ᠪᠦ᠋ ᠰᠢᠶᠤᠤ ᠯᠢᠨ ᠤᠷᠳᠤᠰ ᠬᠤᠳᠠ ᠳᠤ ᠪᠠᠶᠢᠴᠠᠭᠠᠨ ᠰᠤᠳᠤᠯᠬᠤ ᠳᠤ ᠪᠠᠨ ᠴᠢᠬᠤᠯᠠᠴᠢᠯᠠᠬᠰᠠᠨ ᠨᠢ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠬᠯᠠᠵᠥ ᠬᠤᠪᠢᠰᠬᠠᠯ ᠤᠨ ᠤᠳᠤᠮᠰᠢᠯ ᠢ ᠰᠠᠶᠢᠲᠤᠷ ᠤᠯᠠᠮᠵᠢᠯᠠᠬᠤ ᠬᠡᠷᠡᠭᠳᠡᠢ ᠭᠡᠵᠡᠢ
ᠨᠡᠶᠢᠲᠡᠯᠡᠭᠰᠡᠨ ᠴᠠᠭ᠄
2019/3/25
     3 ᠳ᠋ᠤᠭᠠᠷ ᠰᠠᠷ᠎ᠠ ᠶᠢᠨ 23᠎ ᠤ ᠦᠳᠡ ᠶᠢᠨ ᠬᠤᠶᠢᠨ᠎ᠠ ᠠᠴᠠ 24᠎ ᠤ ᠡᠳᠤᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠤᠷᠳᠤᠰ ᠬᠤᠳᠠ ᠶᠢᠨ ᠤᠳᠤᠬ ᠬᠤᠰᠢᠭᠤ᠂ ᠬᠠᠩᠬᠢᠨ ᠬᠤᠰᠢᠭᠤᠨ ᠳᠤ ᠬᠦᠷᠴᠤ ᠪᠠᠶᠢᠴᠠᠭᠠᠨ ᠰᠤᠳᠤᠯᠪᠠ᠃      ᠳᠤᠭᠤᠷᠢᠮ ᠤᠷᠤᠨ ᠪᠤᠯ ᠨᠠᠮ ᠠᠴᠠ ᠦᠪᠦᠷ ᠮᠤᠩᠭᠤᠯ ᠤᠨ ᠲᠤᠮᠳᠠ ᠪᠠᠷᠠᠭᠤᠨ ᠤᠷᠤᠨ ᠤ ᠬᠤᠪᠢᠰᠬᠠᠯ ᠤᠨ ᠬᠦᠴᠦᠨ ᠢ ᠤᠳᠤᠷᠢᠳᠤᠨ ᠶᠠᠫᠤᠨ ᠢ ᠡᠰᠡᠷᠬᠦᠴᠡᠬᠦ ᠳᠠᠶᠢᠨ ᠦᠷᠨᠢᠬᠦᠯᠵᠥ᠂ ᠴᠢᠯᠦᠬᠡᠯᠡᠬᠦ ᠳᠠᠶᠢᠨ ᠬᠢᠭᠰᠡᠨ ᠴᠢᠬᠤᠯᠠ ᠰᠠᠭᠤᠷᠢᠨ ᠭᠠᠵᠠᠷ ᠪᠤᠯᠤᠨ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠠᠶᠢᠭᠤᠯᠤᠭᠳᠠᠬᠤ ᠪᠠ ᠳᠤᠮᠳᠠᠳᠤ ᠤᠯᠤᠰ ᠤᠨ ᠬᠤᠪᠢᠰᠬᠠᠯ ᠤᠨ ᠢᠯᠠᠯᠳᠠ ᠤᠯᠬᠤ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠶᠤᠮ᠃ ᠪᠦ᠋ ᠰᠢᠶᠤᠤ ᠯᠢᠨ ᠤᠳᠤᠬ ᠬᠤᠰᠢᠭᠤᠨ ᠤ ᠦᠮᠡᠬᠡᠢ ᠨᠠᠭᠤᠷ ᠪᠠᠯᠭᠠᠰᠤᠨ ᠤ ᠬᠤᠪᠢᠰᠬᠠᠯ ᠤᠨ ᠳᠡᠥᠬᠡ ᠶᠢᠨ ᠦᠵᠡᠰᠬᠦᠯᠡᠩ ᠤᠨ ᠤᠷᠳᠤᠨ ᠳᠤ ᠢᠷᠡᠵᠥ᠂ ᠳᠤᠭᠤᠷᠢᠮ ᠪᠠ ᠦᠮᠡᠬᠡᠢ ᠨᠠᠭᠤᠷ ᠤᠷᠤᠨ ᠤ 1935 ᠤᠨ ᠠᠴᠠ 1949 ᠤᠨ ᠬᠦᠷᠳᠡᠯᠡᠬᠢ ᠬᠤᠪᠢᠰᠬᠠᠯ ᠤᠨ ᠳᠡᠮᠡᠴᠡᠯ ᠤᠨ ᠳᠡᠥᠬᠡ ᠶᠢᠨ ᠲᠠᠶᠢᠯᠪᠤᠷᠢᠯᠠᠯᠲᠠ ᠶᠢ ᠰᠤᠨᠤᠰᠪᠠ᠃ ᠳᠤᠭᠤᠷᠢᠮ ᠳᠤᠰᠬᠤᠨ ᠳᠤ᠂ ᠪᠦ᠋ ᠰᠢᠶᠤᠤ ᠯᠢᠨ ᠨᠠᠮ ᠤᠨ ᠳᠤᠭᠤᠷᠢᠮ ᠤᠷᠤᠨ ᠳᠤ ᠦᠷᠨᠢᠬᠦᠯᠦᠭᠰᠡᠨ ᠬᠤᠪᠢᠰᠬᠠᠯ ᠤᠨ ᠳᠡᠮᠡᠴᠡᠯ ᠤᠨ ᠪᠠᠶᠢᠳᠠᠯ ᠢ ᠨᠠᠷᠢᠨ ᠦᠢᠯᠠᠭᠠᠬᠰᠠᠨ ᠪᠦᠬᠡᠳ ᠤᠯᠠᠭᠠᠨᠬᠦᠦ ᠶᠢᠨ ᠬᠤᠪᠢᠰᠬᠠᠯ ᠤᠨ ᠠᠵᠢᠯᠯᠠᠭ᠎ᠠ ᠶᠢᠨ ᠬᠠᠭᠤᠴᠢᠨ ᠪᠠᠭᠤᠷᠢ ᠶᠢ ᠳᠤᠭᠤᠷᠢᠨ ᠦᠵᠡᠪᠡ᠃ ᠳᠡᠷᠡ ᠵᠢᠭᠠᠭᠰᠠᠨ ᠨᠢ᠂ ᠬᠤᠪᠢᠰᠬᠠᠯ ᠤᠨ ᠡᠬᠢ ᠪᠠᠶᠠᠯᠢᠭ ᠨᠢ ᠡᠯᠪᠡᠭ ᠪᠠᠶᠠᠯᠢᠭ ᠬᠤᠪᠢᠰᠬᠠᠯ ᠤᠨ ᠵᠤᠷᠢᠭ ᠰᠠᠨᠠᠭ᠎ᠠ ᠪᠠ ᠬᠦᠨ ᠬᠦᠨᠵᠡᠬᠡᠢ ᠳᠡᠥᠬᠡ ᠰᠤᠶᠤᠯ ᠢ ᠬᠠᠳᠠᠭᠠᠯᠠᠵᠥ᠂ ᠠᠬᠠᠮᠠᠳ ᠨᠢᠬᠡ ᠦᠶ᠎ᠡ ᠶᠢᠨ ᠬᠤᠪᠢᠰᠬᠠᠯᠴᠢᠳ ᠤᠨ ᠡᠷᠬᠢᠮ ᠳᠡᠬᠡᠳᠤ ᠬᠦᠰᠡᠯᠡᠩ ᠪᠤᠯᠤᠨ ᠡᠷᠡᠰ ᠪᠠᠳᠤ ᠢᠳᠡᠬᠡᠯ ᠵᠤᠷᠢᠭ ᠢ ᠢᠯᠡᠷᠡᠬᠦᠯᠵᠥ᠂ ᠨᠠᠮ ᠤᠨ ᠰᠢᠯᠢᠳᠡᠭ ᠰᠠᠶᠢᠨ ᠬᠤᠪᠢᠰᠬᠠᠯ ᠤᠨ ᠤᠯᠠᠮᠵᠢᠯᠠᠯ ᠪᠤᠯᠤᠨ ᠨᠡᠶᠢᠲᠡ ᠶᠢᠨ ᠤᠶᠤᠨ ᠤᠬᠠᠭᠠᠨ ᠢ ᠨᠢᠬᠳᠠᠷᠠᠭᠤᠯᠵᠥ ᠪᠠᠶᠢᠭ᠎ᠠ ᠶᠤᠮ᠃ ᠬᠤᠪᠢᠰᠬᠠᠯ ᠤᠨ ᠡᠬᠢ ᠪᠠᠶᠠᠯᠢᠭ ᠢ ᠪᠦᠳᠦᠮᠵᠢᠳᠡᠢ ᠬᠠᠮᠠᠭᠠᠯᠠᠨ᠂ ᠰᠠᠶᠢᠲᠤᠷ ᠨᠡᠬᠡᠬᠡᠨ ᠠᠰᠢᠬᠯᠠᠵᠥ᠂ ᠬᠤᠪᠢᠰᠬᠠᠯ ᠤᠨ ᠤᠯᠠᠮᠵᠢᠯᠠᠯ ᠢ ᠰᠠᠶᠢᠲᠤᠷ ᠪᠠᠳᠠᠷᠠᠭᠤᠯᠵᠥ᠂ ᠬᠤᠪᠢᠰᠬᠠᠯ ᠤᠨ ᠤᠳᠤᠮᠰᠢᠯ ᠢ ᠰᠠᠶᠢᠲᠤᠷ ᠤᠯᠠᠮᠵᠢᠯᠠᠵᠥ᠂ ᠬᠤᠪᠢᠰᠬᠠᠯ ᠤᠨ ᠬᠦᠮᠦᠵᠢᠯ ᠤᠨ ᠰᠠᠭᠤᠷᠢᠨ ᠤ ᠵᠢᠱᠢᠶᠠᠴᠢ ᠦᠵᠡᠭᠦᠯᠬᠦ ᠦᠢᠯᠡᠳᠦᠯ ᠪᠤᠯᠤᠨ ᠨᠦᠯᠦᠭᠡᠯᠡᠬᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠥ᠂ ᠠᠵᠥ ᠠᠬᠤᠢ ᠨᠡᠶᠢᠭᠡᠮ ᠤᠨ ᠬᠦᠭᠵᠢᠯᠳᠡ ᠳᠤ ᠰᠢᠯᠢᠳᠡᠭ ᠰᠠᠶᠢᠨ ᠦᠵᠡᠯ ᠰᠠᠨᠠᠭᠠᠨ ᠤ ᠡᠬᠢ ᠪᠠᠶᠠᠯᠢᠭ ᠪᠤᠯᠤᠨ ᠬᠦᠮᠦᠵᠢᠯ ᠤᠨ ᠡᠬᠢ ᠪᠠᠶᠠᠯᠢᠭ ᠬᠠᠩᠭᠠᠬᠤ ᠬᠡᠷᠡᠭᠳᠡᠢ ᠭᠡᠵᠡᠢ᠃      ᠤᠳᠤᠬ ᠤᠨ ᠡᠮᠦᠨᠡᠳᠦ ᠬᠤᠰᠢᠭᠤᠨ ᠤ ᠤᠯᠠᠭᠠᠨᠮᠦ᠋ᠴᠢᠷ ᠲᠤ᠂ ᠪᠦ᠋ ᠰᠢᠶᠤᠤ ᠯᠢᠨ ᠭᠡᠰᠢᠬᠦᠳ ᠲᠠᠢ ᠳᠤᠳᠤᠨᠤᠰᠤᠬ ᠢᠶᠠᠷ ᠶᠠᠷᠢᠯᠴᠠᠵᠦ᠂ ᠪᠤᠯᠪᠠᠰᠤᠷᠠᠯ᠂ ᠲᠤᠭᠯᠠᠯᠳᠠ ᠭᠠᠷᠭᠠᠬᠤ ᠵᠡᠷᠭᠡ ᠪᠠᠶᠢᠳᠠᠯ ᠢ ᠠᠰᠠᠭᠤᠵᠦ᠂ ᠤᠯᠠᠨ ᠢ ᠶᠡᠷᠦᠩᠭᠡᠢ ᠱᠦᠵᠢ ᠰᠢ ᠶᠢᠨ ᠫᠢᠩ ᠤᠨ ᠤᠯᠠᠭᠠᠨᠮᠦ᠋ᠴᠢᠷ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠠᠳᠤ ᠴᠡᠭᠡᠵᠢᠯᠡᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ᠦᠨᠳᠦᠰᠦᠨ ᠱᠠᠳᠤᠨ ᠳᠤ ᠭᠦᠨᠵᠡᠭᠡᠶᠢᠷᠡᠨ᠂ ᠠᠷᠠᠳ ᠲᠦᠮᠡᠨ ᠳᠤ ᠦᠢᠯᠡᠴᠢᠯᠡᠭᠡᠷᠡᠢ ᠭᠡᠵᠦ ᠵᠤᠷᠢᠬᠵᠢᠭᠤᠯᠪᠠ᠃      ᠬᠠᠩᠬᠢᠨ ᠬᠤᠰᠢᠭᠤ ᠪᠤᠯ ᠪᠦᠬᠦ ᠤᠯᠤᠰ ᠤᠨ ᠬᠠᠳᠤᠨ ᠭᠤᠤᠯ ᠤᠨ ᠤᠷᠤᠰᠬᠠᠯ ᠦᠩᠭᠡᠷᠡᠵᠤ ᠪᠠᠶᠢᠭ᠎ᠠ ᠭᠡᠮᠵᠢᠶ᠎ᠠ ᠬᠠᠮᠤᠭ ᠤᠨ ᠤᠷᠳᠤ ᠬᠤᠰᠢᠭᠤ ᠰᠢᠶᠠᠨ ᠪᠤᠯᠤᠨ᠎ᠠ᠃ ᠪᠦ᠋ ᠰᠢᠶᠤᠤ ᠯᠢᠨ ᠬᠠᠩᠬᠢᠨ ᠨᠠᠭᠤᠷ ᠤᠨ ᠦᠶᠡᠷ ᠢ ᠬᠠᠳᠠᠭᠠᠯᠠᠵᠦ ᠵᠠᠯᠠᠬᠤ ᠤᠷᠤᠨ ᠳᠤ ᠪᠠᠶᠢᠴᠠᠭᠠᠨ ᠰᠤᠳᠤᠯᠵᠦ᠂ ᠬᠠᠩᠬᠢᠨ ᠬᠤᠰᠢᠭᠤᠨ ᠤ ᠬᠦᠪᠴᠢ ᠶᠢᠨ ᠡᠯᠡᠰᠦᠨ ᠤ ᠤᠰᠤᠨ ᠤ ᠠᠮᠢ ᠠᠬᠤᠢ ᠶᠢ ᠬᠤᠯᠪᠤᠯᠳᠤᠭᠤᠯᠤᠨ ᠨᠡᠪᠳᠡᠷᠡᠬᠦᠯᠬᠦ ᠲᠦᠷᠦᠯ ᠵᠦᠢᠯ ᠤᠨ ᠲᠦᠯᠦᠪᠵᠢᠬᠦᠯᠭᠡ ᠪᠦᠳᠦᠭᠡᠨ ᠪᠠᠶᠢᠭᠤᠯᠤᠯᠲᠠ ᠶᠢᠨ ᠮᠡᠳᠡᠬᠦᠯᠦᠯᠳᠠ ᠶᠢ ᠰᠤᠨᠤᠰᠴᠦ᠂ ᠬᠠᠨᠭ᠍ᠭᠢᠨ ᠨᠠᠭᠤᠷ ᠤᠨ ᠦᠶᠡᠷ ᠤᠨ ᠤᠰᠤ ᠶᠢ ᠬᠠᠳᠠᠭᠠᠯᠠᠬᠤ ᠳᠤ ᠪᠠᠨ ᠰᠦᠩ ᠬᠠᠯᠢᠶ᠎ᠠ ᠶᠢ ᠰᠡᠷᠭᠡᠶᠢᠯᠡᠨ ᠦᠶᠡᠷ ᠢ ᠵᠠᠯᠠᠬᠤ ᠬᠡᠷᠡᠭᠴᠡᠭᠡ ᠶᠢ ᠬᠠᠨᠭ᠍ᠭᠠᠬᠰᠠᠨ ᠪᠠᠶᠢᠳᠠᠯ ᠲᠤᠤᠷ᠎ᠠ᠂ ᠭᠦᠢᠴᠡᠳ ᠰᠤᠳᠤᠯᠤᠯᠳᠠ ᠨᠤᠳᠠᠯᠠᠯᠳᠠ ᠬᠢᠵᠤ᠂ ᠪᠦᠳᠦᠭᠡᠨ ᠪᠠᠶᠢᠭᠤᠯᠵᠤ ᠲᠡᠭᠦᠯᠳᠡᠷᠵᠢᠭᠦᠯᠬᠦ ᠪᠠ ᠪᠠᠬᠢᠵᠢᠭᠦᠯᠵᠤ ᠲᠡᠭᠡᠭᠰᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠳᠠᠢ ᠭᠡᠵᠤ ᠴᠢᠬᠤᠯᠠᠴᠢᠯᠠᠪᠠ᠃ ᠪᠦ᠋ ᠰᠢᠶᠤᠤ ᠯᠢᠨ ᠪᠠᠰᠠ ᠬᠠᠩᠬᠢᠨ ᠬᠤᠰᠢᠭᠤᠨ ᠤ ᠡᠷᠳᠡᠨᠢᠳᠦ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠳᠤ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠠᠶᠢᠳᠠᠯ ᠢ ᠰᠢᠨᠵᠢᠯᠡᠨ ᠪᠠᠶᠢᠴᠠᠭᠠᠵᠤ᠂ ᠲᠤᠰᠬᠠᠢ ᠬᠤᠷᠰᠢᠶ᠎ᠠ ᠶᠢᠨ ︽ᠭᠡᠷ ᠪᠦᠯᠢ ᠶᠢᠨ ᠮᠠᠯᠵᠢᠯ ᠎ ᠤᠨ ᠲᠠᠯᠠᠪᠠᠢ + ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ + ᠮᠠᠯᠴᠢᠨ ᠲᠠᠷᠢᠶᠠᠴᠢᠨ ᠡᠷᠦᠭᠡ︾᠎ ᠶᠢᠨ ᠵᠠᠬᠪᠤᠷ ᠢ ᠭᠡᠷᠡᠭᠯᠡᠭᠰᠡᠨ ᠪᠠ ᠶᠠᠳᠠᠭᠤ ᠬᠦᠴᠢᠷᠳᠡᠯᠳᠠᠢ ᠮᠠᠯᠴᠢᠨ ᠲᠠᠷᠢᠶᠠᠴᠢᠨ ᠤ ᠠᠰᠢᠬ ᠲᠤᠰᠠ ᠶᠢᠨ ᠬᠤᠯᠪᠤᠭᠠᠳᠦ ᠲᠤᠭᠳᠠᠴᠠ ᠶᠢ ᠪᠠᠶᠢᠭᠤᠯᠤᠭᠰᠠᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠤᠨᠤᠰᠴᠦ᠂ ᠬᠤᠷᠰᠢᠶ᠎ᠠ ᠶᠢᠨ ᠬᠢᠨ ᠲᠤᠬᠠᠢ ᠶᠢᠨ ᠭᠠᠵᠠᠷ ᠎ ᠤᠨ ᠮᠠᠯᠴᠢᠨ ᠲᠠᠷᠢᠶᠠᠴᠢᠨ ᠲᠠᠢ ᠬᠠᠮᠳᠤ ᠪᠠᠷ ᠬᠦᠭᠵᠢᠵᠦ᠂ ᠲᠤᠰ ᠪᠡᠶ᠎ᠠ ᠪᠠᠨ ᠳᠠᠰᠤᠷᠠᠯᠳᠠ ᠦᠭᠡᠢ ᠪᠤᠵᠠᠭᠠᠶᠢᠷᠠᠭᠤᠯᠬᠤ ᠶᠢᠨ ᠬᠠᠮᠳᠦ ᠨᠡᠩ ᠤᠯᠠᠨ ᠶᠠᠳᠠᠭᠤ ᠬᠦᠴᠢᠷᠳᠡᠯᠳᠠᠢ ᠡᠷᠦᠭᠡ ᠶᠢᠨ ᠤᠷᠤᠯᠭ᠎ᠠ ᠶᠢᠨ ᠨᠡᠮᠡᠭᠳᠡᠯ ᠢ ᠳᠠᠶᠢᠴᠢᠯᠠᠭᠠᠷᠠᠢ ᠭᠡᠵᠦ ᠵᠤᠷᠢᠬᠵᠢᠭᠤᠯᠪᠠ᠃      ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号