3 ᠳ᠋ᠤᠭᠠᠷ ᠰᠠᠷ᠎ᠠ ᠶᠢᠨ 25 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠥ᠂ ᠶᠠᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ | ᠦᠵᠡᠯ ᠰᠠᠨᠠᠭ᠎ᠠ ᠤᠯᠤᠰ ᠳᠦᠷᠦ ᠶᠢᠨ ᠤᠨᠤᠯ ᠤᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠳᠡᠭᠡᠷ᠎ᠡ | ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠵᠢᠶᠠᠩᠰᠤ ᠶᠢᠨ ᠰᠢᠶᠠᠩᠱᠦ᠋ᠢ ᠶᠢᠨ ︽3 · 21︾ ᠤ | ᠳᠡᠯᠪᠡᠷᠡᠯᠳᠡ ᠶᠢᠨ ᠬᠡᠷᠡᠭ ᠲᠤ ᠦᠭᠭᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠶᠡᠷᠦᠩᠬᠡᠢ ᠰᠠᠶᠢᠳ ᠯᠢ | ᠺᠧ ᠴᠢᠶᠠᠩ ᠤᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠪᠦᠬᠦ ᠤᠯᠤᠰ ᠤᠨ | ᠳᠤᠭᠤᠷᠢᠨ ᠪᠠᠶᠢᠴᠠᠭᠠᠯᠲᠠ ᠶᠢᠨ ᠠᠵᠢᠯ ᠤᠨ ᠬᠤᠷᠠᠯ ᠵᠢᠴᠢ ᠠᠷᠪᠠ ᠶᠢᠰᠦᠳᠦᠬᠡᠷ ᠬᠤᠭᠤᠴᠠᠭᠠᠨ ᠤ ᠳᠦᠪ ᠤᠨ | ᠭᠤᠷᠪᠠᠳᠤᠭᠠᠷ ᠡᠬᠡᠯᠵᠢ ᠶᠢᠨ ᠳᠤᠭᠤᠷᠢᠨ ᠪᠠᠶᠢᠴᠠᠭᠠᠵᠤ ᠳᠠᠶᠢᠴᠢᠯᠠᠯᠲᠠ ᠬᠢᠬᠦ ᠪᠠᠶᠢᠷᠢᠯᠠᠭᠤᠯᠤᠯᠲᠠ ᠶᠢᠨ ᠬᠤᠷᠠᠯ ᠤᠨ | ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | ᠪᠠᠶᠢᠷᠢᠯᠠᠭᠤᠯᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠢ | ᠡᠷᠬᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠳᠦᠷᠦ ᠶᠢᠨ ᠤᠨᠤᠯ ᠤᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠴᠢᠬᠤᠯᠠ | ᠶᠡᠷᠢᠶ᠎ᠡ ᠨᠢ ᠮᠠᠰᠢ ᠴᠢᠩᠭ᠎ᠠ ᠤᠯᠤᠰ ᠳᠦᠷᠦᠴᠢ ᠴᠢᠨᠠᠷ᠂ ᠪᠠᠶᠢᠯᠳᠤᠬᠤ ᠪᠤᠳᠤᠯᠭᠠᠳᠤ ᠴᠢᠨᠠᠷ᠂ ᠦᠵᠡᠯ ᠰᠠᠨᠠᠭᠠᠳᠤ | ᠴᠢᠨᠠᠷ᠂ ᠤᠨᠤᠯ ᠤᠨ ᠴᠢᠨᠠᠷ᠂ ᠵᠢᠭᠠᠨ ᠵᠢᠯᠤᠭᠤᠳᠬᠤ ᠴᠢᠨᠠᠷ ᠲᠠᠢ ᠶᠤᠮ᠃ ᠡᠯ᠎ᠠ ᠱᠠᠲᠤ ᠡᠯ᠎ᠠ ᠰᠠᠯᠠᠭ᠎ᠠ ᠮᠦᠴᠢᠷ | ᠢᠯᠠᠩᠭᠤᠶ᠎ᠠ ᠰᠤᠷᠭᠠᠨ ᠬᠦᠮᠦᠵᠢᠯ ᠤᠨ ᠰᠠᠯᠠᠭ᠎ᠠ ᠮᠦᠴᠢᠷ ︽ᠳᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠳᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠥ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ | ᠤᠨ ᠰᠤᠷᠭᠠᠨ ᠬᠦᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠠᠮᠠᠷ ᠬᠦᠮᠥᠨ ᠢ | ᠬᠦᠮᠥᠵᠢᠬᠦᠯᠬᠦ᠂ ᠬᠦᠮᠥᠨ ᠢ ᠶᠠᠭᠠᠬᠢᠵᠤ ᠬᠦᠮᠥᠵᠢᠬᠦᠯᠬᠦ᠂ ᠬᠡᠨ ᠤ ᠲᠦᠯᠥᠬᠡ ᠬᠦᠮᠥᠨ ᠬᠦᠮᠥᠵᠢᠬᠦᠯᠬᠦ ᠡᠨᠡ ᠬᠦ | ᠦᠨᠳᠦᠰᠦᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠲᠤᠭᠤᠷᠢᠨ ᠳᠤ᠂ ᠰᠢ ᠶᠢᠨ ᠫᠢᠩ ᠤᠨ ᠰᠢᠨ᠎ᠠ ᠴᠠᠭ | ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ | ᠱᠤᠭᠤᠵᠤ ᠬᠦᠮᠦᠨ ᠢ ᠬᠦᠮᠦᠵᠢᠬᠦᠯᠬᠦ ᠶᠢ ᠴᠦᠬᠦᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ | ︽ᠨᠠᠢᠮᠠᠨ ᠨᠢᠭᠡᠲᠦᠯᠲᠡᠢ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠤᠰᠤᠭᠠᠷ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠤᠨ ᠦᠭᠡᠷᠡᠴᠢᠯᠡᠯᠲᠡ ᠰᠢᠨᠡᠴᠢᠯᠡᠯᠲᠡ ᠶᠢ ᠶᠡᠭᠡ ᠬᠦᠴᠦᠨ ᠢᠶᠠᠷ ᠠᠬᠢᠭᠤᠯᠵᠤ᠂ ᠦᠨᠳᠦᠷ ᠬᠡᠪ | ᠪᠤᠯᠪᠠᠰᠤᠷᠠᠯ ᠲᠠᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠦᠨᠡᠨ ᠬᠦ ᠰᠠᠶᠢᠲᠤᠷ | ᠡᠷᠬᠢᠯᠡᠬᠦ ᠬᠡᠷᠡᠭᠲᠡᠢ᠃ ᠡᠯ᠎ᠠ ᠱᠠᠲᠤᠨ ᠤ ᠨᠠᠮ ᠤᠨ ᠬᠤᠷᠢᠶ᠎ᠠ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ | ᠪᠠᠶᠢᠭᠤᠯᠤᠯᠲᠠ ᠶᠢ ᠴᠢᠬᠤᠯᠠ ᠵᠦᠪᠯᠡᠬᠦ ᠵᠦᠢᠯ ᠳᠤ ᠪᠠᠨ ᠤᠷᠤᠭᠤᠯᠵᠤ᠂ ᠨᠠᠮ ᠤᠨ ᠬᠤᠷᠢᠶ᠎ᠠ ᠠᠴᠠ ᠨᠢᠭᠡᠲᠦᠯᠲᠡᠢ | ᠤᠳᠤᠷᠢᠳᠬᠤ᠂ ᠨᠠᠮ ᠵᠠᠰᠠᠭ ᠠᠴᠠ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠬᠤᠯᠪᠤᠬᠳᠠᠯ ᠪᠦᠬᠦᠢ ᠰᠠᠯᠠᠭ᠎ᠠ | ᠮᠦᠴᠢᠷ ᠠᠴᠠ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠪᠦᠬᠦ ᠨᠡᠶᠢᠭᠡᠮ ᠢᠶᠠᠷ ᠢᠶᠠᠨ ᠬᠤᠯᠪᠤᠭᠠᠯᠠᠨ | ᠬᠠᠮᠵᠢᠯᠴᠠᠬᠤ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠠ ᠶᠢᠨ ᠰᠢᠨ᠎ᠠ ᠬᠦᠮᠦᠨ ᠢ ᠴᠢᠷᠮᠠᠶᠢᠨ ᠬᠦᠮᠦᠵᠢᠭᠦᠯᠵᠦ᠂ ᠶᠤᠰᠤ ᠰᠤᠷᠳᠠᠬᠤᠨ | ᠤᠶᠤᠨ ᠤᠬᠠᠭᠠᠨ ᠪᠡᠶ᠎ᠠ ᠮᠠᠬᠠᠪᠤᠳ ᠭᠤᠸ᠎ᠠ ᠰᠠᠶᠢᠬᠠᠨ ᠬᠦᠳᠡᠯᠮᠦᠷᠢ ᠪᠦᠬᠦ ᠲᠠᠯ᠎ᠠ ᠪᠠᠷ ᠬᠦᠭᠵᠢᠭᠰᠡᠨ ᠨᠡᠶᠢᠭᠡᠮ ᠵᠢᠷᠦᠮ | ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠬᠴᠢ ᠶᠢ ᠬᠦᠮᠦᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠠ ᠱᠠᠲᠤ ᠡᠯ᠎ᠠ ᠰᠠᠯᠠᠭ᠎ᠠ ᠮᠦᠴᠢᠷ ᠤᠳ ᠶᠡᠷᠦᠩᠬᠡᠢ ᠱᠦᠵᠢ | ᠰᠢ ᠶᠢᠨ ᠫᠢᠩ ᠤᠨ ᠵᠢᠶᠠᠩᠰᠦ ᠶᠢᠨ ᠰᠢᠶᠠᠩᠱᠦ᠋ᠢ ᠶᠢᠨ ︽3 · 21︾ ᠤ ᠲᠡᠯᠪᠡᠷᠡᠯᠳᠡ ᠶᠢᠨ ᠬᠡᠷᠡᠭ ᠲᠤ ᠦᠭᠭᠦᠭᠰᠡᠨ | ᠴᠢᠬᠤᠯᠠ ᠵᠢᠭᠠᠪᠤᠷᠢ ᠪᠤᠯᠤᠨ ᠶᠡᠷᠦᠩᠬᠡᠢ ᠰᠠᠶᠢᠳ ᠯᠢ ᠺᠧ ᠴᠢᠶᠠᠩ ᠤᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠡ ᠤᠳᠠᠭ᠎ᠠ ᠶᠢᠨ ᠠᠳᠡᠯ ᠪᠤᠯᠤᠨ ᠰᠢᠯᠢ ᠶᠢᠨ ᠭᠤᠤᠯ ᠠᠶᠢᠮᠠᠭ ᠤᠨ ︽ | 2 · 23︾ ᠤ ᠬᠦᠨᠳᠤ ᠶᠡᠭᠡ ᠠᠮᠤᠷ ᠲᠦᠪᠰᠢᠨ ᠤ ᠠᠳᠡᠯ ᠠᠴᠠ ᠭᠦᠨ ᠰᠤᠷᠭᠠᠮᠵᠢ ᠠᠪᠴᠤ᠂ ᠠᠶᠤᠯ ᠦᠭᠡᠢ | ᠦᠢᠯᠡᠳᠪᠦᠷᠢᠯᠡᠯ ᠤᠨ ᠡᠨᠡ ᠭᠦ ᠡᠷᠴᠢᠯᠡᠭᠦᠷ ᠢ ᠤᠯᠠᠮ ᠴᠢᠩᠭᠠᠯᠠᠵᠤ᠂ ᠠᠶᠤᠯ ᠦᠭᠡᠢ ᠦᠢᠯᠡᠳᠪᠤᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠤᠯᠠᠮ ᠴᠢᠨᠠᠭᠰᠢᠳᠠ ᠴᠢᠩᠭ᠎ᠠ ᠨᠠᠶᠢᠳᠠᠪᠤᠷᠢᠵᠢᠭᠤᠯᠵᠤ᠂ ᠪᠦᠭᠦ ᠤᠷᠤᠨ ᠤ ᠠᠶᠤᠯ | ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠰᠠᠶᠢᠨ ᠢᠶᠠᠷ ᠡᠬᠢᠯᠡᠭᠦᠯᠵᠤ ᠰᠠᠶᠢᠬᠠᠨ ᠲᠡᠭᠦᠰᠭᠡᠵᠤ᠂ ᠠᠶᠤᠯ | ᠦᠭᠡᠢ ᠦᠢᠯᠠᠳᠪᠤᠷᠢᠯᠠᠯ ᠤᠨ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠵᠤ᠂ ᠬᠦᠨᠳᠤ ᠤᠨᠴᠠ | ᠶᠡᠭᠡ ᠠᠳᠠᠯ ᠡᠭᠦᠰᠭᠦ ᠶᠢ ᠡᠷᠡᠰ ᠰᠡᠷᠭᠡᠶᠢᠯᠡᠬᠦ ᠭᠡᠷᠡᠭᠳᠠᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠢᠯᠠᠩᠭᠤᠶ᠎ᠠ ᠲᠤᠭᠤᠷᠢᠨ | ᠪᠠᠶᠢᠴᠠᠭᠠᠬᠤ ᠴᠠᠬᠳᠠᠨ ᠪᠠᠶᠢᠴᠠᠭᠠᠬᠤ ᠰᠠᠯᠠᠭ᠎ᠠ ᠮᠦᠴᠢᠷ ᠤᠳ ᠶᠡᠷᠤᠩᠭᠡᠢ ᠱᠦᠵᠢ ᠰᠢ ᠶᠢᠨ ᠫᠢᠡᠭ ᠤᠨ ᠲᠤᠭᠤᠷᠢᠨ | ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠤᠯᠤᠰ ᠤᠨ ᠲᠤᠭᠤᠷᠢᠨ ᠪᠠᠶᠢᠴᠠᠭᠠᠬᠤ ᠠᠵᠢᠯ ᠤᠨ ᠬᠤᠷᠠᠯ ᠤᠨ | ᠲᠤᠬᠢᠷᠠᠭᠤᠯᠤᠯᠳᠠ ᠪᠠᠶᠢᠷᠢᠯᠠᠭᠤᠯᠤᠯᠲᠠ ᠶᠤᠰᠤᠭᠠᠷ᠂ ᠰᠢᠮᠳᠠᠭᠤᠯᠤᠨ ᠵᠢᠯᠤᠭᠤᠳᠬᠤ ᠲᠤᠭᠤᠷᠢᠨ ᠳᠤ ︽ᠬᠤᠶᠠᠷ ᠢ | ᠬᠠᠮᠠᠭᠠᠯᠠᠬᠤ︾ ᠦᠨᠳᠤᠰᠤᠨ ᠡᠭᠦᠷᠭᠡ ᠶᠢ ᠪᠠᠶᠠᠯᠠᠭᠦᠯᠵᠤ᠂ ︽ᠲᠦᠷᠪᠡ ᠶᠢ ᠬᠠᠮᠤᠷᠤᠭᠤᠯᠬᠤ︾ ᠡᠷᠬᠡ ᠳᠤ ᠬᠢᠨᠠᠯᠳᠠ | ᠲᠠᠯᠪᠢᠬᠤ ᠪᠠᠶᠢᠷᠢᠰᠢᠯ ᠢ ᠪᠦᠷᠢᠯᠳᠤᠭᠦᠯᠵᠤ᠂ ᠲᠤᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠠᠵᠢᠯ︾ ᠢ ᠰᠠᠶᠢᠲᠤᠷ | ᠬᠢᠵᠤ᠂ ᠲᠤᠭᠤᠷᠢᠨ ᠪᠠᠶᠢᠴᠠᠭᠠᠬᠤ ᠠᠵᠢᠯ ᠤᠨ ᠭᠦᠨᠵᠡᠭᠡᠶᠢᠷᠡᠨ ᠬᠦᠭᠵᠢᠭᠦ ᠶᠢ ᠠᠬᠢᠭᠤᠯᠵᠤ᠂ ᠲᠤᠭᠤᠷᠢᠨ | ᠪᠠᠶᠢᠴᠠᠭᠠᠯᠲᠠ ᠶᠢᠨ ᠵᠢᠷᠤᠮᠵᠢᠬᠰᠠᠨ ᠪᠠᠶᠢᠭᠤᠯᠤᠯᠲᠠ ᠵᠡᠷᠭᠡ ᠴᠢᠬᠤᠯᠠ ᠲᠠᠯ᠎ᠠ ᠶᠢ ᠴᠢᠩᠭᠠᠳᠬᠠᠵᠤ᠂ ᠲᠤᠭᠤᠷᠢᠨ | ᠪᠠᠶᠢᠴᠠᠭᠠᠬᠤ ᠴᠠᠬᠳᠠᠨ ᠪᠠᠶᠢᠴᠠᠭᠠᠬᠤ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠵᠤ᠂ ᠲᠦᠷᠢᠮ ᠶᠤᠰᠤᠭᠠᠷ | ᠰᠠᠬᠢᠯᠭ᠎ᠠ ᠪᠠᠳᠤ ᠶᠤᠰᠤᠭᠠᠷ ᠬᠠᠤᠯᠢ ᠶᠤᠰᠤᠭᠠᠷ ᠲᠤᠭᠤᠷᠢᠨ ᠪᠠᠶᠢᠴᠠᠭᠠᠬᠤ ᠴᠠᠬᠳᠠᠨ ᠪᠠᠶᠢᠴᠠᠭᠠᠬᠤ ᠲᠦᠪᠰᠢᠨ ᠢ | ᠲᠡᠭᠡᠭᠰᠢᠯᠡᠭᠦᠯᠭᠦ ᠭᠡᠷᠡᠭᠳᠠᠢ ᠭᠡᠵᠡᠢ᠃ | ᠬᠤᠷᠠᠯ ᠠᠴᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠦᠨᠳᠤᠰᠳ ᠱᠠᠲᠤᠨ ᠳᠤ ᠨᠠᠶᠢᠳᠠᠪᠤᠷᠢᠵᠢᠭᠤᠯᠬᠤ ᠤᠨ᠂ ᠰᠢᠶᠠᠨ ᠤ ᠱᠠᠳᠤᠨ ᠤ ᠬᠠᠮ ᠵᠠᠭᠤᠴᠢᠯᠠᠭᠤᠷ ᠤᠨ ᠲᠦᠪ ᠤᠨ | ᠪᠦᠳᠦᠬᠡᠨ ᠪᠠᠶᠢᠭᠤᠯᠤᠯᠲᠠ ᠪᠤᠯᠤᠨ ᠪᠦᠭᠦ ᠤᠷᠤᠨ ᠤ ᠰᠢᠨ᠎ᠠ ᠴᠠᠭ ᠦᠶ᠎ᠠ ᠶᠢᠨ ᠮᠠᠯᠴᠢᠨ ᠲᠠᠷᠢᠶᠠᠴᠢᠳ ᠢ | ᠬᠦᠮᠦᠵᠢᠬᠦᠯᠬᠦ ︽ᠮᠢᠩᠭᠠᠨ ᠲᠤᠰᠬᠤᠨ ᠵᠢᠱᠢᠶ᠎ᠠ ᠦᠵᠡᠭᠦᠯᠬᠦ᠂ ᠲᠦᠮᠡᠨ ᠲᠤᠰᠬᠤᠨ ᠤ ᠬᠦᠳᠡᠯᠦᠯᠴᠡᠬᠦ︾ ᠠᠵᠢᠯ ᠢ | ᠦᠷᠨᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠤᠯᠳᠠ ᠶᠢ ᠰᠤᠨᠤᠰᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃ |