ᠪᠦᠬᠦ ᠤᠯᠤᠰ ᠤᠨ ᠵᠢᠦᠳᠣᠣ ᠪᠥᠬᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ᠄ ᠥᠪᠥᠷ ᠮᠣᠩᠭᠤᠯ ᠤᠨ ᠲᠠᠮᠢᠷᠴᠢᠨ 5 ᠠᠯᠲᠠᠨ ᠮᠧᠳᠠᠯ 1 ᠮᠥᠩᠭᠦᠨ ᠮᠧᠳᠠᠯ 4 ᠬᠦᠷᠡᠯ ᠮᠧᠳᠠᠯ ᠭᠠᠷᠳᠠᠪᠠ
ᠨᠡᠶᠢᠲᠡᠯᠡᠭᠰᠡᠨ ᠴᠠᠭ᠄
2019/3/27
     3 ᠳ᠋ᠤᠭᠠᠷ ᠰᠠᠷ᠎ᠠ ᠶᠢᠨ 24᠎ ᠤ ᠡᠳᠦᠷ᠂ 2019 ᠣᠨ ᠤ ᠪᠦᠬᠦ ᠤᠯᠤᠰ ᠤᠨ ᠵᠢᠦᠳᠣᠣ ᠪᠥᠬᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠭᠤᠸᠠᠩᠳᠦ᠋ᠩ ᠮᠤᠵᠢ ᠶᠢᠨ ᠰᠧ ᠬᠤᠢ ᠬᠤᠳᠠ ᠳᠤ ᠥᠨᠳᠥᠷᠯᠡᠪᠡ᠃ ᠲᠤᠰ ᠤᠳᠠᠭᠠᠨ ᠤ ᠤᠷᠤᠯᠳᠤᠭᠠᠨ ᠳᠤ᠂ ᠥᠪᠥᠷ ᠮᠣᠩᠭᠤᠯ ᠤᠨ ᠲᠠᠮᠢᠷᠴᠢᠨ ᠨᠡᠶᠢᠲᠡ 5 ᠠᠯᠲᠠᠨ ᠮᠧᠳᠠᠯ 1 ᠮᠥᠩᠭᠦᠨ ᠮᠧᠳᠠᠯ 4 ᠬᠦᠷᠡᠯ ᠮᠧᠳᠠᠯ ᠭᠠᠷᠳᠠᠪᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ 5 ᠡᠳᠦᠷ ᠶᠠᠪᠤᠭᠳᠠᠵᠤ᠂ ᠪᠦᠬᠦ ᠤᠯᠤᠰ ᠤᠨ 56 ᠲᠥᠯᠥᠭᠡᠯᠡᠭᠴᠢᠳ ᠤᠨ ᠪᠥᠯᠬᠦᠮ ᠤᠨ 754 ᠲᠠᠮᠢᠷᠴᠢᠨ ᠣᠷᠤᠯᠴᠠᠪᠠ᠃ ᠡᠭᠦᠨ ᠳᠤ᠂ ᠥᠪᠥᠷ ᠮᠣᠩᠭᠤᠯ ᠨᠡᠶᠢᠲᠡ 35 ᠡᠷᠡᠭᠲᠡᠢ ᠲᠠᠮᠢᠷᠴᠢᠨ ᠪᠣᠯᠣᠨ 4 ᠡᠮᠡᠭᠲᠡᠢ ᠲᠠᠮᠢᠷᠴᠢᠨ ᠲᠣᠮᠢᠯᠠᠨ 11 ᠳᠡᠰ ᠤᠨ ᠤᠷᠤᠯᠳᠤᠭᠠᠨ ᠳᠤ ᠣᠷᠣᠯᠴᠠᠭᠤᠯᠪᠠ᠃ ᠬᠠᠮᠤᠭ ᠤᠨ ᠡᠴᠦᠰ ᠲᠤ᠂ ᠰᠥᠷᠯᠢᠭ᠂ ᠴᠢᠨᠳᠠᠮᠤᠨᠢ᠂ ᠵᠠᠯᠰᠠᠨ᠂ ᠡᠷᠬᠢᠮᠪᠠᠲᠤ ᠨᠠᠷ ᠲᠤᠰ ᠲᠤᠰ ᠡᠷᠡᠭᠲᠡᠶ ᠶᠢᠨ 60᠂ 73᠂81 ᠺᠢᠯᠣᠭ᠍ᠷᠠᠮ ᠤᠨ ᠲᠠᠰ ᠪᠣᠯᠣᠨ 100 ᠺᠢᠯᠣᠭ᠍ᠷᠠᠮ ᠤᠨ ᠳᠡᠰ ᠲᠤ ᠮᠠᠩᠯᠠᠶᠢᠯᠠᠵᠤ᠂ ᠪᠦᠷᠭᠦᠳ ᠡᠷᠡᠭᠲᠡᠶ ᠶᠢᠨ 90 ᠺᠢᠯᠣᠭ᠍ᠷᠠᠮ ᠤᠨ ᠳᠡᠰ ᠤᠨ ᠬᠤᠶᠠᠳᠤᠭᠠᠷ ᠲᠤ ᠲᠣᠳᠣᠷᠠᠵᠤ᠂ ᠸᠴᠢᠷ᠂ ᠰᠢᠳᠤᠷᠭᠤ᠂ ᠨᠠᠶᠢᠷᠠᠭᠴᠢ᠂ ᠪᠦᠬᠡᠪᠢᠯᠢᠭ ᠨᠠᠷ ᠲᠤᠰ ᠲᠤᠰ ᠡᠷᠡᠭᠲᠡᠶ ᠶᠢᠨ 60᠂ 66᠂ 81 ᠺᠢᠯᠣᠭ᠍ᠷᠠᠮ ᠤᠨ ᠲᠡᠰ ᠪᠣᠯᠣᠨ 90 ᠺᠢᠯᠣᠭ᠍ᠷᠠᠮ ᠤᠨ ᠳᠡᠰ ᠤᠨ ᠭᠤᠷᠪᠠᠳᠤᠭᠠᠷ ᠲᠤ ᠲᠣᠳᠣᠷᠠᠵᠤ᠂ ᠰᠢᠭᠤᠷᠭᠠᠨ᠂ ᠠᠮᠤᠷᠴᠣᠭᠲᠤ ᠡᠷᠡᠭᠲᠡᠶ ᠶᠢᠨ 73 ᠺᠢᠯᠣᠭ᠍ᠷᠠᠮ ᠤᠨ ᠲᠠᠰ ᠤᠨ ᠲᠠᠪᠤᠳᠤᠭᠠᠷ ᠲᠤ ᠲᠣᠳᠣᠷᠠᠨ᠂ ᠪᠠᠶᠠᠨᠮᠦᠩᠬᠡ᠂ ᠠᠭᠤᠳᠠᠮ ᠲᠤᠰ ᠲᠤᠰ ᠡᠷᠡᠭᠲᠡᠶ ᠶᠢᠨ 66᠂ 100 ᠺᠢᠯᠣᠭ᠍ᠷᠠᠮ ᠤᠨ ᠳᠡᠰ ᠤᠨ 7 ᠳ᠋ᠤᠭᠠᠷ ᠲᠤ ᠲᠣᠳᠣᠷᠠᠪᠠ᠃ ᠴᠢᠨᠳᠠᠮᠤᠨᠢ᠂ ᠪᠦᠬᠡᠪᠢᠯᠢᠭ ᠥᠪᠥᠷ ᠮᠣᠩᠭᠤᠯ ᠤᠨ ᠠᠩᠭᠢ ᠶᠢ ᠲᠥᠯᠥᠭᠡᠯᠡᠨ ᠭᠤᠸᠠᠩᠳᠦ᠋ᠩ ᠤᠨ ᠠᠩᠭᠢ᠂ ᠱᠠᠨᠳᠦ᠋ᠩ ᠤᠨ ᠠᠩᠭᠢ᠂ ᠲᠢᠶᠠᠨᠵᠢᠨ ᠤ ᠠᠩᠭᠢ᠂ ᠵᠢᠶᠠᠩᠰᠦ ᠶᠢᠨ ᠠᠩᠭᠢ᠂ ︽8 · 1︾ ᠨᠠᠨᠴᠠᠩ ᠤᠨ ᠠᠩᠭᠢ ᠯᠦᠭᠡ ᠬᠤᠯᠪᠣᠭᠠᠲᠤ ᠳᠥᠷᠪᠡᠳᠦᠭᠡᠷ ᠠᠩᠭᠢ ᠶᠢ ᠵᠣᠬᠢᠶᠠᠨ ᠪᠠᠶᠢᠭᠤᠯᠵᠤ ᠬᠤᠯᠢᠮᠠᠭ ᠤᠷᠤᠯᠳᠤᠭᠠᠨ ᠳᠤ ᠮᠠᠩᠯᠠᠶᠢᠯᠠᠵᠠᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号