᠭᠠᠷᠠᠭᠤᠯᠵᠤ᠂ ᠵᠢᠭᠡᠯᠡᠯᠭᠡ ᠣᠯᠭᠤᠬᠤ ᠨᠦᠬᠦᠴᠡᠯ ᠳᠤ | ᠨᠡᠶᠢᠴᠡᠭᠰᠡᠨ ᠪᠣᠯ ᠵᠢᠭᠡᠯᠡᠭᠦᠯᠪᠡᠰᠦ ᠵᠤᠬᠢᠬᠤ ᠶᠢ ᠨᠢ ᠴᠢᠳᠠᠬᠤ ᠶᠢᠨ ᠬᠢᠷᠢ ᠪᠠᠷ ᠵᠢᠭᠡᠯᠡᠭᠦᠯᠦᠨ᠎ᠡ᠃ | ︵ᠠᠷᠪᠠ ᠶᠢᠰᠦ︶ ᠵᠦᠷᠢᠶᠡᠵᠢᠭᠰᠡᠨ ᠢᠳᠡᠭᠡᠮᠵᠢᠳᠦ ᠵᠢᠭᠡᠯᠡᠯᠭᠡ ᠶᠢᠨ ᠦᠢᠯᠡᠴᠢᠯᠡᠬᠦ ᠲᠥᠷᠥ ᠶᠢᠨ ᠪᠤᠳᠤᠯᠭ᠎ᠠ ᠶᠢ | ᠰᠠᠶᠢᠵᠢᠷᠠᠭᠤᠯᠤᠨ ᠳᠡᠭᠦᠯᠳᠡᠷᠵᠢᠭᠦᠯᠦᠨ᠎ᠡ᠃ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠪᠤᠳᠠᠳᠠᠢ ᠪᠠᠶᠢᠳᠠᠯ᠂ | ᠶᠠᠳᠠᠭᠤ ᠶᠢ ᠳᠡᠳᠭᠦᠭᠦ ᠠᠵᠤ ᠠᠬᠤᠶᠢᠯᠠᠯ ᠤᠨ ᠦᠢᠯᠡᠳᠪᠦᠷᠢᠯᠡᠬᠦ ᠦᠶᠡᠯᠡᠯ᠂ ᠪᠤᠷᠤᠯᠠᠭᠤᠯᠬᠤ ᠦᠶᠡᠯᠡᠯ ᠪᠠ ᠵᠢᠭᠡᠯᠡᠯᠭᠡ | ᠪᠤᠴᠠᠭᠠᠬᠤ ᠶᠡᠷᠦᠩᠬᠡᠢ ᠴᠢᠳᠠᠪᠤᠷᠢ ᠵᠡᠷᠭᠡ ᠬᠦᠴᠦᠨ ᠵᠦᠢᠯ ᠢ ᠨᠢᠭᠡᠳᠦᠯᠳᠡᠢ ᠲᠦᠯᠦᠪᠵᠢᠭᠦᠯᠦᠨ ᠪᠤᠳᠤᠯᠬᠢᠯᠠᠵᠤ᠂ | ᠵᠢᠭᠡᠯᠡᠯᠭᠡ ᠶᠢᠨ ᠬᠤᠭᠤᠴᠠᠭ᠎ᠠ ᠶᠢ ᠵᠤᠬᠢᠰᠲᠠᠢ ᠳᠤᠭᠳᠠᠭᠠᠨ᠎ᠠ᠃ ᠵᠢᠭᠡᠯᠡᠯᠭᠡ ᠶᠢᠨ ᠬᠤᠭᠤᠴᠠᠭ᠎ᠠ ᠨᠢ ᠳᠤᠯᠤᠭᠰᠠᠨ | ᠪᠤᠯᠪᠠᠴᠦ ᠮᠦᠨ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠶᠠᠳᠠᠭᠤ ᠬᠦᠴᠢᠷᠳᠡᠯᠳᠡᠢ ᠡᠷᠦᠬᠡᠨ ᠳᠤ | ᠵᠢᠭᠡᠯᠡᠯᠭᠡ ᠶᠢᠨ ᠪᠠᠶᠢᠴᠠᠭᠠᠯᠲᠠ ᠪᠠ ᠬᠢᠨᠠᠨ ᠳᠤᠭᠳᠠᠭᠠᠯᠲᠠ ᠶᠢ ᠤᠷᠢᠳᠴᠢᠯᠠᠨ ᠬᠢᠬᠦ ᠬᠡᠷᠡᠭᠳᠡᠢ᠃ ᠶᠠᠳᠠᠭᠤ ᠶᠢ ᠳᠡᠳᠭᠦᠭᠦ | ᠵᠢᠭᠡᠯᠡᠯᠭᠡ ᠶᠢᠨ ᠪᠡᠯᠡ ᠮᠦᠩᠬᠦ ᠵᠢᠴᠢ ᠬᠠᠮᠢᠶᠠᠷᠤᠯᠲᠠ ᠶᠢᠨ ᠦᠪᠡᠷ ᠤᠨ ᠦᠷᠳᠡᠭ᠂ ᠵᠢᠭᠡᠯᠡᠯᠭᠡ ᠶᠢᠨ ᠬᠡᠯᠪᠡᠷᠢ᠂ | ᠲᠦᠭᠰᠢᠭᠦᠷᠢ ᠶᠢᠨ ᠬᠢᠷᠢ ᠲᠦᠪᠰᠢᠨ ᠵᠡᠷᠭᠡ ᠬᠦᠴᠦᠨ ᠵᠦᠢᠯ ᠪᠠ ᠶᠠᠳᠠᠭᠤ ᠶᠢ ᠳᠡᠳᠭᠦᠭᠦ ᠲᠥᠷᠥ ᠶᠢᠨ ᠪᠤᠳᠤᠯᠭ᠎ᠠ ᠶᠢᠨ | ᠱᠠᠭᠠᠷᠳᠠᠯᠭ᠎ᠠ ᠶᠢ ᠶᠡᠷᠦᠩᠭᠡᠶᠢᠯᠡᠨ ᠪᠤᠳᠤᠯᠬᠢᠯᠠᠵᠤ᠂ ᠵᠦᠷᠢᠶᠡᠵᠢᠭᠰᠡᠨ ᠬᠦᠦ ᠨᠤᠷᠮ᠎ᠠ ᠶᠢᠨ ᠬᠠᠷᠠᠭᠠᠯᠵᠠᠬᠤ ᠲᠥᠷᠥ ᠶᠢᠨ | ᠪᠤᠳᠤᠯᠭ᠎ᠠ ᠶᠢ ᠭᠡᠷᠡᠭᠵᠢᠭᠦᠯᠦᠨ᠎ᠡ᠃ | ︵ᠬᠤᠷᠢ︶ ᠳᠠᠶᠢᠴᠢᠯᠠᠨ ᠳᠠᠭᠠᠭᠤᠯᠬᠤ ᠦᠢᠯᠡᠳᠦᠯ ᠢᠶᠠᠷ ᠳᠤᠪᠤᠶᠢᠮ᠎ᠠ ᠪᠠᠶᠢᠭ᠎ᠠ ᠠᠵᠤ ᠦᠢᠯᠡᠰᠵᠢᠭᠰᠡᠨ | ᠡᠵᠡᠩᠨᠡᠯᠲᠠ ᠶᠢᠨ ᠭᠤᠣᠯ ᠴᠤᠭᠴᠨ ᠶᠢ ᠳᠡᠮᠵᠢᠬᠦ ᠪᠠᠨ ᠴᠢᠩᠭᠠᠷᠠᠭᠤᠯᠤᠨ᠎ᠠ᠃ ᠲᠤᠰ ᠭᠠᠵᠠᠷ ᠤᠨ ᠪᠤᠳᠠᠳᠤ ᠪᠠᠶᠢᠳᠠᠯ ᠳᠤ | ᠰᠠᠭᠤᠷᠢᠯᠠᠨ᠂ ᠠᠵᠤ ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠳᠡᠮᠵᠢᠬᠦ ᠠᠷᠭ᠎ᠠ ᠮᠠᠶ᠋ᠢᠭ ᠪᠤᠯᠤᠨ ᠠᠷᠭ᠎ᠠ | ᠵᠠᠮ ᠳᠤ ᠰᠢᠨ᠎ᠡ ᠶᠢ ᠡᠭᠦᠳᠴᠦ ᠰᠦᠪᠡᠭᠴᠢᠯᠡᠯᠲᠡ ᠬᠢᠵᠦ᠂ ᠠᠵᠤ ᠦᠢᠯᠡᠰᠵᠢᠭᠰᠡᠨ ᠬᠦᠳᠦᠴᠢ ᠠᠵᠤ ᠠᠬᠤᠶᠢᠯᠠᠯ ᠢ | ᠬᠦᠳᠦᠯᠦᠨ ᠵᠢᠯᠤᠭᠤᠳᠴᠤ ᠳᠡᠮᠵᠢᠵᠦ ᠪᠠᠶᠢᠭᠠᠳ ᠲᠠᠩᠰᠠ ᠺᠠᠷᠲ ᠲᠠᠢ ᠶᠠᠳᠠᠭᠤ ᠬᠦᠴᠢᠷᠳᠡᠯᠳᠡᠢ ᠡᠷᠦᠬᠡ ᠯᠦᠭᠡ ᠠᠰᠢᠭ | ᠳᠤᠰᠠ ᠪᠠᠨ ᠨᠢᠭᠲᠠ ᠬᠤᠯᠪᠤᠭᠠᠯᠠᠬᠤ ᠳᠤᠭᠳᠠᠴᠠ ᠪᠠᠶᠢᠭᠤᠯᠵᠤ᠂ ᠲᠠᠩᠰᠠ ᠺᠠᠷᠲ ᠲᠠᠢ ᠶᠠᠳᠠᠭᠤ ᠬᠦᠴᠢᠷᠳᠡᠯᠳᠡᠢ | ᠡᠷᠦᠬᠡ ᠶᠢᠨ ᠶᠠᠳᠠᠭᠤ ᠠᠴᠠ ᠠᠩᠬᠢᠵᠢᠷᠠᠨ ᠴᠢᠨᠡᠭᠡᠯᠢᠭ ᠪᠣᠯᠬᠤ ᠶᠢ ᠦᠨᠡᠨ ᠬᠦ ᠳᠠᠶᠢᠴᠢᠯᠠᠨ᠎ᠠ᠃ ᠠᠵᠤ ᠦᠢᠯᠡᠰ ᠢ | ᠬᠦᠭᠵᠢᠭᠦᠯᠦᠨ ᠶᠠᠳᠠᠭᠤ ᠶᠢ ᠳᠡᠳᠭᠦᠭᠦ ᠲᠦᠷᠥᠯ ᠵᠦᠢᠯ ᠢ ᠦᠨᠳᠦᠰᠦᠯᠡᠵᠦ᠂ ︽ᠺᠤᠮᠫᠠᠨᠢ + ᠰᠠᠭᠤᠷᠢᠨ ᠭᠠᠵᠠᠷ + | ᠶᠠᠳᠠᠭᠤ ᠬᠦᠴᠢᠷᠳᠡᠯᠳᠡᠢ ᠡᠷᠦᠬᠡ︾ ︽ᠺᠤᠮᠫᠠᠨᠢ ᠳᠠᠭᠠᠭᠠᠯᠳᠠ ᠭᠠᠷᠭᠠᠬᠤ ︵ᠪᠤᠶᠤ ᠵᠠᠬᠢᠶᠠᠯᠠᠭ᠎ᠠ ᠪᠠᠷ ᠪᠠᠳᠤᠯᠠᠬᠤ︶ + | ᠶᠠᠳᠠᠭᠤ ᠬᠦᠴᠢᠷᠳᠡᠯᠳᠡᠢ ᠡᠷᠦᠬᠡ︾ ︽ᠬᠤᠷᠰᠢᠶᠠᠯᠠᠯ + ᠶᠠᠳᠠᠭᠤ ᠬᠦᠴᠢᠷᠳᠡᠯᠳᠡᠢ ᠡᠷᠦᠬᠡ︾ ︽ᠳᠠᠭᠠᠭᠠᠯᠲᠠ ᠬᠢᠬᠦ | + ᠳᠠᠭᠠᠳᠬᠠᠯ + ᠬᠦᠳᠦᠴᠢ ᠠᠵᠤ ᠠᠬᠤᠶᠢᠯᠠᠯ + ᠶᠠᠳᠠᠭᠤ ᠬᠦᠴᠢᠷᠳᠡᠯᠳᠡᠢ ᠡᠷᠦᠬᠡ︾ ᠪᠠ ᠰᠠᠭᠤᠷᠢᠨ ᠭᠠᠵᠠᠷ ᠲᠤ | ᠨᠠᠶᠢᠳᠠᠨ ᠠᠷᠠᠴᠢᠯᠠᠭᠤᠯᠬᠤ ᠵᠡᠷᠭᠡ ᠠᠵᠤ ᠦᠢᠯᠡᠰ ᠢᠶᠠᠷ ᠶᠠᠳᠠᠭᠤ ᠶᠢ ᠳᠡᠳᠭᠦᠭᠦ ᠬᠡᠯᠬᠢᠶᠡᠰᠦᠨ ᠳᠤ ᠰᠠᠭᠤᠷᠢᠯᠠᠭᠰᠠᠨ | ᠢᠳᠡᠭᠡᠮᠵᠢ ᠣᠯᠭᠤᠬᠤ ᠵᠠᠭᠪᠤᠷ ᠢ ᠠᠮᠢᠳᠤᠯᠢᠭ ᠢᠶᠠᠷ ᠠᠰᠢᠭᠯᠠᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠪᠠ | ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠤᠯᠠᠨ ᠡᠰᠢᠵᠢᠭᠰᠡᠨ ᠪᠡᠯᠡ ᠳᠤᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ | ᠢᠳᠡᠪᠬᠢᠳᠡᠢ ᠳᠡᠮᠵᠢᠨ᠎ᠡ᠃ | ︵ᠬᠤᠷᠢᠨ ᠨᠢᠭᠡ︶ ᠲᠤᠩ ᠶᠠᠳᠠᠭᠤ ᠬᠦᠴᠢᠷᠳᠡᠯᠳᠡᠢ ᠭᠠᠵᠠᠷ ᠤᠷᠤᠨ ᠢ ᠮᠦᠩᠭᠦᠨ ᠭᠦᠢᠯᠭᠡᠭᠡᠨ ᠢᠶᠠᠷ | ᠳᠡᠮᠵᠢᠬᠦ ᠶᠢ ᠴᠢᠩᠭᠠᠳᠬᠠᠨ᠎ᠠ᠃ ᠵᠢᠭᠡᠯᠡᠯᠭᠡ ᠶᠢ ᠵᠦᠪᠰᠢᠶᠡᠷᠡᠨ ᠣᠯᠭᠤᠬᠤ᠂ ᠵᠢᠭᠡᠯᠡᠯᠭᠡ ᠶᠢᠨ ᠬᠦᠤ ᠨᠤᠷᠮ᠎ᠠ᠂ | ᠵᠢᠭᠡᠯᠡᠯᠭᠡ ᠶᠢᠨ ᠬᠤᠭᠤᠴᠠᠭ᠎ᠠ ᠵᠡᠷᠭᠡ ᠳᠠᠯ᠎ᠠ ᠪᠠᠷ ᠲᠤᠩ ᠶᠠᠳᠠᠭᠤ ᠬᠦᠴᠢᠷᠳᠡᠯᠳᠡᠢ ᠭᠠᠵᠠᠷ ᠤᠷᠤᠨ ᠳᠠᠬᠢ ᠲᠠᠩᠰᠠ | ᠺᠠᠷᠲ ᠲᠠᠢ ᠶᠠᠳᠠᠭᠤ ᠬᠦᠴᠢᠷᠳᠡᠯᠳᠡᠢ ᠡᠷᠦᠬᠡ ᠪᠠ ᠶᠠᠳᠠᠭᠤ ᠶᠢ ᠳᠡᠳᠭᠦᠭᠦ ᠠᠵᠤ ᠦᠢᠯᠡᠰ ᠤᠨ ᠲᠦᠷᠥᠯ ᠵᠦᠢᠯ᠂ | ᠶᠠᠳᠠᠭᠤ ᠬᠦᠴᠢᠷᠳᠡᠯᠳᠡᠢ ᠳᠤᠰᠬᠤᠨ ᠢ ᠰᠠᠶᠢᠵᠢᠷᠠᠭᠤᠯᠬᠤ ᠢᠨᠵᠧᠨᠧᠷᠢᠩ᠂ ᠰᠠᠭᠤᠷᠢ ᠪᠡᠯᠡᠳᠭᠡᠮᠵᠢ ᠶᠢᠨ ᠪᠦᠳᠦᠭᠡᠨ | ᠪᠠᠶᠢᠭᠤᠯᠤᠯᠲᠠ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠭᠠᠨ ᠳᠤ | ᠬᠠᠷᠠᠭᠠᠯᠵᠠᠬᠤ ᠲᠥᠷᠥ ᠶᠢᠨ ᠪᠤᠳᠤᠯᠭ᠎ᠠ ᠬᠠᠩᠭᠠᠨ᠎ᠠ᠃ ᠢᠳᠡᠭᠡᠮᠵᠢᠳᠦ ᠵᠢᠭᠡᠯᠡᠯᠭᠡ ᠶᠢᠨ ᠡᠬᠢ ᠪᠠᠶᠠᠯᠢᠭ ᠤᠨ | ᠳᠤᠬᠢᠷᠠᠭᠤᠯᠭ᠎ᠠ᠂ ᠳᠤᠳᠤᠭᠠᠳᠤ ᠳᠠᠬᠢ ᠠᠮᠵᠢᠯᠲᠠ ᠪᠦᠳᠦᠮᠵᠢ ᠶᠢ ᠰᠢᠯᠭᠠᠨ ᠬᠢᠨᠠᠬᠤ᠂ ᠨᠡᠷᠡᠳᠭᠦᠨ ᠤ ᠡᠷᠬᠡ ᠤᠯᠭᠤᠬᠤ᠂ | ᠵᠦᠢ ᠪᠤᠰᠤ ᠵᠢᠭᠡᠯᠡᠯᠭᠡ ᠶᠢ ᠳᠠᠭᠠᠭᠠᠬᠤ ᠬᠡᠮᠵᠢᠶ᠎ᠡ᠂ ᠠᠵᠢᠯᠳᠠᠨ ᠡᠯᠰᠡᠨ ᠤᠷᠢᠬᠤ᠂ ᠪᠤᠯᠪᠠᠰᠤᠷᠠᠭᠤᠯᠤᠨ ᠰᠤᠯᠢᠯᠴᠠᠬᠤ | ᠵᠡᠷᠭᠡ ᠳᠠᠯ᠎ᠠ ᠪᠠᠷ ᠲᠤᠩ ᠶᠠᠳᠠᠭᠤ ᠬᠦᠴᠢᠷᠳᠡᠯᠳᠡᠢ ᠭᠠᠵᠠᠷ ᠤᠷᠤᠨ ᠢ ᠢᠯᠡᠭᠦᠦ ᠪᠤᠳᠤᠯᠬᠢᠯᠠᠨ᠎ᠠ᠃ ᠲᠤᠩ ᠶᠠᠳᠠᠭᠤ | ᠬᠦᠴᠢᠷᠳᠡᠯᠳᠡᠢ ᠭᠠᠵᠠᠷ ᠤᠷᠤᠨ ᠳᠠᠬᠢ ᠶᠠᠳᠠᠭᠤ ᠶᠢ ᠳᠡᠳᠭᠦᠭᠦ ᠳᠠᠬᠢᠨ ᠵᠢᠭᠡᠯᠡᠯᠭᠡ ᠣᠯᠭᠤᠬᠤ ᠬᠠᠷᠠᠭᠠᠯᠵᠠᠬᠤ ᠡᠷᠴᠢᠮ ᠢ | ᠴᠢᠩᠭᠠᠷᠠᠭᠤᠯᠵᠤ᠂ ᠪᠦᠬᠦ ᠤᠷᠤᠨ ᠤ ᠲᠤᠩ ᠶᠠᠳᠠᠭᠤ ᠬᠦᠴᠢᠷᠳᠡᠯᠳᠡᠢ ᠭᠠᠵᠠᠷ ᠤᠷᠤᠨ ᠳᠠᠬᠢ ᠶᠠᠳᠠᠭᠤ ᠶᠢ ᠳᠡᠳᠭᠦᠭᠦ | ᠳᠠᠬᠢᠨ ᠵᠢᠭᠡᠯᠡᠯᠭᠡ ᠶᠢᠨ ᠡᠵᠡᠯᠡᠬᠦ ᠬᠤᠪᠢ ᠶᠢᠨ ᠵᠢᠩ ᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠶᠡᠭᠡ | ᠪᠤᠯᠭᠠᠬᠤ ᠪᠠᠷ ᠴᠢᠷᠮᠠᠶᠢᠨ᠎ᠠ᠃ | ᠳᠤᠯᠤᠭ᠎ᠠ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠡᠰᠢᠵᠢᠭᠰᠡᠨ ᠪᠡᠯᠡ ᠳᠤᠬᠢᠷᠠᠭᠤᠯᠬᠤ ᠵᠠᠮ ᠮᠦᠷ ᠢ | ᠦᠷᠭᠡᠳᠭᠡᠨ᠎ᠡ | ︵ᠬᠤᠷᠢᠨ ᠬᠤᠶᠠᠷ︶ ᠮᠦᠩᠭᠦᠨ ᠬᠦᠢᠯᠭᠡᠭᠡᠨ ᠤ ᠪᠡᠯᠡ ᠳᠤᠬᠢᠷᠠᠭᠤᠯᠬᠤ ᠦᠢᠯᠡᠴᠢᠯᠡᠭᠡᠨ ᠤ ᠳᠤᠭᠳᠠᠴᠠ ᠶᠢ | ᠳᠡᠭᠦᠯᠳᠡᠷᠵᠢᠭᠦᠯᠦᠨ᠎ᠡ᠃ ᠨᠦᠬᠦᠴᠡᠯ ᠳᠤ ᠨᠡᠶᠢᠴᠡᠬᠦ ᠮᠠᠯ ᠲᠠᠷᠢᠶᠠᠯᠠᠩ ᠳᠤ ᠬᠤᠯᠪᠤᠭᠳᠠᠭᠰᠠᠨ ᠠᠵᠤ ᠠᠬᠤᠶᠢᠯᠠᠯ ᠤᠨ | ᠬᠢᠯᠢ ᠶᠢᠨ ᠳᠤᠳᠤᠷ ᠭᠠᠳᠠᠨᠠᠬᠢ ᠬᠦᠷᠦᠩᠭᠡ ᠶᠢᠨ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠵᠦ᠂ ᠪᠦᠬᠦ ᠤᠯᠤᠰ ᠤᠨ | ᠳᠤᠮᠳᠠ ᠵᠢᠵᠢᠭ ᠠᠵᠤ ᠠᠬᠤᠶᠢᠯᠠᠯ ᠤᠨ ᠬᠤᠪᠢ ᠰᠢᠯᠵᠢᠭᠦᠯᠦᠨ ᠬᠤᠳᠠᠯᠳᠤᠬᠤ ᠰᠢᠰᠲ᠋ᠧᠮ᠂ ᠤᠷᠤᠨ ᠪᠦᠰᠡ ᠶᠢᠨ | ᠰᠲ᠋ᠤᠺ ᠤᠨ ᠡᠷᠬᠡ ᠠᠷᠠᠯᠵᠢᠶᠠᠯᠠᠬᠤ ᠵᠠᠬ᠎ᠠ ᠳᠡᠯᠭᠡᠭᠦᠷ ᠲᠤ ᠫᠠᠶᠢᠰᠠ ᠡᠯᠭᠦᠨ᠂ ᠮᠠᠯ ᠲᠠᠷᠢᠶᠠᠯᠠᠩ ᠳᠤ ᠬᠤᠯᠪᠤᠭᠳᠠᠭᠰᠠᠨ | ᠠᠵᠤ ᠠᠬᠤᠶᠢᠯᠠᠯ ᠤᠨ ᠪᠡᠯᠡ ᠳᠤᠬᠢᠷᠠᠭᠤᠯᠬᠤ ᠵᠠᠮ ᠮᠦᠷ ᠢ ᠦᠷᠭᠡᠳᠭᠡᠨ᠎ᠡ᠃ ᠨᠦᠬᠦᠴᠡᠯ ᠳᠤ ᠨᠡᠶᠢᠴᠡᠬᠦ ᠮᠠᠯ | ᠲᠠᠷᠢᠶᠠᠯᠠᠩ ᠳᠤ ᠬᠤᠯᠪᠤᠭᠳᠠᠭᠰᠠᠨ ᠠᠵᠤ ᠠᠬᠤᠶᠢᠯᠠᠯ ᠢ ᠵᠤᠷᠢᠬᠵᠢᠭᠤᠯᠵᠤ ᠬᠦᠳᠦᠯᠦᠨ ᠵᠢᠯᠤᠭᠤᠳᠴᠦ ᠪᠠᠶᠢᠭᠠᠳ | ᠤᠬᠤᠷ ᠬᠤᠭᠤᠴᠠᠭᠠᠨ ᠤ ᠪᠡᠯᠡ ᠳᠤᠬᠢᠷᠠᠭᠤᠯᠬᠤ ᠳᠡᠮᠳᠡᠭᠳᠦ᠂ ᠤᠷᠳᠤᠪᠳᠤᠷ ᠬᠤᠭᠤᠴᠠᠭᠠᠨ ᠤ ᠪᠠᠷᠢᠮᠳᠠ ᠪᠠ | ᠺᠤᠮᠫᠠᠨᠢ ᠶᠢᠨ ᠵᠢᠭᠡᠯᠡᠯᠭᠡ ᠵᠡᠷᠭᠡ ᠶᠢ ᠲᠠᠷᠬᠠᠭᠠᠬᠤ ᠪᠠᠷ ᠳᠠᠮᠵᠢᠭᠤᠯᠤᠨ ᠰᠢᠭᠤᠳ ᠪᠡᠯᠡ ᠲᠣᠬᠢᠷᠠᠭᠤᠯᠵᠤ᠂ ᠪᠡᠯᠡ | ᠳᠤᠬᠢᠷᠠᠭᠤᠯᠬᠤ ᠦᠪᠡᠷ ᠤᠨ ᠦᠷᠳᠡᠭ ᠢ ᠪᠠᠭᠤᠷᠠᠭᠤᠯᠤᠨ᠎ᠠ᠃ ᠨᠦᠬᠦᠴᠡᠯ ᠳᠤ ᠨᠡᠶᠢᠴᠡᠬᠦ ᠲᠠᠷᠢᠶᠠᠯᠠᠩ ᠳᠤ | ᠬᠤᠯᠪᠤᠭᠳᠠᠭᠰᠠᠨ ᠮᠦᠩᠭᠦᠨ ᠭᠦᠢᠯᠭᠡᠭᠡᠨ ᠤ ᠬᠠᠤᠯᠢ ᠶᠢᠨ ᠡᠷᠬᠡᠳᠡᠨ ᠲᠠᠢ ᠪᠠᠶᠢᠭᠤᠯᠤᠮᠵᠢ ᠶᠢ ᠳᠡᠮᠵᠢᠵᠤ ᠪᠠᠶᠢᠭᠠᠳ | ᠳᠡᠰᠯᠡᠬᠦ ᠵᠢᠭᠡᠯᠡᠯᠭᠡ ᠶᠢᠨ ᠳᠡᠮᠳᠡᠭᠳᠦ ᠲᠠᠷᠬᠠᠭᠠᠨ ᠬᠦᠷᠦᠩᠭᠡ ᠨᠦᠬᠦᠪᠦᠷᠢᠯᠡᠵᠦ᠂ ︽ᠲᠠᠷᠢᠶᠠᠯᠠᠩ ᠲᠠᠷᠢᠶᠠᠯᠠᠬᠤ ᠣᠷᠣᠨ | ᠲᠠᠷᠢᠶᠠᠴᠢᠨ︾ ᠤ ᠳᠤᠰᠬᠠᠢ ᠮᠦᠩᠭᠦᠨ ᠬᠦᠢᠯᠭᠡᠭᠡᠨ ᠤ ᠵᠢᠭᠡᠯᠡᠯᠭᠡ ᠪᠠ ᠳᠤᠰᠬᠠᠢ ᠮᠦᠩᠭᠦᠨ ᠬᠦᠢᠯᠭᠡᠭᠡᠨ ᠤ ᠵᠢᠵᠢᠭ | ᠪᠢᠴᠢᠯ ᠵᠢᠭᠡᠯᠡᠯᠭᠡ ᠲᠠᠷᠬᠠᠭᠠᠵᠤ ᠪᠠᠶᠢᠭᠠᠳ ᠪᠡᠯᠡ ᠮᠦᠩᠭᠦᠨ ᠤ ᠢᠷᠡᠯᠲᠡ ᠶᠢ ᠦᠷᠭᠡᠳᠭᠡᠨ᠎ᠡ᠃ ᠨᠦᠬᠦᠴᠡᠯ ᠳᠤ | ᠨᠡᠶᠢᠴᠡᠬᠦ ᠲᠠᠷᠢᠶᠠᠯᠠᠩ ᠳᠤ ᠬᠤᠯᠪᠤᠭᠳᠠᠭᠰᠠᠨ ᠮᠦᠩᠭᠦᠨ ᠭᠦᠢᠯᠭᠡᠭᠡᠨ ᠤ ᠬᠠᠤᠯᠢ ᠶᠢᠨ ᠡᠷᠬᠡᠳᠡᠨ ᠲᠠᠢ | ᠪᠠᠶᠢᠭᠤᠯᠤᠮᠵᠢ ᠶᠢᠨ ᠡᠳ᠋ ᠬᠦᠷᠦᠩᠭᠡ ᠶᠢ ᠳᠡᠮᠳᠡᠭᠳᠦᠴᠢᠯᠡᠬᠦ ᠳᠤᠬᠠᠶᠢᠯᠠᠭᠰᠠᠨ ᠠᠵᠢᠯ ᠦᠷᠨᠢᠭᠦᠯᠬᠦ ᠶᠢ ᠠᠬᠢᠭᠤᠯᠵᠤ᠂ | ᠢᠳᠡᠭᠡᠮᠵᠢᠳᠦ ᠵᠢᠭᠡᠯᠡᠯᠭᠡ ᠶᠢᠨ ᠤᠯᠠᠨ ᠡᠬᠢ ᠪᠠᠶᠠᠯᠢᠭ ᠢ ᠰᠢᠯᠵᠢᠭᠦᠯᠦᠨ ᠴᠢᠯᠦᠭᠡᠯᠡᠵᠦ ︽ᠮᠠᠯ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠬᠦᠭᠵᠢᠯᠳᠡ ᠶᠢ ᠳᠡᠮᠵᠢᠨ᠎ᠡ᠃ ᠪᠠᠷᠢᠮᠳᠠ ᠪᠠᠷ ᠪᠡᠯᠡ ᠳᠤᠬᠢᠷᠠᠭᠤᠯᠬᠤ | ᠠᠵᠢᠯᠯᠠᠭᠠᠨ ᠤ ᠳᠦᠭᠦᠮ ᠪᠦᠭᠡᠳ ᠠᠮᠢᠳᠤᠯᠢᠭ ᠠᠪᠰᠠᠷᠬᠠᠨ ᠵᠡᠷᠭᠡ ᠳᠠᠪᠠᠭᠤᠯᠢᠭ ᠢ ᠪᠠᠳᠠᠷᠠᠭᠤᠯᠵᠤ᠂ ᠮᠠᠯ | ᠲᠠᠷᠢᠶᠠᠯᠠᠩ ᠳᠤ ᠬᠤᠯᠪᠤᠭᠳᠠᠭᠰᠠᠨ ᠠᠵᠤ ᠠᠬᠤᠶᠢᠯᠠᠯ ᠤᠨ ᠪᠡᠯᠡ ᠮᠦᠩᠬᠦ ᠪᠠᠷ ᠳᠤᠳᠠᠭᠳᠠᠵᠤ ᠪᠠᠶᠢᠬᠤ ᠭᠡᠷᠡᠭᠴᠡᠭᠡ | ᠱᠠᠭᠠᠷᠳᠠᠯᠭ᠎ᠠ ᠶᠢ ᠨᠠᠮᠳᠠᠭᠠᠨ᠎ᠠ᠃ ᠲᠠᠷᠢᠶᠠᠯᠠᠩ ᠳᠤ ᠬᠤᠯᠪᠤᠭᠳᠠᠭᠰᠠᠨ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ | ᠭᠠᠷ ᠤᠨ ᠦᠰᠦᠭ ᠵᠢᠷᠤᠵᠤ ᠳᠠᠭᠠᠭᠠᠨ ᠰᠤᠯᠢᠬᠤ ᠪᠠᠷᠢᠮᠳᠠ ᠵᠢᠴᠢ ᠮᠠᠯ ᠲᠠᠷᠢᠶᠠᠯᠠᠩ ᠳᠤ ᠬᠤᠯᠪᠤᠭᠳᠠᠭᠰᠠᠨ ᠠᠵᠤ | ᠠᠬᠤᠶᠢᠯᠠᠯ ᠤᠨ ᠰᠠᠭᠤᠳᠬᠠᠯ ᠲᠠᠢ ᠵᠤᠭᠤᠰ ᠰᠤᠯᠢᠬᠤ ᠪᠠᠷᠢᠮᠳᠠ ᠳᠤ ᠳᠠᠬᠢᠨ ᠰᠠᠭᠤᠳᠬᠠᠯ ᠲᠠᠢ ᠵᠤᠭᠤᠰ ᠰᠤᠯᠢᠬᠤ ᠶᠢ | ᠤᠷᠢᠳ ᠢᠶᠠᠷ ᠬᠦᠢᠴᠡᠳᠭᠡᠵᠦ ᠦᠭᠭᠦᠨ᠎ᠡ᠃ | ᠨᠠᠢᠮᠠ᠂ ᠮᠠᠯᠵᠢᠬᠤ ᠲᠠᠷᠢᠶᠠᠯᠠᠬᠤ ᠤᠷᠤᠨ ᠳᠠᠬᠢ ᠮᠦᠩᠭᠦᠨ ᠬᠦᠢᠯᠭᠡᠭᠡᠨ ᠤ ᠦᠨᠳᠦᠰᠦᠨ ᠪᠡᠯᠡᠳᠭᠡᠮᠵᠢ ᠶᠢᠨ | ᠪᠦᠳᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ | ︵ᠬᠤᠷᠢᠨ ᠭᠤᠷᠪᠠ︶ ᠮᠠᠯᠵᠢᠬᠤ ᠲᠠᠷᠢᠶᠠᠯᠠᠬᠤ ᠤᠷᠤᠨ ᠳᠠᠬᠢ ᠲᠤᠭᠠᠴᠠᠭ᠎ᠠ ᠬᠢᠬᠦ ᠤᠷᠴᠢᠨ ᠨᠦᠬᠦᠴᠡᠯ ᠤᠨ | ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠲᠠᠷᠢᠶᠠᠯᠠᠩ ᠳᠤ ᠳᠤᠰᠠᠯᠠᠬᠤ ᠵᠤᠭᠤᠰ ᠢ ᠭᠠᠷᠭᠠᠨ ᠠᠪᠬᠤ | ᠦᠢᠯᠡᠴᠢᠯᠡᠭᠡᠨ ᠤ ᠴᠡᠭ ᠤᠨ ᠪᠠᠶᠢᠷᠢᠰᠢᠯ ᠪᠠ ᠮᠠᠰᠢᠨ ᠪᠠᠭᠠᠵᠢ ᠳᠤᠬᠢᠷᠠᠭᠤᠯᠬᠤ ᠶᠢ ᠰᠢᠯᠢᠳᠡᠭᠵᠢᠭᠦᠯᠵᠦ᠂ ᠵᠠᠰᠠᠭ | ᠵᠠᠬᠢᠷᠭᠠᠨ ᠤ ᠭᠠᠴᠠᠭ᠎ᠠ ᠳᠤᠰᠬᠤᠨ ᠳᠠᠬᠢ ᠲᠠᠷᠢᠶᠠᠯᠠᠩ ᠳᠤ ᠳᠤᠰᠠᠯᠠᠬᠤ ᠵᠤᠭᠤᠰ ᠢ ᠭᠠᠷᠭᠠᠨ ᠠᠪᠬᠤ ᠴᠡᠭ ᠤᠨ | ᠨᠡᠶᠢᠳᠡᠮ ᠬᠠᠮᠤᠷᠠᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠪᠠᠩᠭᠢ ᠶᠢᠨ ᠦᠢᠯᠡᠰ ᠤᠨ ᠪᠠᠶᠢᠭᠤᠯᠤᠮᠵᠢ ᠪᠠ | ᠪᠠᠩᠬᠢ ᠶᠢᠨ ᠪᠤᠰᠤ ᠳᠤᠭᠠᠴᠠᠭ᠎ᠠ ᠬᠢᠬᠦ ᠪᠠᠶᠢᠭᠤᠯᠤᠮᠵᠢ ᠨᠤᠭᠤᠳ ᠢ ᠵᠤᠷᠢᠬᠵᠢᠭᠤᠯᠵᠤ ᠪᠠᠶᠢᠭᠠᠳ ᠮᠠᠯᠵᠢᠬᠤ ᠲᠠᠷᠢᠶᠠᠯᠠᠬᠤ | ᠤᠷᠤᠨ ᠳᠤ ᠠᠮᠤᠷ ᠲᠦᠪᠰᠢᠨ ᠪᠦᠭᠡᠳ ᠨᠠᠶᠢᠳᠠᠪᠤᠷᠢᠳᠠᠢ ᠰᠦᠯᠵᠢᠶ᠎ᠡ ᠪᠠᠷ ᠳᠤᠭᠠᠴᠠᠭ᠎ᠠ ᠬᠢᠬᠦ ᠪᠠ ᠭᠠᠷ ᠤᠳᠠᠰᠤ ᠪᠠᠷ | ᠳᠤᠭᠠᠴᠠᠭ᠎ᠠ ᠬᠢᠬᠦ ᠵᠡᠷᠭᠡ ᠮᠦᠩᠭᠦᠨ ᠭᠦᠢᠯᠭᠡᠭᠡᠨ ᠤ ᠰᠢᠯᠵᠢᠭᠡ ᠦᠢᠯᠡᠴᠢᠯᠡᠭᠡ ᠬᠠᠩᠭᠠᠬᠤ ᠪᠣᠯᠭᠠᠵᠤ᠂ ᠲᠠᠷᠢᠶᠠᠯᠠᠩ ᠳᠤ | ᠳᠤᠰᠠᠯᠠᠬᠤ ᠵᠤᠭᠤᠰ ᠭᠠᠷᠭᠠᠨ ᠠᠪᠬᠤ ᠴᠡᠭ ᠨᠢ ᠮᠦᠩᠭᠦᠨ ᠬᠦᠢᠯᠭᠡᠭᠡᠨ ᠤ ᠦᠢᠯᠡᠴᠢᠯᠡᠭᠡ᠂ ᠡᠯᠧᠺᠲᠷᠤᠨ | ᠬᠤᠳᠠᠯᠳᠤᠭ᠎ᠠ᠂ ᠵᠠᠰᠠᠭ ᠤᠨ ᠤᠷᠳᠤᠨ ᠤ ᠦᠢᠯᠡᠴᠢᠯᠡᠭᠡ ᠵᠡᠷᠭᠡ ᠲᠠᠢ ᠨᠢᠭᠡᠳᠦᠭᠰᠡᠨ ᠤᠯᠠᠨ ᠴᠢᠳᠠᠮᠵᠢᠳᠤ ᠲᠠᠷᠢᠶᠠᠯᠠᠩ ᠢ | ᠳᠤᠰᠠᠯᠠᠬᠤ ᠮᠦᠩᠭᠦᠨ ᠭᠦᠢᠯᠭᠡᠭᠡᠨ ᠤ ᠦᠢᠯᠡᠴᠢᠯᠡᠬᠦ ᠴᠡᠭ ᠪᠤᠯᠭᠠᠨ᠎ᠠ᠃ ᠳᠤᠰᠬᠤᠨ ᠪᠠᠯᠭᠠᠰᠤᠨ ᠤ ᠪᠠᠩᠬᠢ ᠵᠡᠷᠭᠡ | ᠬᠦᠳᠡᠭᠡ ᠳᠤᠰᠬᠤᠨ ᠳᠠᠬᠢ ᠮᠦᠩᠭᠦᠨ ᠭᠦᠢᠯᠭᠡᠭᠡᠨ ᠤ ᠦᠢᠯᠡᠴᠢᠯᠡᠬᠦ ᠪᠠᠶᠢᠭᠤᠯᠤᠮᠵᠢ ᠪᠠ ᠲᠣᠣᠷ ᠴᠡᠭ ᠢ ᠳᠡᠮᠵᠢᠵᠦ | ᠪᠠᠶᠢᠭᠠᠳ ᠠᠮᠢᠳᠤᠯᠢᠭ ᠲᠦᠭᠦᠮ ᠲᠦᠷᠭᠡᠨ ᠠᠷᠭ᠎ᠠ ᠶᠢ ᠭᠡᠷᠡᠭᠯᠡᠨ ᠳᠤᠭᠠᠴᠠᠭ᠎ᠠ ᠬᠢᠵᠦ ᠳᠠᠩᠰᠠ ᠪᠤᠳᠤᠬᠤ | ᠰᠢᠰᠲ᠋ᠧᠮ ᠲᠠᠢ ᠵᠠᠯᠭᠠᠭᠤᠯᠤᠨᠡ᠃ | ︵ᠬᠤᠷᠢᠨ ᠳᠦᠷᠪᠡ︶ ᠮᠠᠯᠵᠢᠬᠤ ᠲᠠᠷᠢᠶᠠᠯᠠᠬᠤ ᠤᠷᠤᠨ ᠳᠠᠬᠢ ᠢᠳᠡᠭᠡᠮᠵᠢ ᠶᠢᠨ ᠰᠢᠰᠲ᠋ᠧᠮᠵᠢ ᠶᠢᠨ ᠪᠦᠳᠦᠭᠡᠨ | ᠪᠠᠶᠢᠭᠤᠯᠤᠯᠲᠡ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠪᠠ ᠵᠢᠵᠢᠭ ᠪᠢᠴᠢᠯ ᠠᠵᠤ ᠠᠬᠤᠶᠢᠯᠠᠯ ᠤᠨ | ᠢᠳᠡᠭᠡᠮᠵᠢ ᠶᠢᠨ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠤᠯᠭᠠᠵᠤ᠂ ᠮᠠᠯᠵᠢᠬᠤ ᠲᠠᠷᠢᠶᠠᠯᠠᠬᠤ | ᠡᠷᠦᠬᠡ ᠪᠠ ᠵᠢᠵᠢᠭ ᠪᠢᠴᠢᠯ ᠠᠵᠤ ᠠᠬᠤᠶᠢᠯᠠᠯ ᠵᠡᠷᠭᠡ ᠶᠢᠨ ᠢᠳᠡᠭᠡᠮᠵᠢ ᠶᠢᠨ ᠮᠡᠳᠡᠭᠡ ᠵᠠᠩᠬᠢ ᠶᠢᠨ ᠳ᠋ᠠᠶᠢᠲ᠋ᠠ | ᠬᠦᠮᠦᠷᠭᠡ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠡᠷᠦᠬᠡ᠂ | ᠮᠠᠯᠵᠢᠯ ᠲᠠᠷᠢᠶᠠᠯᠠᠩ ᠤᠨ ᠳᠠᠯᠠᠪᠠᠢ᠂ ᠮᠠᠯᠴᠢᠨ ᠲᠠᠷᠢᠶᠠᠴᠢᠨ ᠤ ᠬᠤᠷᠰᠢᠶᠠᠯᠠᠯ᠂ ᠰᠡᠯᠡᠭᠦᠴᠡᠯ ᠤᠨ ᠮᠠᠯ ᠲᠠᠷᠢᠶᠠᠯᠠᠩ ᠪᠠ | ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠳᠦᠭᠡᠭᠳᠡᠭᠦᠨ᠂ ᠡᠳ᠋ᠰᠢᠭᠦᠯᠬᠦ ᠠᠵᠤ ᠠᠬᠤᠶᠢᠯᠠᠯ ᠵᠡᠷᠭᠡ ᠮᠠᠯᠵᠢᠬᠤ | ᠲᠠᠷᠢᠶᠠᠯᠠᠬᠤ ᠤᠷᠤᠨ ᠤ ᠨᠡᠶᠢᠭᠡᠮ ᠤᠨ ᠪᠦᠷᠢᠯᠳᠦᠭᠦᠨ ᠪᠣᠯᠬᠤ ᠬᠡᠰᠢᠭᠦᠳ ᠲᠤ ᠢᠳᠡᠭᠡᠮᠵᠢ ᠶᠢᠨ ᠳᠠᠩᠰᠠ ᠵᠤᠬᠢᠶᠠᠨ | ᠦᠭᠴᠦ᠂ ᠮᠠᠯᠵᠢᠬᠤ ᠲᠠᠷᠢᠶᠠᠯᠠᠬᠤ ᠤᠷᠤᠨ ᠳᠠᠬᠢ ᠢᠳᠡᠭᠡᠮᠵᠢ ᠶᠢᠨ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠢᠳᠡᠭᠡᠮᠵᠢᠳᠦ ᠡᠷᠦᠬᠡ᠂ ᠢᠳᠡᠭᠡᠮᠵᠢᠳᠦ ᠳᠤᠰᠬᠤᠨ᠂ ᠢᠳᠡᠭᠡᠮᠵᠢᠳᠦ ᠰᠢᠶᠠᠩ ︵ᠪᠠᠯᠭᠠᠰᠤ︶ ᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠳᠡᠢ ᠦᠷᠨᠢᠭᠦᠯᠦᠨ᠎ᠡ᠃ | ︵ᠬᠤᠷᠢᠨ ᠲᠠᠪᠤ︶ ᠮᠦᠩᠭᠦᠨ ᠬᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠷᠴᠢᠮ ᠢ | ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠧᠯᠸᠢᠰ ᠷᠠᠳᠢᠤ᠋᠂ ᠨᠤᠮ | ᠰᠡᠳᠭᠦᠯ᠂ ᠳᠤᠭᠠᠴᠠᠯᠠᠭᠰᠠᠨ ᠵᠠᠭᠤᠴᠢᠯᠠᠭᠤᠷ ᠵᠡᠷᠭᠡ ᠠᠷᠭ᠎ᠠ ᠵᠠᠮ ᠢ ᠦᠷᠭᠡᠨ ᠢᠶᠠᠷ ᠠᠰᠢᠭᠯᠠᠵᠤ᠂ ᠤᠯᠠᠨ ᠳᠠᠪᠬᠤᠷᠭ᠎ᠠ | ᠪᠠ ᠦᠷᠭᠡᠨ ᠬᠠᠷᠠᠭᠠᠰᠤ ᠠᠴᠠ ᠮᠦᠩᠭᠦᠨ ᠬᠦᠢᠯᠭᠡᠭᠡᠨ ᠤ ᠦᠨᠳᠦᠰᠦᠨ ᠮᠡᠳᠡᠯᠭᠡ ᠶᠢ ᠲᠦᠭᠡᠮᠡᠯᠵᠢᠭᠦᠯᠦᠨ᠎ᠡ᠃ ᠮᠠᠯᠵᠢᠬᠤ | ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠡᠢ ᠬᠦᠮᠦᠨ ᠠᠮᠨ ᠳᠤ ᠴᠢᠭᠯᠡᠭᠦᠯᠦᠨ ᠳᠤᠰᠬᠠᠢ ᠬᠦᠮᠦᠵᠢᠭᠦᠯᠬᠦ | ᠠᠵᠢᠯᠯᠠᠭ᠎ᠠ ᠦᠷᠨᠢᠭᠦᠯᠵᠦ᠂ ᠮᠦᠩᠭᠦᠨ ᠬᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠲᠠᠨᠢᠯᠲᠠ | ᠪᠠ ᠴᠢᠳᠠᠪᠤᠷᠢ ᠶᠢ ᠳᠡᠭᠡᠭᠰᠢᠯᠡᠭᠦᠯᠵᠦ᠂ ᠲᠦᠭᠰᠢᠭᠦᠷᠢ ᠶᠢ ᠦᠪᠡᠷ ᠢᠶᠠᠨ ᠳᠠᠭᠠᠭᠠᠵᠤ ᠬᠦᠯᠢᠴᠡᠬᠦ ᠴᠢᠳᠠᠪᠤᠷᠢ ᠪᠠ | ᠮᠦᠩᠭᠦᠨ ᠬᠦᠢᠯᠭᠡᠭᠡᠨ ᠤ ᠨᠡᠷᠡᠳᠭᠦᠨ ᠤ ᠲᠦᠭᠰᠢᠭᠦᠷᠢᠳᠦ ᠤᠨᠴᠠᠯᠢᠭ ᠢ ᠦᠨᠳᠦᠰᠦᠯᠡᠨ ᠤᠬᠠᠮᠵᠢᠳᠠᠢ ᠪᠡᠯᠡ | ᠤᠷᠤᠭᠤᠯᠬᠤ ᠬᠢᠭᠡᠳ ᠬᠡᠷᠡᠭᠯᠡᠬᠦ ᠶᠢ ᠨᠢ ᠬᠦᠳᠦᠯᠦᠨ ᠵᠢᠯᠤᠭᠤᠳᠤᠨ᠎ᠠ᠃ ᠮᠠᠯᠵᠢᠬᠤ ᠲᠠᠷᠢᠶᠠᠯᠠᠬᠤ ᠤᠷᠤᠨ ᠳᠠᠬᠢ ᠬᠠᠤᠯᠢ | ᠪᠤᠰᠤ ᠪᠠᠷ ᠪᠡᠯᠡ ᠴᠤᠭᠯᠠᠭᠤᠯᠬᠤ ᠪᠠ ᠮᠦᠩᠭᠦᠨ ᠭᠦᠢᠯᠭᠡᠭᠡᠨ ᠤ ᠮᠡᠬᠡᠯᠡᠨ ᠬᠢᠬᠠᠬᠤ ᠵᠡᠷᠭᠡ ᠳᠤ ᠬᠦᠴᠦᠳᠡᠢ ᠴᠤᠬᠢᠯᠲᠠ | ᠦᠭᠴᠤ᠂ ᠮᠠᠯᠵᠢᠬᠤ ᠲᠠᠷᠢᠶᠠᠯᠠᠬᠤ ᠤᠷᠤᠨ ᠤ ᠦᠨᠳᠦᠷ ᠬᠦᠦ ᠲᠠᠢ ᠵᠢᠭᠡᠯᠡᠯᠭᠡ ᠳᠤ ᠶᠡᠷᠦᠩᠬᠡᠶᠢᠯᠡᠨ ᠵᠠᠰᠠᠬᠤ ᠠᠵᠢᠯ ᠢ | ᠦᠷᠭᠦᠯᠵᠢᠯᠡᠨ ᠬᠦᠨᠵᠡᠭᠡᠢ ᠠᠬᠢᠭᠤᠯᠤᠨ᠎ᠠ᠃ | ᠶᠢᠰᠦ᠂ ᠮᠦᠩᠭᠦᠨ ᠬᠦᠢᠯᠭᠡᠭᠡ᠂ ᠡᠳ᠋ ᠤᠨ ᠵᠠᠰᠠᠭ ᠤᠨ ᠲᠥᠷᠥ ᠶᠢᠨ ᠪᠤᠳᠤᠯᠭ᠎ᠠ ᠶᠢᠨ ᠨᠡᠶᠢᠯᠡᠮᠡᠯ ᠬᠦᠴᠦᠨ ᠤ | ᠦᠢᠯᠡᠳᠦᠯ ᠢ ᠢᠳᠡᠪᠬᠢᠳᠡᠢ ᠪᠠᠳᠠᠷᠠᠭᠤᠯᠤᠨ᠎ᠠ | ︵ᠬᠤᠷᠢᠨ ᠵᠢᠷᠭᠤᠭ᠎ᠠ︶ ᠡᠳ᠋ ᠤᠨ ᠵᠠᠰᠠᠭ ᠤᠨ ᠪᠡᠯᠡ ᠮᠦᠩᠭᠦ ᠪᠠᠷ ᠬᠦᠳᠦᠯᠦᠨ ᠵᠢᠯᠤᠭᠤᠳᠬᠤ ᠦᠢᠯᠡᠳᠦᠯ ᠢ | ᠢᠳᠡᠪᠬᠢᠳᠡᠢ ᠪᠠᠳᠠᠷᠠᠭᠤᠯᠤᠨ᠎ᠠ᠃ ᠮᠠᠯ ᠲᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠭᠦ ᠶᠢ ᠡᠮᠬᠢᠯᠡᠨ ᠨᠡᠶᠢᠯᠡᠭᠦᠯᠬᠦ | ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠡᠳ᠋ ᠤᠨ ᠵᠠᠰᠠᠭ ᠤᠨ ᠪᠡᠯᠡ ᠮᠦᠩᠭᠦ ᠪᠠᠷ ᠬᠦᠳᠦᠯᠦᠨ | ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠡᠯ᠎ᠡ ᠲᠥᠷᠥᠯ ᠤᠨ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢ | ᠤᠷᠮᠠᠰᠢᠭᠤᠯᠵᠤ ᠬᠦᠳᠦᠯᠦᠨ ᠵᠢᠯᠤᠭᠤᠳᠴᠦ ᠪᠠᠶᠢᠭᠠᠳ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ︾ ᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠡᠳ᠋ ᠤᠨ ᠵᠠᠰᠠᠭ ᠪᠠ ᠪᠠᠩᠬᠢ ᠶᠢᠨ ᠬᠠᠮᠲᠤᠷᠠᠯᠴᠠᠭᠠᠨ ᠤ | ᠳᠠᠪᠴᠠᠩ ᠢ ᠪᠠᠶᠢᠭᠤᠯᠵᠤ᠂ ᠵᠢᠭᠡᠯᠡᠯᠭᠡ ᠠᠴᠠ ᠡᠮᠦᠨ᠎ᠡ ᠰᠤᠩᠭᠤᠨ ᠳᠠᠨᠢᠯᠴᠠᠭᠤᠯᠬᠤ ᠪᠠ ᠵᠢᠭᠡᠯᠡᠯᠭᠡ ᠶᠢᠨ ᠳᠠᠷᠠᠭ᠎ᠠ ᠬᠦᠦ | ᠮᠦᠩᠬᠦ ᠶᠢ ᠨᠢ ᠤᠷᠤᠯᠠᠨ ᠲᠦᠯᠦᠬᠦ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠶᠢ ᠬᠡᠷᠡᠭᠯᠡᠨ᠂ ᠮᠠᠯ ᠲᠠᠷᠢᠶᠠᠯᠠᠩ ᠤᠨ | ᠠᠵᠤ ᠦᠢᠯᠡᠰᠵᠢᠭᠰᠡᠨ ᠬᠦᠳᠦᠴᠢ ᠠᠵᠤ ᠠᠬᠤᠶᠢᠯᠠᠯ ᠤᠳ ᠪᠠᠩᠬᠢ ᠶᠢᠨ ᠵᠢᠭᠡᠯᠡᠯᠭᠡ ᠤᠯᠬᠤ ᠳᠤ ᠲᠥᠷᠥ ᠶᠢᠨ | ᠪᠤᠳᠤᠯᠭ᠎ᠠ ᠶᠢᠨ ᠳᠡᠮᠵᠢᠯᠭᠡ ᠦᠵᠡᠭᠦᠯᠦᠨ᠎ᠡ᠃ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ︾ ᠳᠤ ᠴᠢᠭᠯᠡᠭᠦᠯᠦᠭᠰᠡᠨ ᠮᠠᠯ ᠲᠠᠷᠢᠶᠠᠯᠠᠩ ᠤᠨ ᠳᠤᠰᠬᠠᠢ ᠮᠡᠷᠭᠡᠵᠢᠯ ᠤᠨ ᠴᠢᠨᠠᠷᠲᠠᠢ ᠳᠠᠭᠠᠭᠠᠯᠲᠠ ᠬᠢᠬᠦ | ᠪᠠᠶᠢᠭᠤᠯᠤᠮᠵᠢ ᠶᠢ ᠬᠦᠴᠦᠳᠡᠢ ᠳᠡᠮᠵᠢᠵᠦ᠂ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ ᠡᠵᠡᠩᠨᠡᠯᠲᠡ ᠶᠢᠨ ᠭᠤᠣᠯ | ᠴᠤᠭᠴᠨ ᠳᠤ ᠵᠢᠭᠡᠯᠡᠯᠭᠡ ᠶᠢᠨ ᠳᠠᠭᠠᠭᠠᠯᠲᠠ ᠬᠢᠬᠦ ᠶᠢ ᠨᠢ ᠵᠤᠷᠢᠬᠵᠢᠭᠤᠯᠤᠨ᠎ᠠ᠃ ᠵᠠᠰᠠᠭ ᠤᠨ ᠣᠷᠳᠤᠨ ᠤ ᠡᠳ᠋ ᠤᠨ | ᠵᠠᠰᠠᠭ ᠢᠶᠠᠷ ᠭᠤᠣᠯ ᠤᠳᠤᠷᠢᠳᠤᠮᠵᠢ ᠪᠣᠯᠭᠠᠭᠰᠠᠨ ᠮᠠᠯ ᠲᠠᠷᠢᠶᠠᠯᠠᠩ ᠤᠨ ᠵᠢᠭᠡᠯᠡᠯᠭᠡ ᠶᠢᠨ ᠤᠯᠠᠨ ᠳᠡᠰ | ᠳᠠᠪᠬᠤᠷᠭ᠎ᠠ ᠲᠠᠢ ᠳᠠᠭᠠᠭᠠᠯᠲᠠ ᠬᠢᠬᠦ ᠰᠢᠰᠲ᠋ᠧᠮᠵᠢ ᠶᠢ ᠪᠠᠶᠢᠭᠤᠯᠤᠨ ᠳᠡᠭᠦᠯᠳᠡᠷᠵᠢᠭᠦᠯᠵᠦ᠂ ᠪᠠᠩᠬᠢ ᠶᠢᠨ ᠦᠢᠯᠡᠰ ᠤᠨ | ᠪᠠᠶᠢᠭᠤᠯᠤᠮᠵᠢ ᠨᠤᠭᠤᠳ ᠢ ᠳᠡᠮᠵᠢᠵᠦ ᠪᠠᠶᠢᠭᠠᠳ ᠲᠥᠷᠥ ᠶᠢᠨ ᠪᠤᠳᠤᠯᠭ᠎ᠠ ᠶᠢᠨ ᠴᠢᠨᠠᠷ ᠪᠦᠬᠦᠢ ᠲᠦᠰᠢᠭ ᠲᠠᠢ | ᠳᠠᠭᠠᠭᠠᠯᠲᠠ ᠬᠢᠬᠦ ᠪᠠᠶᠢᠭᠤᠯᠤᠮᠵᠢ ᠯᠤᠭ᠎ᠠ ᠳᠣᠬᠠᠶᠢᠯᠠᠭᠰᠠᠨ ᠠᠵᠢᠯ ᠤᠨ ᠬᠠᠮᠳᠤᠷᠤᠯᠴᠠᠭ᠎ᠠ ᠶᠢ ᠨᠢ ᠢᠳᠡᠪᠬᠢᠳᠡᠢ | ᠦᠷᠨᠢᠭᠦᠯᠤᠨ᠂ ᠵᠠᠰᠠᠭ ᠤᠨ ᠣᠷᠳᠣᠨ ᠪᠠᠩᠬᠢ ᠳᠠᠭᠠᠳᠬᠠᠯ ᠤᠨ ᠺᠤᠮᠫᠠᠨᠢ ᠶᠢᠨ ᠬᠠᠮᠲᠤᠷᠠᠯᠴᠠᠭᠠᠨ ᠤ ᠰᠢᠨ᠎ᠡ ᠵᠠᠭᠪᠤᠷ ᠢ | ᠪᠠᠶᠢᠭᠤᠯᠤᠨ᠎ᠠ᠃ | ︵ᠳᠤᠰ ᠪᠢᠴᠢᠭ ᠮᠠᠲ᠋ᠧᠷᠢᠶᠠᠯ ᠢ ᠢᠯᠡ ᠨᠡᠶᠢᠳᠡᠯᠡᠨ᠎ᠡ︶ |