ᠮᠠᠨ ᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠬᠡᠷᠬᠢᠨ ᠠᠬᠢᠭᠤᠯᠬᠤ ᠪᠤᠢ︖
ᠨᠡᠶᠢᠲᠡᠯᠡᠭᠰᠡᠨ ᠴᠠᠭ᠄
2019/3/28
     ᠲᠤᠰᠬᠠᠶ ᠮᠡᠷᠭᠡᠵᠢᠯᠲᠡᠳ ᠬᠡᠯᠡᠭᠰᠡᠨ ᠨᠢ᠂ ᠪᠦᠬᠦ ᠣᠷᠣᠨ ᠳᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢ ᠬᠠᠶᠢᠨ ᠰᠦᠪᠡᠭᠴᠢᠯᠡᠵᠦ ᠠᠷᠠᠳ ᠨᠡᠶᠢᠲᠡ ᠶᠢᠨ ᠠᠵᠢᠯᠯᠠᠭᠠᠨ ᠢ ᠢᠳᠡᠪᠬᠢᠲᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠰᠤᠳᠤᠯᠭᠠᠨ ᠤ ᠲᠥᠪ ᠵᠡᠷᠭᠡ ᠤᠶᠤᠨ ᠤ ᠬᠥᠮᠥᠷᠭᠡ ᠶᠢᠨ ᠪᠠᠶᠢᠭᠤᠯᠤᠮᠵᠢ ᠨᠤᠭᠤᠳ ᠠᠮᠢ ᠠᠬᠤᠢ ᠶᠢ ᠲᠡᠷᠢᠭᠦᠨ ᠳᠤ ᠲᠠᠯᠪᠢᠬᠤ ᠣᠨᠣᠯᠵᠢᠬᠤᠨ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠵᠠᠮ ᠤᠨ ᠲᠤᠬᠠᠢ ᠵᠣᠬᠢᠴᠠᠩᠭᠤᠢ ᠲᠤᠰᠬᠠᠶ ᠰᠡᠳᠦᠪᠲᠦ ᠰᠤᠳᠤᠯᠭᠠᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤ ᠤᠶᠤᠨ ᠤ ᠦᠢᠯᠡᠴᠢᠯᠡᠭᠡ ᠬᠠᠩᠭᠠᠬᠤ ᠬᠡᠷᠡᠭᠲᠡᠢ︔ ᠪᠦᠬᠦ ᠨᠡᠶᠢᠭᠡᠮ ᠢᠶᠠᠷ ᠢᠶᠠᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠪᠣᠬᠢᠷᠲᠤᠯ ᠦᠭᠡᠢ ᠬᠥᠭᠵᠢᠭᠦᠯᠬᠦ ᠶᠠᠷᠢᠶ᠎ᠠ ᠬᠡᠯᠡᠯᠴᠡᠭᠡᠨ ᠤ ᠣᠷᠴᠢᠨ ᠨᠦᠭᠦᠴᠡᠯ ᠢ ᠪᠦᠷᠢᠯᠳᠦᠭᠦᠯᠵᠦ᠂ ᠠᠷᠠᠳ ᠨᠡᠶᠢᠲᠡ ᠪᠠᠷ ᠢᠶᠠᠨ ᠠᠮᠢ ᠠᠬᠤᠶ ᠶᠢᠨ ᠰᠣᠶᠣᠯ ᠤᠬᠠᠭᠤᠯᠤᠯ ᠳᠤ ᠣᠷᠤᠯᠴᠠᠨ᠂ ᠠᠷᠠᠳ ᠨᠡᠶᠢᠲᠡ ᠪᠠᠷ ᠢᠶᠠᠨ ᠪᠣᠬᠢᠷᠲᠤᠯ ᠦᠭᠡᠢ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号