|
ᠲᠦᠷᠦᠭᠦᠦ ᠬᠤᠶᠠᠷ ᠰᠠᠷ᠎ᠠ ᠳᠤ ᠮᠠᠨ ᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠲᠡᠭ ᠠᠳᠠᠯᠢ ᠬᠤᠭᠤᠴᠠᠭᠠᠨ ᠤ ᠬᠢ ᠠᠴᠠ 9. | 6% ᠪᠠᠷ ᠨᠡᠮᠡᠭᠳᠡᠵᠡᠢ |
|
|
ᠨᠡᠶᠢᠲᠡᠯᠡᠭᠰᠡᠨ ᠴᠠᠭ᠄
2019/3/25
|
|
ᠬᠥᠬᠡᠬᠤᠲᠠ ᠪᠣᠭᠤᠮᠲᠠ ᠶᠢᠨ ᠪᠦᠷᠢᠳᠬᠡᠯ ᠠᠴᠠ ᠦᠵᠡᠪᠡᠯ᠂ ᠡᠨᠡ ᠵᠢᠯ ᠤᠨ ᠲᠦᠷᠦᠭᠦᠦ 2 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠲᠡᠭ 165 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.6% ᠨᠡᠮᠡᠭᠳᠡᠵᠦ᠂ ᠠᠳᠠᠯᠢ ᠬᠤᠭᠤᠴᠠᠭᠠᠨ ᠳᠠᠬᠢ ᠪᠦᠬᠦ ᠤᠯᠤᠰ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 8.9 ᠵᠠᠭᠤᠨ ᠤ ᠬᠤᠪᠢ ᠦᠨᠳᠦᠷ ᠪᠤᠯᠵᠠᠢ᠃ ᠡᠭᠦᠨ ᠳᠤ᠂ ᠭᠠᠳᠠᠭᠠᠳᠤ ᠤᠷᠤᠭᠤᠯᠤᠯᠲᠠ 106.2 ᠳ᠋ᠦᠩᠰᠢᠭᠤᠷ ᠲᠦᠬᠦᠷᠢᠭ ᠲᠤ ᠬᠦᠷᠴᠦ᠂ 10% ᠪᠠᠷ ᠨᠡᠮᠡᠭᠳᠡᠵᠡᠢ︔ ᠭᠠᠳᠠᠭᠠᠳᠤ ᠭᠠᠷᠭᠠᠯᠲᠠ 58.8 ᠳ᠋ᠦᠩᠰᠢᠭᠤᠷ ᠲᠥᠭᠦᠷᠢᠭ ᠲᠤ ᠬᠦᠷᠴᠦ᠂ 8.8% ᠪᠠᠷ ᠨᠡᠮᠡᠭᠳᠡᠪᠡ᠃ ᠲᠦᠷᠦᠭᠦᠤ ᠬᠤᠶᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠪᠦᠲᠦᠴᠡ ᠦᠷᠭᠦᠯᠵᠢᠯᠡᠨ ᠰᠢᠯᠢᠳᠡᠭᠵᠢᠵᠦ᠂ ᠡᠩ ᠤᠨ ᠠᠷᠠᠯᠵᠢᠶ᠎ᠠ ᠲᠦᠷᠭᠡᠨ ᠨᠡᠮᠡᠭᠳᠡᠭᠰᠡᠨ ᠪᠥᠭᠡᠳ ᠡᠵᠡᠯᠡᠬᠦ ᠬᠤᠪᠢ ᠶᠢᠨ ᠵᠢᠩ ᠨᠢ ᠳᠡᠭᠡᠭᠰᠢᠯᠡᠵᠡᠢ᠃ ᠡᠭᠦᠨ ᠳᠤ᠂ ᠡᠩ ᠤᠨ ᠠᠷᠠᠯᠵᠢᠶ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ 104.6 ᠳ᠋ᠦᠩᠰᠢᠭᠤᠷ ᠲᠥᠭᠦᠷᠢᠭ ᠲᠤ ᠬᠦᠷᠴᠦ᠂ 15% ᠪᠠᠷ ᠨᠡᠮᠡᠭᠳᠡᠵᠦ᠂ ᠠᠳᠠᠯᠢ ᠬᠤᠭᠤᠴᠠᠭᠠᠨ ᠳᠠᠬᠢ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠲᠡᠭ ᠤᠨ 63.4% ᠢ ᠡᠵᠡᠯᠡᠵᠦ᠂ ᠡᠵᠡᠯᠡᠬᠦ ᠬᠠᠷᠢᠴᠠᠯ ᠨᠢ 3 ᠵᠠᠭᠤᠨ ᠤ ᠬᠤᠪᠢ ᠳᠡᠭᠡᠭᠰᠢᠯᠡᠵᠡᠢ᠃ ᠠᠳᠠᠯᠢ ᠬᠤᠭᠤᠴᠠᠭᠠᠨ ᠳᠤ᠂ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ 39.9 ᠳ᠋ᠦᠩᠰᠢᠭᠤᠷ ᠲᠥᠭᠦᠷᠢᠭ ᠲᠤ ᠬᠦᠷᠴᠦ᠂ 2% ᠪᠠᠷ ᠪᠠᠭᠤᠷᠠᠵᠤ᠂ 24.2% ᠶᠢ ᠡᠵᠡᠯᠡᠵᠦ᠂ ᠡᠵᠡᠯᠡᠬᠦ ᠬᠠᠷᠢᠴᠠᠯ ᠨᠢ 2.8 ᠵᠠᠭᠤᠨ ᠤ ᠬᠤᠪᠢ ᠪᠠᠭᠤᠷᠠᠵᠠᠢ᠃ ᠡᠭᠦᠨ ᠠᠴᠠ ᠭᠠᠳᠠᠨ᠎ᠠ᠂ ᠭᠠᠶᠢᠯᠢ ᠪᠠᠲᠤᠯᠠᠬᠤ ᠬᠦᠮᠦᠷᠭᠡ ᠶᠢᠨ ᠬᠢᠯᠢ ᠪᠠᠷ ᠣᠷᠣᠭᠤᠯᠵᠤ ᠭᠠᠷᠭᠠᠬᠤ ᠡᠳ᠋ ᠪᠠᠷᠠᠭ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ 13.9 ᠳ᠋ᠦᠩᠰᠢᠭᠤᠷ ᠲᠥᠭᠦᠷᠢᠭ ᠲᠤ ᠬᠦᠷᠴᠦ᠂ 33.3% ᠪᠠᠷ ᠨᠡᠮᠡᠭᠳᠡᠵᠦ᠂ 8.4% ᠶᠢ ᠡᠵᠡᠯᠡᠵᠦ᠂ ᠡᠵᠡᠯᠡᠬᠦ ᠬᠠᠷᠢᠴᠠᠯ ᠨᠢ 1.5 ᠵᠠᠭᠤᠨ ᠤ ᠬᠤᠪᠢ ᠳᠡᠭᠡᠭᠰᠢᠯᠡᠵᠡᠢ᠃ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ 5.9 ᠳ᠋ᠦᠩᠰᠢᠭᠤᠷ ᠲᠥᠭᠦᠷᠢᠭ ᠲᠤ ᠬᠦᠷᠴᠦ᠂ 21.1% ᠪᠠᠭᠤᠷᠠᠵᠤ᠂ 3.6% ᠶᠢ ᠡᠵᠡᠯᠡᠵᠦ᠂ ᠡᠵᠡᠯᠡᠬᠦ ᠬᠠᠷᠢᠴᠠᠯ ᠨᠢ 1.4 ᠵᠠᠭᠤᠨ ᠤ ᠬᠤᠪᠢ ᠪᠠᠭᠤᠷᠠᠵᠠᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠭᠤᠣᠯ ᠬᠦᠴᠦᠨ ᠴᠡᠷᠢᠭ ᠪᠤᠯᠵᠤ᠂ ᠭᠠᠳᠠᠭᠠᠳᠤ ᠤᠷᠤᠭᠤᠯᠤᠯᠲᠠ ᠭᠠᠷᠭᠠᠯᠲᠠ ᠨᠢ 111.6 ᠳ᠋ᠦᠩᠰᠢᠭᠤᠷ ᠲᠦᠬᠦᠷᠢᠭ ᠲᠤ ᠬᠦᠷᠴᠦ᠂ 9% ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠪᠦᠬᠦ ᠦᠷᠲᠡᠭ ᠤᠨ 67.7% ᠢ ᠡᠵᠡᠯᠡᠪᠡ᠃ ᠠᠳᠠᠯᠢ ᠬᠤᠭᠤᠴᠠᠭᠠᠨ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠤᠷᠤᠭᠤᠯᠤᠯᠲᠠ ᠭᠠᠷᠭᠠᠯᠲᠠ 42.7 ᠳ᠋ᠦᠩᠰᠢᠭᠤᠷ ᠲᠥᠭᠦᠷᠢᠭ ᠲᠤ ᠬᠦᠷᠴᠦ᠂ 11.2% ᠪᠠᠷ ᠨᠡᠮᠡᠭᠳᠡᠵᠦ᠂ 25.9% ᠶᠢ ᠡᠵᠡᠯᠡᠪᠡ᠃ ᠡᠭᠦᠨ ᠠᠴᠠ ᠭᠠᠳᠠᠨ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠤᠷᠤᠭᠤᠯᠤᠯᠲᠠ ᠭᠠᠷᠭᠠᠯᠲᠠ 10.6 ᠳ᠋ᠦᠩᠰᠢᠭᠤᠷ ᠲᠥᠭᠦᠷᠢᠭ ᠲᠤ ᠬᠦᠷᠴᠦ᠂ 8.6% ᠪᠠᠷ ᠨᠡᠮᠡᠭᠳᠡᠵᠦ᠂ 6.4% ᠶᠢ ᠡᠵᠡᠯᠡᠪᠡ᠃ ᠲᠠᠨᠢᠯᠴᠠᠭᠤᠯᠤᠭᠰᠠᠨ ᠢᠶᠠᠷ᠂ ᠲᠦᠷᠦᠭᠦᠦ ᠬᠤᠶᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ︽ᠨᠢᠭᠡ ᠪᠦᠰᠡ ᠨᠢᠭᠡ ᠵᠠᠮ︾ ᠤᠨ ᠤᠯᠤᠰ ᠲᠠᠬᠢ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠵᠤ᠂ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠬᠡᠮᠵᠢᠶ᠎ᠡ ᠨᠢ 101.9 ᠳ᠋ᠦᠩᠰᠢᠭᠤᠷ ᠲᠥᠭᠦᠷᠢᠭ ᠲᠤ ᠬᠦᠷᠴᠦ᠂ 9.1% ᠪᠠᠷ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠠᠷᠠᠯᠵᠢᠶ᠎ᠠ ᠶᠢᠨ ᠬᠠᠮᠲᠤᠷᠠᠯᠴᠠᠭᠠᠨ ᠤ ᠳᠠᠯᠳᠠ ᠬᠦᠴᠦᠨ ᠶᠠᠭ ᠦᠷᠭᠦᠯᠵᠢᠯᠡᠨ ᠪᠠᠳᠠᠷᠠᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠳᠠᠶᠢᠴᠢᠯᠠᠬᠤ ᠰᠢᠨ᠎ᠡ ᠬᠥᠳᠡᠯᠭᠡᠬᠦ ᠬᠦᠴᠦᠨ ᠪᠤᠯᠵᠤ ᠪᠠᠶᠢᠨ᠎ᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|