ᠬᠠᠯᠠᠭᠤᠨ ᠴᠢᠮᠡᠭᠡ︕ ᠮᠣᠩᠭᠤᠯ ᠬᠡᠯᠡ ᠪᠢᠴᠢᠭ ᠤᠨ ᠵᠣᠬᠢᠶᠠᠮᠠᠯ ᠣᠶᠤᠨᠯᠢᠭ ᠤᠨ ᠮᠡᠷᠭᠡᠵᠢᠯ ᠮᠡᠨᠳᠦᠯᠡᠯ᠎ᠡ
ᠨᠡᠶᠢᠲᠡᠯᠡᠭᠰᠡᠨ ᠴᠠᠭ᠄
2019/3/28
     ᠵᠣᠬᠢᠶᠠᠮᠠᠯ ᠣᠶᠤᠨᠯᠢᠭ ᠢ ᠨᠢᠭᠡ ᠮᠡᠳᠡᠬᠦ ᠳᠤ ᠲᠠᠨᠢᠯ ᠪᠤᠰᠤ ᠶᠠᠭᠤᠮ᠎ᠠ ᠪᠢᠰᠢ ᠪᠣᠯᠣᠯ᠎ᠠ᠂ ᠤᠴᠢᠷ ᠨᠢ ᠲᠡᠷᠡ ᠠᠯᠢ ᠬᠡᠳᠦ᠋ᠢᠨ ᠰᠢᠨᠵᠢᠯᠡᠬᠦ ᠤᠬᠠᠭᠠᠨ ᠤ ᠤᠷᠠᠨ ᠰᠡᠤᠡᠬᠢᠮᠵᠢᠳᠥ ᠺᠢᠨᠣ᠋ ᠳᠤ ᠯᠡ ᠬᠠᠷᠠᠭᠳᠠᠳᠠᠭ ᠢᠷᠡᠭᠡᠳᠦᠶ ᠶᠢᠨ ᠰᠢᠨᠵᠢᠯᠡᠬᠦ ᠤᠬᠠᠭᠠᠨ ᠤ ᠮᠡᠷᠭᠡᠵᠢᠯ ᠪᠢᠰᠢ ᠪᠣᠯᠪᠠ᠂ ᠲᠡᠷᠡ ᠨᠢ ᠨᠢᠭᠡᠨᠲᠡ ᠬᠥᠮᠦᠰ ᠤᠨ ᠡᠳᠦᠷ ᠳᠤᠳᠤᠮ ᠤᠨ ᠠᠮᠢᠳᠤᠷᠠᠯ ᠳᠤ ᠠᠭᠠᠵᠢᠮ ᠢᠶᠠᠷ ᠠᠭᠤᠰᠤᠨ ᠣᠷᠤᠭᠰᠠᠨ ᠪᠠᠶᠢᠨ᠎ᠠ᠃ ᠣᠶᠤᠨᠯᠢᠭ ᠲᠠᠭᠤᠨ ᠤ ᠬᠠᠶᠢᠷᠴᠠᠭ᠂ ᠤᠷᠴᠢᠭᠤᠯᠤᠭᠤᠷ᠂ ᠭᠠᠵᠠᠷ ᠱᠦᠭᠦᠷᠳᠡᠬᠦ ᠮᠠᠰᠢᠨ ᠬᠥᠮᠦᠨ ᠵᠡᠷᠭᠡ ᠨᠢ ᠪᠦᠷ ᠨᠢᠭᠡᠨᠲᠡ ᠪᠢᠳᠡᠨ ᠤ ᠬᠠᠵᠠᠭᠤ ᠳᠤ ᠪᠠᠶᠢᠳᠠᠭ᠂ ᠰᠤᠷᠭᠠᠨ ᠬᠦᠮᠦᠵᠢᠯ᠂ ᠡᠮ ᠡᠮᠨᠡᠯᠭᠡ ᠵᠡᠷᠭᠡ ᠣᠯᠠᠨ ᠬᠦᠷᠢᠶᠡᠨ ᠳᠤ ᠵᠣᠬᠢᠶᠠᠮᠠᠯ ᠣᠶᠤᠨᠯᠢᠭ ᠢ ᠪᠠᠰᠠ ᠶᠠᠭ ᠠᠯᠬᠤᠮ ᠠᠯᠬᠤᠮ ᠢᠶᠠᠷ ᠬᠡᠷᠡᠭᠯᠡᠵᠦ ᠪᠠᠶᠢᠨ᠎ᠠ᠃ ᠥᠨᠥᠳᠦᠷ᠂ ᠮᠣᠩᠭᠤᠯ ᠬᠡᠯᠡ ᠪᠢᠴᠢᠭ ᠤᠨ ᠵᠣᠬᠢᠶᠠᠮᠠᠯ ᠣᠶᠤᠨᠯᠢᠭ ᠤᠨ ᠮᠡᠷᠭᠡᠵᠢᠯ ᠨᠢ ᠮᠠᠨ ᠤ ᠬᠠᠵᠠᠭᠤ ᠳᠤ ᠢᠷᠡᠭᠰᠡᠨ ᠪᠦᠭᠡᠳ ᠪᠢᠳᠡ ᠪᠦᠬᠦᠨ ᠤ ᠠᠮᠢᠳᠤᠷᠠᠯ ᠳᠤ ᠨᠥᠯᠥᠭᠡ ᠦᠵᠡᠭᠦᠯᠬᠦ ᠪᠣᠯᠤᠨ᠎ᠠ᠃      27᠎ ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠦᠨᠳᠦᠰᠦᠲᠡᠨ ᠤ ᠬᠡᠯᠡ ᠪᠢᠴᠢᠭ ᠤᠨ ᠣᠷᠴᠢᠭᠤᠯᠭ᠎ᠠ ᠶᠢᠨ ᠲᠥᠪ ︵ᠲᠣᠪᠴᠢᠶ᠎ᠠ︶᠎ ᠨᠢ ᠥᠪᠥᠷ ᠮᠣᠩᠭᠤᠯ ᠤᠨ ᠮᠥᠩᠬᠡᠭᠠᠯ ᠮᠣᠩᠭᠤᠯ ᠰᠣᠶᠣᠯ ᠤᠨ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠡᠷ ᠎ᠡ ᠲᠣᠭᠲᠠᠬᠤ ᠶᠣᠰᠣᠯᠠᠯ ᠶᠠᠪᠤᠭᠤᠯᠵᠤ᠂ ᠮᠣᠩᠭᠤᠯ ᠬᠡᠯᠡ ᠪᠢᠴᠢᠭ ᠤᠨ ᠵᠣᠬᠢᠶᠠᠮᠠᠯ ᠣᠶᠤᠨᠯᠢᠭ ᠤᠨ ᠮᠡᠷᠭᠡᠵᠢᠯ ᠤᠨ ᠬᠠᠮᠲᠤᠷᠠᠯᠴᠠᠭ᠎ᠠ ᠵᠢᠴᠢ ᠦᠢᠯᠡᠳᠬᠦᠨ ᠢ ᠰᠤᠳᠤᠯᠤᠨ ᠨᠡᠬᠡᠬᠡᠵᠦ ᠳᠡᠯᠭᠡᠷᠡᠭᠦᠯᠬᠦ ᠲᠠᠯ᠎ᠠ ᠪᠠᠷ ᠰᠤᠳᠤᠯᠤᠨ ᠶᠠᠷᠢᠯᠴᠠᠪᠠ᠃      ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠦᠨᠳᠦᠰᠦᠲᠡᠨ ᠤ ᠬᠡᠯᠡ ᠪᠢᠴᠢᠭ ᠤᠨ ᠣᠷᠴᠢᠭᠤᠯᠭ᠎ᠠ ᠶᠢᠨ ᠲᠥᠪ ︵ᠲᠣᠪᠴᠢᠶ᠎ᠠ︶᠎ ᠤᠨ ᠮᠡᠳᠡᠭᠡ ᠵᠠᠩᠭᠢ ᠶᠢᠨ ᠭᠠᠵᠠᠷ ᠤᠨ ᠬᠠᠷᠢᠭᠤᠴᠠᠯᠭᠠᠲᠠᠨ ᠠᠴᠠ ᠮᠣᠩᠭᠤᠯ ᠬᠡᠯᠡ ᠪᠢᠴᠢᠭ ᠤᠨ ᠵᠣᠬᠢᠶᠠᠮᠠᠯ ᠣᠶᠤᠨᠯᠢᠭ ᠮᠡᠷᠭᠡᠵᠢᠯ ᠤᠨ ᠮᠣᠩᠭᠤᠯ ᠬᠢᠲᠠᠳ ᠥᠰᠥᠭ ᠤᠨ ᠮᠠᠰᠢᠨ ᠣᠷᠴᠢᠭᠤᠯᠭ᠎ᠠ ᠶᠢ ᠲᠠᠨᠢᠯᠴᠠᠭᠤᠯᠵᠤ᠂ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠭᠰᠠᠳ ᠢᠳᠡᠪᠬᠢᠲᠡᠢ ᠪᠡᠶᠡᠴᠢᠯᠡᠨ ᠣᠶᠢᠯᠠᠭᠠᠭᠰᠠᠨ ᠤ ᠬᠠᠮᠲᠤ ᠲᠣᠰ ᠵᠦᠢᠯ ᠤᠨ ᠮᠡᠷᠭᠡᠵᠢᠯ ᠢ ᠰᠢᠯᠭᠠᠨ ᠲᠤᠷᠰᠢᠵᠤ᠂ ᠠᠪᠢᠶᠠᠨ ᠤ ᠢᠯᠭᠠᠨ ᠲᠠᠨᠢᠯᠲᠠ᠂ ᠮᠠᠰᠢᠨ ᠣᠷᠴᠢᠭᠤᠯᠭ᠎ᠠ ᠶᠢᠨ ᠣᠨᠣᠪᠴᠢ ᠶᠢᠨ ᠬᠡᠮᠵᠢᠶ᠎ᠡ ᠵᠢᠴᠢ ᠳᠡᠯᠭᠡᠷᠡᠭᠦᠯᠬᠦ ᠲᠥᠰᠦᠯ ᠳᠤ ᠲᠦᠢᠯ ᠤᠨ ᠰᠡᠳᠬᠢᠯ ᠬᠠᠨᠤᠮᠵᠢᠲᠠᠶ ᠪᠠᠶᠢᠯ᠎ᠠ᠃      ᠮᠣᠩᠭᠤᠯ ᠬᠡᠯᠡ ᠪᠢᠴᠢᠭ ᠬᠢᠭᠡᠳ ᠵᠣᠬᠢᠶᠠᠮᠠᠯ ᠣᠶᠤᠨᠯᠢᠭ ᠯᠦᠭᠡ ᠶᠢᠨ ᠵᠣᠯᠭᠠᠯᠲᠠ ᠨᠢ᠂ ᠮᠣᠩᠭᠤᠯ ᠬᠡᠯᠡ ᠪᠢᠴᠢᠭ ᠤᠨ ᠰᠤᠷᠭᠠᠨ ᠬᠥᠮᠦᠵᠢᠯ᠂ ᠴᠠᠭ ᠠᠭᠤᠷ᠂ ᠵᠠᠮ ᠬᠠᠷᠢᠯᠴᠠᠭ᠎ᠠ ᠵᠡᠷᠭᠡ ᠤᠯᠠᠨ ᠬᠦᠷᠢᠶᠡᠨ ᠤ ᠬᠡᠷᠡᠭᠯᠡᠯᠲᠡ ᠳᠤ ᠬᠦᠴᠦᠨ ᠨᠡᠮᠡᠷᠢᠯᠡᠭᠰᠡᠨ ᠢᠶᠠᠷ ᠪᠠᠷᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠤ ᠬᠡᠷᠡᠭᠯᠡᠭᠴᠢᠳ ᠲᠤ ᠨᠡᠩ ᠴᠢᠨᠠᠷ ᠰᠠᠶᠢᠲᠠᠶ᠂ ᠥᠨᠳᠥᠷ ᠪᠦᠲᠦᠮᠵᠢᠲᠡᠢ᠂ ᠳᠥᠭᠦᠮ ᠳᠥᠲᠡ ᠦᠢᠯᠡᠴᠢᠯᠡᠭᠡᠨ ᠬᠠᠩᠭᠠᠵᠤ ᠴᠢᠳᠠᠬᠤ ᠪᠠᠷ ᠦᠯᠦ ᠪᠠᠷᠠᠮ᠂ ᠮᠣᠩᠭᠤᠯ ᠰᠣᠶᠣᠯ ᠤᠨ ᠬᠥᠭᠵᠢᠯᠲᠡ ᠳᠤ ᠲᠦᠢᠯ ᠤᠨ ᠴᠢᠬᠤᠯᠠ ᠬᠠᠮᠠᠭᠠᠯᠠᠨ ᠵᠠᠯᠭᠠᠮᠵᠢᠯᠠᠬᠤ ᠦᠢᠯᠡᠳᠦᠯ ᠲᠠᠢ ᠪᠠᠶᠢᠵᠤ᠂ ᠦᠨᠳᠦᠰᠦᠲᠡᠨ ᠤ ᠬᠡᠯᠡ ᠪᠢᠴᠢᠭ ᠤᠨ ᠮᠡᠳᠡᠭᠡ ᠵᠠᠩᠭᠢᠵᠢᠯᠲᠠ ᠶᠢᠨ ᠠᠵᠢᠯ ᠦᠢᠯᠡᠰ ᠤᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠮᠣᠩᠭᠤᠯ ᠰᠣᠶᠣᠯ ᠤᠨ ᠳᠡᠯᠡᠬᠡᠶᠢᠴᠢᠯᠡᠯᠲᠡ ᠳᠤ ᠨᠡᠩ ᠰᠠᠶᠢᠨ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号