ᠪᠥᠬᠦ ᠤᠯᠤᠰ ᠤᠨ ᠤᠳᠤ ᠥᠶ᠎ᠠ ᠶᠢᠨ ᠲᠠᠪᠤᠨ ᠵᠦᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠮᠠᠨ ᠤ ᠤᠷᠤᠨ ᠤ ᠲᠠᠮᠢᠷᠴᠢᠨ 1 ᠬᠥᠷᠡᠯ ᠮᠧᠳᠠᠯ ᠭᠠᠷᠳᠠᠪᠠ
ᠨᠡᠶᠢᠲᠡᠯᠡᠭᠰᠡᠨ ᠴᠠᠭ᠄
2019/3/25
     ᠰᠤᠷᠪᠤᠯᠵᠢᠯᠠᠬᠴᠢ ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠠᠴᠠ ᠥᠢᠯᠠᠭᠠᠬᠰᠠᠨ ᠎ ᠢᠶᠠᠷ᠂ ᠲᠥᠷᠥᠬᠦᠬᠡᠨ ᠵᠢᠶᠠᠩᠰᠤ ᠮᠤᠵᠢ ᠶᠢᠨ ᠰᠥᠵᠸᠤ ᠬᠤᠳᠠ ᠳᠤ ᠶᠠᠪᠤᠬᠳᠠᠬᠰᠠᠨ ᠪᠥᠬᠦ ᠤᠯᠤᠰ ᠤᠨ ᠤᠳᠤ ᠥᠶ᠎ᠠ ᠎ ᠶᠢᠨ ᠲᠠᠪᠤᠨ ᠵᠦᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠮᠠᠨ ᠤ ᠤᠷᠤᠨ ᠤ ᠲᠠᠮᠢᠷᠴᠢᠨ 1 ᠬᠥᠷᠡᠯ ᠮᠧᠳᠠᠯ ᠤᠯᠪᠠ᠃      ᠲᠤᠰ ᠤᠳᠠᠭ᠎ᠠ ᠶᠢᠨ ᠤᠷᠤᠯᠳᠤᠭᠠᠨ ᠳᠤ ᠰᠠᠯᠠᠮ᠎ᠠ ᠶᠢᠨ ᠲᠡᠮᠡᠴᠡᠭᠡᠨ᠂ ᠤᠮᠪᠠᠯᠳᠠ᠂ ᠯᠠᠶᠢᠰᠧᠷ ᠫᠤᠤ ᠬᠠᠷᠪᠤᠯᠳᠠ ᠶᠢᠨ ᠬᠥᠶᠤᠯᠳᠠ ᠶᠢᠨ ᠤᠷᠤᠯᠳᠤᠭᠠᠨ ᠤ ᠲᠥᠷᠥᠯ ᠵᠦᠢᠯ ᠢ ᠲᠤᠬᠢᠷᠠᠭᠤᠯᠵᠥ᠂ ᠨᠡᠶᠢᠳᠠ 15 ᠲᠥᠯᠥᠭᠡᠯᠡᠭᠴᠢ ᠶᠢᠨ ᠠᠩᠭᠢ ᠶᠢᠨ 231 ᠲᠠᠮᠢᠷᠴᠢᠨ ᠤᠷᠤᠯᠳᠤᠭᠠᠨ ᠳᠤ ᠤᠷᠤᠯᠴᠠᠨ ᠥᠷᠢᠰᠥᠯᠳᠥᠪᠠ᠃ ᠡᠬᠦᠨ ᠳᠤ ᠮᠠᠨ ᠤ ᠤᠷᠤᠨ ᠠᠴᠠ 8 ᠲᠠᠮᠢᠷᠴᠢᠨ ᠤᠷᠤᠯᠴᠠᠪᠠ᠃ ᠬᠤᠷᠴᠠ ᠰᠢᠷᠤᠬᠦᠨ ᠥᠷᠢᠰᠥᠯᠳᠥᠭᠡᠨ ᠢᠶᠠᠷ ᠲᠠᠮᠵᠢᠨ᠂ ᠮᠠᠨ ᠤ ᠤᠷᠤᠨ ᠤ ᠲᠠᠮᠢᠷᠴᠢᠨ ᠯᠢ ᠪᠠᠢ᠂ ᠽᠢ ᠬᠠᠢ ᠲᠤᠤ ᠡᠷᠡᠭᠳᠠᠢ ᠡᠮᠡᠭᠳᠠᠢ ᠶᠢᠨ ᠬᠠᠮᠳᠤᠷᠠᠬᠰᠠᠨ ᠪᠤᠤᠬᠢᠶ᠎ᠠ ᠤᠷᠤᠯᠳᠤᠭᠠᠨ ᠳᠤ ᠭᠤᠷᠪᠠᠳᠤᠭᠠᠷ ᠲᠤ ᠤᠷᠤᠵᠥ᠂ ᠤᠷᠤᠯᠳᠤᠭᠠᠨ ᠤ ᠬᠥᠷᠡᠯ ᠮᠧᠳᠠᠯ ᠢ ᠭᠠᠷᠳᠠᠬᠰᠠᠨ ᠪᠠᠶᠢᠨ᠎ᠠ᠃ ᠡᠬᠦᠨ ᠠᠴᠠ ᠭᠠᠳᠠᠨ᠎ᠠ᠂ ᠲᠠᠮᠢᠷᠴᠢᠨ ᠯᠢ ᠪᠠᠢ᠂ ᠵᠠᠩ ᠵᠢᠩ᠂ ᠰᠥᠨ ᠸᠠᠨ ᠲᠢᠩ ᠡᠮᠡᠭᠳᠠᠢ ᠶᠢᠨ ᠬᠠᠮᠳᠤ ᠨᠢᠬᠡᠴᠢ ᠶᠢᠨ ᠤᠷᠤᠯᠳᠤᠭᠠᠨ ᠳᠤ ᠵᠢᠷᠭᠤᠳᠤᠭᠠᠷ ᠲᠤ ᠲᠤᠳᠤᠷᠠᠵᠤ᠂ ᠲᠠᠮᠢᠷᠴᠢᠨ ᠹᠠᠨ ᠳ᠋ᠠ ᠴᠢᠶᠠᠨ᠂ ᠰᠢᠩ ᠲᠤᠤ᠂ ᠡᠤ ᠪᠥᠸᠧ ᠵᠧᠨ ᠡᠷᠡᠭᠳᠠᠢ ᠶᠢᠨ ᠬᠠᠮᠳᠤ ᠨᠢᠬᠡᠴᠢ ᠶᠢᠨ ᠲᠤᠯᠤᠳᠤᠭᠠᠷ ᠲᠤ ᠤᠷᠤᠬᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号