ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠵᠧᠩ ᠳ᠋ᠠ ᠪᠦᠯᠦᠭᠯᠡᠯ ᠰᠧᠴᠤᠸᠠᠨ ᠤ ᠬᠦᠭᠵᠢᠯᠳᠡ ︵ᠰᠲ᠋ᠤᠺ ᠡᠵᠡᠮᠰᠢᠯ︶᠎ ᠶᠢᠨ ᠬᠢᠵᠠᠭᠠᠷᠳᠤ ᠺᠤᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/3/25
     3 ᠳ᠋ᠤᠭᠠᠷ ᠰᠠᠷ᠎ᠠ ᠶᠢᠨ 21᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠵᠧᠩ ᠳ᠋ᠠ ᠪᠦᠯᠦᠭᠯᠡᠯ᠂ ᠰᠧᠴᠤᠸᠠᠨ ᠤ ᠬᠦᠭᠵᠢᠯᠳᠡ ︵ᠰᠲ᠋ᠤᠺ ᠡᠵᠡᠮᠰᠢᠯ︶᠎ ᠶᠢᠨ ᠬᠢᠵᠠᠭᠠᠷᠳᠤ ᠺᠤᠮᠫᠠᠨᠢ ᠲᠠᠢ ᠬᠦᠬᠡᠬᠤᠳᠠ ᠳᠤ ᠶᠠᠷᠢᠯᠴᠠᠬᠤ ᠬᠤᠷᠠᠯ ᠬᠤᠷᠠᠯᠳᠤᠭᠤᠯᠵᠥ᠂ ᠭᠤᠷᠪᠠᠨ ᠳᠠᠯ᠎ᠠ ᠪᠠᠷ ᠢᠶᠠᠨ ᠳᠠᠷᠠᠭᠠᠴᠢ ᠶᠢᠨ ᠠᠯᠬᠤᠮ ᠳᠤ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠦᠷᠨᠢᠬᠦᠯᠬᠦ ᠳᠤᠬᠠᠢ ᠬᠦᠨᠵᠡᠬᠡᠢ ᠰᠤᠯᠢᠯᠴᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠬᠠᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠠ ᠰᠢᠤᠸᠠᠢ ᠵᠢᠶᠦ᠋ᠨ ᠶᠠᠷᠢᠯᠴᠠᠬᠤ ᠬᠤᠷᠠᠯ ᠢ ᠡᠷᠬᠢᠯᠡᠵᠥ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠯᠢ ᠪᠢᠩ ᠷᠦᠩ ᠬᠤᠷᠠᠯ ᠳᠤ ᠤᠷᠤᠯᠴᠠᠪᠠ᠃      ᠮᠠ ᠰᠢᠤᠸᠠᠢ ᠵᠢᠶᠦ᠋ᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠡᠮᠤᠨ᠎ᠡ ᠠᠴᠠ ᠵᠧᠩ ᠳ᠋ᠠ ᠪᠦᠯᠦᠭᠯᠡᠯ ᠪᠤᠯᠤᠨ ᠰᠧᠴᠤᠸᠠᠨ ᠤ ᠬᠦᠭᠵᠢᠯᠳᠡ ︵ᠰᠲ᠋ᠤᠺ ᠡᠵᠡᠮᠰᠢᠯ︶᠎ ᠶᠢᠨ ᠬᠢᠵᠠᠭᠠᠷᠳᠤ ᠺᠤᠮᠫᠠᠨᠢ ᠶᠢᠨ ᠦᠪᠦᠷ ᠮᠤᠩᠭᠤᠯ ᠳᠤ ᠢᠷᠡᠵᠥ ᠪᠡᠯᠡ ᠤᠷᠤᠭᠤᠯᠤᠨ ᠦᠢᠯᠡᠰ ᠢᠶᠠᠨ ᠮᠠᠨᠳᠤᠭᠤᠯᠤᠬᠰᠠᠨ ᠢ ᠪᠠᠶᠠᠷᠯᠠᠨ ᠤᠬᠳᠤᠪᠠ᠃ ᠮᠠ ᠰᠢᠤᠸᠠᠢ ᠵᠢᠶᠦ᠋ᠨ ᠵᠢᠭᠠᠵᠤ ᠭᠠᠷᠭᠠᠭᠰᠠᠨ ᠨᠢ᠂ ᠡᠨᠡ ᠵᠢᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠲᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠲᠠᠢ ᠬᠦᠭᠵᠢᠯᠲᠡ ᠶᠢᠨ ᠰᠢᠨ᠎ᠠ ᠠᠷᠭ᠎ᠠ ᠵᠠᠮ ᠢ ᠰᠦᠪᠡᠭᠴᠢᠯᠡᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠲᠠᠭᠠᠯᠲᠠ ᠶᠢ ᠳᠤᠷᠠᠳᠪᠠ᠃ ᠬᠤᠶᠠᠷ ᠶᠡᠭᠡ ᠠᠵᠤ ᠠᠬᠤᠢᠢᠯᠠᠯ ᠤᠨ ᠠᠵᠤ ᠦᠢᠯᠡᠰ ᠤᠨ ᠳᠠᠪᠠᠭᠤᠯᠢᠭ ᠪᠤᠯᠤᠨ ᠬᠦᠭᠵᠢᠯᠲᠡ ᠶᠢᠨ ᠴᠢᠭᠯᠡᠯ ᠨᠢ ᠦᠪᠡᠷᠲᠡᠭᠡᠨ ᠵᠠᠰᠠᠬᠤ ᠤᠷᠤᠨ ᠤ ᠴᠢᠨᠠᠷ ᠰᠠᠶᠢᠲᠠᠢ ᠬᠦᠭᠵᠢᠯᠲᠡ ᠶᠢᠨ ᠠᠷᠭ᠎ᠠ ᠵᠠᠮ ᠲᠠᠢ ᠳᠡᠭᠡᠳᠦ ᠬᠡᠮᠵᠢᠶ᠎ᠠ ᠪᠠᠷ ᠵᠤᠬᠢᠴᠠᠯᠳᠤᠵᠤ᠂ ᠦᠪᠡᠷᠲᠡᠭᠡᠨ ᠵᠠᠰᠠᠬᠤ ᠤᠷᠤᠨ ᠠᠴᠠ ᠠᠵᠤ ᠠᠬᠤᠢᠢᠯᠠᠯ ᠤᠨ ᠬᠦᠭᠵᠢᠯᠲᠡ ᠶᠢ ᠪᠦᠬᠦ ᠬᠦᠴᠦᠨ ᠢᠶᠠᠷ ᠳᠡᠮᠵᠢᠵᠦ᠂ ᠲᠦᠷᠦᠯ ᠵᠦᠢᠯ ᠤᠨ ᠪᠤᠳᠠᠲᠠᠢ ᠳᠤ ᠨᠠᠶᠢᠳᠠᠪᠤᠷᠢᠵᠢᠬᠤ ᠶᠢ ᠲᠦᠷᠭᠡᠳᠭᠡᠨ ᠠᠬᠢᠭᠤᠯᠵᠤ᠂ ᠬᠠᠮᠲᠤᠷᠠᠯᠴᠠᠨ ᠬᠠᠮᠲᠤ ᠪᠠᠷ ᠠᠰᠢᠭ ᠬᠦᠷᠲᠡᠬᠦ ᠶᠢᠨ ᠬᠡᠪ ᠳᠠᠭᠤᠷᠢᠶᠠᠯ  ᠢ ᠴᠤᠬᠴᠠᠯᠠᠨ᠎ᠠ ᠭᠡᠵᠡᠢ᠃ ᠵᠧᠩ ᠳ᠋ᠠ ᠪᠦᠯᠦᠭᠯᠡᠯ ᠤᠨ ᠳᠤᠮᠳᠠᠳᠤ ᠤᠯᠤᠰ ᠤᠨ ᠲᠤᠭᠤᠷᠢᠭ ᠤᠨ ᠳᠡᠳ᠋ ᠬᠡᠷᠡᠭ ᠮᠡᠳᠡᠭᠴᠢᠳ ᠤᠨ ᠳᠠᠷᠤᠭ᠎ᠠ ᠪᠠᠢ ᠱᠠᠨ ᠯᠢᠨ᠂ ᠰᠧᠴᠤᠸᠠᠨ ᠤ ᠬᠦᠭᠵᠢᠯᠲᠡ ︵ᠰᠲ᠋ᠤᠺ ᠡᠵᠡᠮᠰᠢᠯ︶᠎ ᠶᠢᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠹᠧᠩ ᠴᠤᠤ ᠲᠤᠰ ᠪᠦᠷᠢ ᠠᠵᠤ ᠠᠬᠤᠢᠢᠯᠠᠯ ᠤᠨ ᠪᠡᠯᠡ ᠤᠷᠤᠭᠤᠯᠤᠯᠲᠠ ᠶᠢᠨ ᠬᠦᠭᠵᠢᠯᠲᠡ ᠶᠢᠨ ᠬᠦᠰᠡᠯ ᠰᠠᠨᠠᠯ ᠪᠤᠯᠤᠨ ᠲᠦᠷᠦᠯ ᠵᠦᠢᠯ ᠤᠨ ᠬᠠᠮᠲᠤᠷᠠᠯᠴᠠᠭ᠎ᠠ ᠶᠢᠨ ᠪᠠᠶᠢᠳᠠᠯ ᠢᠶᠠᠨ ᠲᠠᠨᠢᠯᠴᠠᠭᠤᠯᠪᠠ᠃      ᠶᠠᠷᠢᠯᠴᠠᠬᠤ ᠬᠤᠷᠠᠯ ᠠᠴᠠ ᠡᠮᠦᠨ᠎ᠠ᠂ ᠮᠠ ᠰᠢᠤᠸᠠᠢ ᠵᠢᠶᠦ᠋ᠨ᠂ ᠯᠢ ᠪᠢᠩ ᠷᠦᠩ ᠬᠤᠷᠢᠨᠭᠡᠷ ᠰᠢᠶᠠᠨ ᠤ ᠵᠠᠰᠠᠭ ᠎ ᠤᠨ ᠤᠷᠳᠤᠨ ᠪᠤᠯᠤᠨ ᠵᠧᠩ ᠳ᠋ᠠ ᠪᠦᠯᠦᠭᠯᠡᠯ᠂ ᠰᠧᠴᠤᠸᠠᠨ ᠤ ᠬᠦᠭᠵᠢᠯᠲᠡ ︵ᠰᠲ᠋ᠤᠺ ᠡᠵᠡᠮᠰᠢᠯ︶᠎ ᠶᠢᠨ ᠬᠢᠵᠠᠭᠠᠷᠲᠤ ᠺᠤᠮᠫᠠᠨᠢ ᠯᠤᠭ᠎ᠠ ᠶᠢᠨ ᠤᠳᠤ ᠦᠶ᠎ᠠ ᠶᠢᠨ ᠮᠠᠯ ᠲᠠᠷᠢᠶᠠᠯᠠᠩ ᠤᠨ ᠢᠳᠡᠭᠡᠨ ᠤ ᠠᠵᠤ ᠦᠢᠯᠡᠰ ᠤᠨ ᠪᠤᠬᠢᠷᠲᠤᠯ ᠦᠭᠡᠢ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠦᠪᠯᠡᠯᠴᠡᠭᠡᠷ ᠤᠨ ᠭᠡᠷ᠎ᠠ ᠲᠤᠬᠲᠠᠬᠤ ᠶᠤᠰᠤᠯᠠᠯ ᠢ ᠭᠡᠷᠡᠴᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号