ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠭᠤᠷᠪᠠ︶
ᠨᠡᠶᠢᠲᠡᠯᠡᠭᠰᠡᠨ ᠴᠠᠭ᠄
2019/3/25
     ᠠᠰᠠᠭᠤᠯᠲᠠ᠄ ︽ᠮᠠᠯᠵᠢᠬᠤ ᠲᠠᠷᠢᠶᠠᠯᠠᠬᠤ ᠣᠷᠣᠨ ᠤ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠵᠡᠷᠭᠡ ᠭᠤᠣᠯᠳᠠᠯᠭ᠎ᠠ ᠲᠠᠢ ᠡᠲᠡᠭᠡᠳ ᠤᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠤᠨ ᠬᠠᠮᠢᠶᠠᠷᠤᠯᠲᠠ ᠶᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠬᠤ ᠪᠣᠢ︖      ᠬᠠᠷᠢᠭᠤᠯᠲᠠ᠄ 1. ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ᠃ ︽ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠦᠨᠳᠦᠰᠦᠨ ᠠᠮᠤᠷ ᠲᠦᠪᠰᠢᠨ ᠤ ᠮᠡᠷᠭᠡᠵᠢᠯ ᠢ ᠳᠠᠷᠤᠮᠠᠯᠯᠠᠨ ᠲᠠᠷᠬᠠᠭᠠᠬᠤ ᠲᠤᠬᠠᠢ ᠵᠢᠯᠣᠭᠤᠳᠬᠤ ᠳᠦᠷᠢᠮ︾ ᠢ ᠴᠢᠩᠭ᠎ᠠ ᠵᠢᠷᠤᠮᠯᠠᠨ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠦᠨᠳᠦᠰᠦᠨ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ᠂ ᠲᠤᠬᠠᠢ ᠶᠢᠨ ᠲᠠᠯᠠᠪᠤᠷ ᠭᠠᠵᠠᠷ ᠳᠤ ᠪᠠᠶᠢᠴᠠᠭᠠᠯᠲᠠ ᠲᠡᠮᠳᠡᠭᠯᠡᠯ ᠬᠢᠬᠦ ᠶᠢ ᠰᠠᠶᠢᠲᠤᠷ ᠬᠢᠨ᠎ᠡ᠃ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠬᠠᠷᠢᠭᠤᠴᠠᠯᠭᠠᠲᠤ ᠭᠤᠣᠯ ᠴᠣᠭᠴᠠ ᠵᠢᠴᠢ ᠥᠭᠡᠷᠡᠴᠢᠯᠡᠨ ᠰᠢᠨᠡᠳᠬᠡᠬᠦ ᠡᠷᠦᠬᠡ ᠶᠢ ᠵᠣᠬᠢᠶᠠᠨ ᠪᠠᠶᠢᠭᠤᠯᠵᠤ ᠪᠠᠶᠢᠭᠠᠳ ᠪᠠᠷᠢᠯᠭ᠎ᠠ ᠳᠠᠭᠤᠰᠤᠭᠰᠠᠨ ᠢ ᠰᠢᠯᠭᠠᠵᠤ ᠬᠤᠷᠢᠶᠠᠨ ᠠᠪᠬᠤ ᠠᠵᠢᠯ ᠢ ᠬᠢᠵᠦ᠂ ᠥᠭᠡᠷᠡᠴᠢᠯᠡᠨ ᠰᠢᠨᠡᠳᠬᠡᠬᠦ ᠡᠷᠦᠬᠡ ᠠᠴᠠ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠠᠵᠢᠯ ᠤᠨ ᠪᠦᠬᠦ ᠶᠠᠪᠤᠴᠠ ᠳᠤ ᠣᠷᠣᠯᠴᠠᠬᠤ ᠶᠢᠨ ᠬᠠᠮᠲᠤ ᠬᠢᠷᠢ ᠲᠡᠩᠴᠡᠭᠰᠡᠨ ᠤ ᠳᠠᠷᠠᠭ᠎ᠠ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠢ᠃ ᠰᠢᠯᠭᠠᠨ ᠬᠤᠷᠢᠶᠠᠵᠤ ᠠᠪᠬᠤ ᠶᠢ ᠳᠠᠮᠵᠢᠭᠰᠠᠨ ᠦᠭᠡᠢ ᠪᠤᠶᠤ ᠰᠢᠯᠭᠠᠨ ᠬᠤᠷᠢᠶᠠᠨ ᠠᠪᠬᠤ ᠳᠤ ᠬᠢᠷᠢ ᠲᠡᠩᠴᠡᠭᠰᠡᠨ ᠦᠭᠡᠢ ᠪᠣᠯ᠂ ᠲᠤᠰᠢᠶᠠᠨ ᠬᠡᠷᠡᠭᠯᠡᠭᠦᠯᠵᠦ ᠪᠣᠯᠬᠤ ᠦᠭᠡᠢ᠃      2. ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ᠃ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠬᠤ ᠶᠢᠨ ᠬᠠᠮᠲᠤ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠵᠦ ᠨᠥᠬᠦᠪᠦᠷᠢ ᠪᠡᠯᠡ ᠮᠥᠩᠭᠦ ᠶᠢ ᠰᠢᠯᠵᠢᠭᠦᠯᠦᠨ ᠥᠭᠬᠦ ᠨᠥᠬᠦᠴᠡᠯ ᠳᠤ ᠬᠦᠷᠦᠭᠰᠡᠨ ᠲᠠᠷᠢᠶᠠᠴᠢᠨ ᠡᠷᠦᠭᠡ ᠶᠢᠨ ᠨᠡᠷᠡᠰ ᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠩᠭᠠᠨ ᠥᠭᠬᠦ ᠬᠡᠷᠡᠭᠲᠡᠢ᠃ ︽ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠦᠷᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠶᠠᠮᠠᠷᠪᠠ ᠬᠡᠯᠪᠡᠷᠢ ᠪᠠᠷ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠪᠠ ᠦᠯᠡᠳᠡᠭᠡᠨ ᠠᠪᠴᠤ ᠪᠣᠯᠬᠤ ᠦᠭᠡᠢ᠃ ᠨᠥᠬᠦᠪᠦᠷᠢ ᠪᠡᠯᠡ ᠮᠥᠩᠭᠦ ᠶᠢ ︽ᠨᠢᠭᠡ ᠺᠠᠷᠲ ᠢᠶᠠᠷ ᠨᠡᠶᠢᠳᠡᠮ ᠳᠤ ᠨᠢ ᠭᠦᠢᠴᠡᠳᠬᠡᠬᠦ︾ ᠬᠡᠯᠪᠡᠷᠢ ᠪᠠᠷ ᠨᠥᠬᠦᠪᠦᠷᠢᠯᠡᠬᠦ ᠡᠲᠡᠭᠡᠳ ᠲᠤ ᠰᠢᠭᠤᠳ ᠣᠯᠭᠤᠨ ᠥᠭᠴᠦ᠂ ᠵᠠᠰᠠᠭ ᠤᠨ ᠣᠷᠳᠣᠨ ᠠᠴᠠ ᠨᠢᠭᠡᠳᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠢᠨᠵᠧᠨᠧᠷᠢᠩ ᠳᠤ᠂ ᠲᠠᠷᠢᠶᠠᠴᠢᠨ ᠡᠷᠦᠬᠡ ᠶᠢᠨ ᠵᠥᠪᠰᠢᠶᠡᠷᠡᠯ ᠢ ᠣᠯᠬᠤ ᠶᠢᠨ ᠬᠠᠮᠲᠤ ᠬᠡᠯᠡᠯᠴᠡᠭᠡᠷ ᠲᠣᠭᠲᠠᠭᠰᠠᠨ ᠰᠠᠭᠤᠷᠢᠨ ᠳᠡᠭᠡᠷ᠎ᠡ᠂ ᠨᠥᠬᠦᠪᠦᠷᠢ ᠪᠡᠯᠡ ᠮᠥᠩᠭᠦ ᠶᠢ ᠪᠠᠷᠢᠯᠭ᠎ᠠ ᠪᠠᠷᠢᠭᠰᠠᠨ ᠨᠢᠭᠡᠴᠢ ᠳᠤ ᠰᠢᠭᠤᠳ ᠣᠯᠭᠤᠨ ᠥᠭᠬᠦ ᠬᠡᠷᠡᠭᠲᠡᠢ᠃ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ  ᠬᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠥᠩᠭᠡᠷᠡᠭᠰᠡᠨ ᠵᠢᠯ ᠤᠳ ᠤᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠭᠦᠷᠭᠡ ᠶᠢᠨ ᠬᠥᠳᠡᠯᠭᠡᠬᠦ ᠦᠭᠡᠢ ᠬᠠᠳᠠᠭᠠᠯᠠᠵᠤ ᠪᠠᠶᠢᠭ᠎ᠠ ᠪᠡᠯᠡ ᠮᠥᠩᠭᠦ ᠶᠢ ᠢᠯᠭᠠᠷᠠᠭᠤᠯᠤᠨ ᠴᠡᠪᠡᠷᠯᠡᠵᠦ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠴᠠᠭ ᠲᠤᠬᠠᠢ ᠳᠤ ᠨᠢ ᠢᠯᠭᠠᠷᠠᠭᠤᠯᠤᠨ ᠴᠡᠪᠡᠷᠯᠡᠵᠦ ᠥᠪᠡᠷᠲᠡᠭᠡᠨ ᠵᠠᠰᠠᠬᠤ ᠣᠷᠣᠨ ᠳᠤ ᠪᠤᠴᠠᠭᠠᠬᠤ ᠬᠡᠷᠡᠭᠲᠡᠢ᠃      3. ᠭᠡᠷ ᠪᠠᠶᠢᠰᠢᠩ ᠪᠠᠷᠢᠬᠤ ᠲᠠᠯᠠᠪᠠᠢ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠳᠤ ᠬᠠᠮᠤᠭ ᠤᠨ ᠳᠣᠣᠷ᠎ᠠ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠬᠦᠷᠭᠡᠵᠦ᠂ ᠥᠭᠡᠷᠡᠴᠢᠯᠡᠨ ᠰᠢᠨᠡᠳᠬᠡᠭᠰᠡᠨ ᠤ ᠳᠠᠷᠠᠭᠠᠬᠢ ᠬᠥᠳᠡᠭᠡ ᠲᠣᠰᠬᠤᠨ ᠤ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠨᠢ ᠲᠣᠬᠢᠷᠠᠮᠵᠢᠲᠠᠢ᠂ ᠭᠡᠷ ᠪᠠᠶᠢᠰᠢᠩ ᠤᠨ ᠪᠦᠲᠦᠴᠡ ᠨᠢ ᠠᠮᠤᠷ ᠲᠦᠪᠰᠢᠨ᠂ ᠬᠥᠮᠥᠨ ᠮᠠᠯ ᠢ ᠰᠠᠯᠭᠠᠬᠤ ᠶᠢ ᠪᠡᠶᠡᠯᠡᠭᠦᠯᠵᠦ᠂ ᠨᠥᠬᠦᠴᠡᠯ ᠲᠠᠢ ᠨᠢ ᠡᠷᠡᠭᠦᠯ ᠬᠠᠮᠠᠭᠠᠯᠠᠯ ᠤᠨ ᠵᠣᠷᠯᠣᠩ ᠪᠠᠶᠢᠬᠤ ᠬᠡᠷᠡᠭᠲᠡᠢ᠃ ᠥᠭᠡᠷᠡᠴᠢᠯᠡᠨ ᠰᠢᠨᠡᠳᠬᠡᠭᠰᠡᠨ ᠤ ᠳᠠᠷᠠᠭᠠᠬᠢ ᠭᠡᠷ ᠪᠠᠶᠢᠰᠢᠩ ᠤᠨ ᠲᠠᠯᠠᠪᠠᠢ ᠶᠢ ᠵᠠᠷᠴᠢᠮ ᠳᠡᠭᠡᠷ᠎ᠡ ᠪᠠᠨ 1 ᠠᠴᠠ 3 ᠬᠥᠮᠥᠨ ᠤ ᠡᠷᠦᠬᠡ ᠶᠢ 40 — 60 ᠺᠦᠸᠠᠳ᠋ ᠮᠧᠲᠷ ᠤᠨ ᠳᠣᠲᠣᠷ᠎ᠠ ᠬᠢᠵᠠᠭᠠᠷᠯᠠᠬᠤ ᠮᠥᠷᠲᠡᠭᠡᠨ 1 ᠬᠥᠮᠥᠨ ᠤ ᠡᠷᠦᠬᠡ ᠶᠢ 20 ᠺᠦᠸᠠᠳ᠋ ᠮᠧᠲᠷ ᠠᠴᠠ ᠳᠣᠣᠷ᠎ᠠ ᠪᠠᠶᠢᠯᠭᠠᠬᠤ ᠦᠭᠡᠢ᠂ 2 ᠬᠥᠮᠥᠨ ᠤ ᠡᠷᠦᠬᠡ ᠶᠢ 30 ᠺᠦᠸᠠᠳ᠋ ᠮᠧᠲᠷ ᠠᠴᠠ ᠳᠣᠣᠷ᠎ᠠ ᠪᠠᠶᠢᠯᠭᠠᠬᠤ ᠦᠭᠡᠢ᠂ 3 ᠬᠥᠮᠥᠨ ᠤ ᠡᠷᠦᠬᠡ ᠶᠢ 40 ᠺᠦᠸᠠᠳ᠋ ᠮᠧᠲᠷ ᠠᠴᠠ ᠳᠣᠣᠷ᠎ᠠ ᠪᠠᠶᠢᠯᠭᠠᠬᠤ ᠦᠭᠡᠢ︔ 3 ᠬᠥᠮᠥᠨ ᠠᠴᠠ ᠳᠡᠭᠡᠭᠰᠢ ᠡᠷᠦᠬᠡ ᠶᠢᠨ ᠬᠥᠮᠥᠨ ᠪᠦᠷᠢ ᠳᠤ ᠲᠡᠭᠰᠢᠳᠬᠡᠭᠰᠡᠨ ᠪᠠᠷᠢᠯᠭ᠎ᠠ ᠶᠢᠨ ᠲᠠᠯᠠᠪᠠᠢ ᠶᠢ 18 ᠺᠦᠸᠠᠳ᠋ ᠮᠧᠲᠷ ᠠᠴᠠ ᠬᠡᠲᠦᠷᠡᠭᠦᠯᠬᠦ ᠦᠭᠡᠢ᠂ 13 ᠺᠦᠸᠠᠳ᠋ ᠮᠧᠲᠷ ᠠᠴᠠ ᠳᠣᠣᠷ᠎ᠠ ᠪᠠᠶᠢᠯᠭᠠᠬᠤ ᠦᠭᠡᠢ᠃ ᠭᠤᠣᠯ ᠪᠠᠶᠢᠰᠢᠩ ᠲᠠᠢ ᠪᠠᠨ ᠬᠤᠯᠪᠣᠯᠳᠤᠭᠤᠯᠤᠨ ᠪᠠᠷᠢᠭᠰᠠᠨ ᠲᠣᠭᠤᠭᠠᠨ ᠭᠡᠷ᠂ ᠡᠷᠡᠭᠦᠯ ᠬᠠᠮᠠᠭᠠᠯᠠᠯ ᠤᠨ ᠲᠠᠰᠤᠭ ᠵᠢᠴᠢ ᠬᠥᠮᠥᠷᠭᠡ ᠵᠡᠷᠭᠡ ᠬᠡᠷᠡᠭᠯᠡᠭᠡᠨ ᠳᠤ ᠬᠠᠪᠰᠤᠷᠤᠨ ᠬᠡᠷᠡᠭᠯᠡᠬᠦ ᠭᠡᠷ ᠪᠠᠶᠢᠰᠢᠩ ᠢ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷ ᠪᠠᠷᠢᠭᠰᠠᠨ ᠭᠡᠷ ᠪᠠᠶᠢᠰᠢᠩ ᠤᠨ ᠲᠠᠯᠠᠪᠠᠢ ᠳᠤ ᠪᠣᠳᠣᠨ ᠣᠷᠣᠭᠤᠯᠬᠤ ᠦᠭᠡᠢ᠃      4. ᠳᠣᠣᠷ᠎ᠠ ᠥᠪᠡᠷ ᠤᠨ ᠥᠷᠲᠡᠭ ᠲᠠᠢ ᠪᠠᠷ ᠥᠭᠡᠷᠡᠴᠢᠯᠡᠨ ᠰᠢᠨᠡᠳᠬᠡᠬᠦ᠃ ᠪᠠᠬᠢᠵᠢᠭᠦᠯᠦᠨ ᠥᠭᠡᠷᠡᠴᠢᠯᠡᠬᠦ ᠪᠣᠯ ᠮᠠᠯᠴᠢᠨ ᠲᠠᠷᠢᠶᠠᠴᠢᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠳᠣᠣᠷ᠎ᠠ ᠥᠪᠡᠷ ᠤᠨ ᠥᠷᠲᠡᠭ ᠲᠠᠢ ᠪᠠᠷ ᠰᠢᠢᠳᠪᠦᠷᠢᠯᠡᠬᠦ ᠲᠤᠶᠢᠯ ᠤᠨ ᠪᠦᠲᠦᠮᠵᠢᠲᠡᠢ ᠠᠷᠭ᠎ᠠ ᠠᠪᠴᠠᠯ ᠤᠨ ᠨᠢᠭᠡ ᠪᠠᠶᠢᠵᠤ᠂ ᠭᠡᠷ ᠪᠠᠶᠢᠰᠢᠩ ᠪᠠᠷᠢᠭᠰᠠᠨ ᠠᠴᠠ ᠪᠣᠯᠵᠤ ᠶᠠᠳᠠᠭᠤᠷᠠᠬᠤ ᠪᠤᠶᠤ ᠳᠠᠬᠢᠨ ᠶᠠᠳᠠᠭᠤ ᠬᠦᠴᠢᠷᠳᠡᠯ ᠲᠠᠢ ᠪᠠᠶᠢᠳᠠᠯ ᠳᠤ ᠣᠷᠣᠬᠤ ᠠᠴᠠ ᠪᠦᠲᠦᠮᠵᠢᠲᠡᠢ ᠪᠠᠷ ᠵᠠᠶᠢᠯᠠᠰᠬᠢᠵᠦ ᠪᠣᠯᠣᠨ᠎ᠠ᠃ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠮᠠᠯᠴᠢᠨ ᠲᠠᠷᠢᠶᠠᠴᠢᠨ ᠡᠷᠦᠬᠡ ᠶᠢᠨ ᠪᠠᠬᠢᠵᠢᠭᠦᠯᠦᠨ ᠥᠭᠡᠷᠡᠴᠢᠯᠡᠬᠦ ᠠᠷᠭ᠎ᠠ ᠬᠡᠯᠪᠡᠷᠢ ᠶᠢ ᠤᠷᠢᠳ ᠢᠶᠠᠷ ᠰᠣᠩᠭᠤᠨ ᠨᠤᠷᠠᠬᠤ ᠠᠶᠤᠯᠲᠠᠢ ᠭᠡᠷ ᠪᠠᠶᠢᠰᠢᠩ ᠢᠶᠠᠨ ᠥᠭᠡᠷᠡᠴᠢᠯᠡᠨ ᠰᠢᠨᠡᠳᠬᠡᠬᠦ ᠶᠢ ᠬᠥᠲᠥᠯᠥᠨ ᠵᠢᠯᠣᠭᠤᠳᠬᠤ ᠬᠡᠷᠡᠭᠲᠡᠢ᠃ ᠵᠠᠷᠴᠢᠮ ᠳᠡᠭᠡᠷ᠎ᠡ ᠪᠠᠨ C ᠳᠡᠰ ᠤᠨ ᠨᠤᠷᠠᠬᠤ ᠠᠶᠤᠯᠲᠠᠢ ᠭᠡᠷ ᠪᠠᠶᠢᠰᠢᠩ ᠢ ᠡᠷᠬᠡᠪᠰᠢ ᠪᠠᠬᠢᠵᠢᠭᠦᠯᠦᠨ ᠥᠭᠡᠷᠡᠴᠢᠯᠡᠵᠦ᠂ ᠨᠥᠬᠦᠴᠡᠯ ᠲᠠᠢ D ᠳᠡᠰ ᠤᠨ ᠨᠤᠷᠠᠬᠤ ᠠᠶᠤᠯᠲᠠᠢ ᠭᠡᠷ ᠪᠠᠶᠢᠰᠢᠩ ᠤᠨ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠦᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ ᠰᠢᠯᠭᠠᠨ ᠪᠠᠶᠢᠴᠠᠭᠠᠯᠲᠠ ᠬᠢᠬᠦ ᠪᠠᠷ ᠳᠠᠮᠵᠢᠨ D ᠳᠡᠰ ᠤᠨ ᠨᠤᠷᠠᠬᠤ ᠠᠶᠤᠯᠲᠠᠢ ᠭᠡᠷ ᠪᠠᠶᠢᠰᠢᠩ ᠢᠶᠠᠷ ᠲᠣᠭᠲᠠᠭᠠᠭᠰᠠᠨ ᠭᠡᠷ ᠪᠠᠶᠢᠰᠢᠩ ᠳᠤ᠂  ᠬᠡᠷᠪᠡ ᠲᠠᠷᠢᠶᠠᠴᠢᠨ ᠡᠷᠦᠬᠡ ᠠᠴᠠ ᠥᠪᠡᠷ ᠢᠶᠠᠨ ᠪᠠᠬᠢᠵᠢᠭᠦᠯᠦᠨ ᠥᠭᠡᠷᠡᠴᠢᠯᠡᠬᠦ ᠬᠦᠰᠡᠯ ᠲᠠᠢ ᠪᠣᠯ᠂ ᠪᠠᠬᠢᠵᠢᠭᠦᠯᠦᠨ ᠥᠭᠡᠷᠡᠴᠢᠯᠡᠬᠦ ᠪᠠᠷᠢᠮᠵᠢᠶ᠎ᠠ ᠶᠢ ᠲᠣᠳᠣᠷᠬᠠᠶᠢᠯᠠᠨ᠂ ᠲᠠᠷᠢᠶᠠᠴᠢᠨ ᠡᠷᠦᠬᠡ ᠶᠢᠨ ᠵᠥᠪᠰᠢᠶᠡᠷᠡᠯ ᠢ ᠣᠯᠬᠤ ᠶᠢᠨ ᠬᠠᠮᠲᠤ ᠬᠡᠯᠡᠯᠴᠡᠭᠡᠷ ᠲᠣᠭᠲᠠᠬᠤ ᠬᠡᠷᠡᠭᠲᠡᠢ᠃ ᠡᠯ᠎ᠡ ᠭᠠᠵᠠᠷ ᠤᠨ ᠬᠢᠨ ︽ᠬᠥᠳᠡᠭᠡ ᠲᠣᠰᠬᠤᠨ ᠤ ᠭᠡᠷ ᠪᠠᠶᠢᠰᠢᠩ ᠢ ᠪᠠᠬᠢᠵᠢᠭᠦᠯᠦᠨ ᠥᠭᠡᠷᠡᠴᠢᠯᠡᠬᠦ ᠮᠡᠷᠭᠡᠵᠢᠯ ᠤᠨ ᠵᠢᠯᠣᠭᠤᠳᠬᠤ ᠳᠦᠷᠢᠮ︾ ᠢᠶᠠᠷ ᠯᠠᠪᠯᠠᠯᠲᠠ ᠪᠣᠯᠭᠠᠨ᠂ ᠥᠪᠡᠷ ᠤᠨ ᠪᠣᠳᠠᠲᠤ ᠪᠠᠶᠢᠳᠠᠯ ᠳᠤ ᠪᠠᠨ ᠨᠡᠶᠢᠴᠡᠭᠰᠡᠨ ᠪᠠᠬᠢᠵᠢᠭᠦᠯᠬᠦ ᠪᠠᠷᠢᠮᠵᠢᠶ᠎ᠠ ᠶᠢ ᠲᠣᠭᠲᠠᠭᠠᠵᠤ᠂ ᠰᠢᠭᠤᠳ ᠠᠶᠤᠯ ᠲᠦᠭᠰᠢᠭᠦᠷᠢ ᠶᠢ ᠠᠷᠢᠯᠭᠠᠨ᠂ ᠭᠡᠷ ᠪᠠᠶᠢᠰᠢᠩ ᠤᠨ ᠪᠦᠬᠦᠯᠢ ᠴᠣᠭᠴᠠ ᠶᠢᠨ ᠬᠦᠴᠦᠯᠡᠴᠡ ᠶᠢ ᠵᠡᠷᠭᠡ ᠳᠤ ᠨᠢ ᠳᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ