| 3 ᠳ᠋ᠤᠭᠠᠷ ᠰᠠᠷ᠎ᠠ ᠶᠢᠨ 28 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠸᠡᠭ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠤᠨ ᠬᠤᠶᠠᠳᠤᠭᠠᠷ ᠤᠳᠠᠭ᠎ᠠ ᠶᠢᠨ ᠪᠦᠭᠦᠳᠡ | ᠬᠤᠷᠠᠯ ᠳᠤ ᠤᠷᠤᠯᠴᠠᠬᠤ ᠶᠢᠨ ᠬᠠᠮᠲᠤ᠂ ᠰᠢᠨ᠎ᠡ ᠪᠠᠷ ᠲᠤᠰᠢᠶᠠᠯ ᠳᠤ ᠲᠤᠮᠢᠯᠠᠭᠳᠠᠭᠰᠠᠨ ᠦᠪᠡᠷᠳᠡᠭᠡᠨ ᠵᠠᠰᠠᠬᠤ ᠤᠷᠤᠨ | ᠤ ᠲᠤᠳᠤᠭᠠᠳᠤ ᠶᠢ ᠬᠠᠮᠠᠭᠠᠯᠠᠬᠤ ᠲᠢᠩᠭᠢᠮ ᠤᠨ ᠲᠠᠷᠤᠭ᠎ᠠ ᠾᠸᠡᠭ ᠰᠢᠶᠤᠤ ᠹᠠᠨ ᠳᠤ ᠲᠤᠰᠢᠶᠠᠯ ᠳᠤ ᠲᠤᠮᠢᠯᠠᠬᠤ | ᠪᠢᠴᠢᠭ ᠭᠠᠷᠳᠠᠭᠤᠯᠪᠠ᠃ | | | 3 ᠳ᠋ᠤᠭᠠᠷ ᠰᠠᠷ᠎ᠠ ᠶᠢᠨ 28 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ | ᠬᠤᠶᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠤᠳᠤ 63 ᠪᠦᠷᠢᠯᠳᠦᠭᠦᠨ ᠲᠠᠢ᠂ ᠲᠤᠰ ᠣᠳᠠᠭ᠎ᠠ ᠶᠢᠨ ᠪᠦᠭᠦᠳᠡ | ᠬᠤᠷᠠᠯ ᠳᠤ 58 ᠬᠦᠮᠦᠨ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠸᠡᠭ ᠬᠤᠷᠠᠯ ᠢ ᠡᠷᠬᠢᠯᠡᠬᠦ ᠶᠢᠨ ᠬᠠᠮᠳᠤ | ᠶᠠᠷᠢᠶ᠎ᠠ ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ | ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ | ᠰᠢᠤᠸᠠᠢ ᠪᠣᠯᠣᠨ ᠪᠠᠶᠢᠡᠭᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ | ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ | ᠵᠡᠷᠭᠡ ᠶᠢᠨ ᠰᠢᠭᠦᠭᠦ ᠬᠤᠷᠢᠶᠠᠨ ᠤ ᠳᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃ | ᠬᠤᠷᠠᠯ ᠠᠴᠠ᠂ ︽︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠤᠨ ᠤᠷᠴᠢᠨ | ᠲᠤᠭᠤᠷᠢᠨ ᠢ ᠬᠠᠮᠠᠭᠠᠯᠠᠬᠤ ᠲᠦᠷᠢᠮ﹀ ᠵᠡᠷᠭᠡ 5 ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠢ ᠬᠦᠴᠦᠨ | ᠦᠭᠡᠢ ᠪᠤᠯᠭᠠᠬᠤ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ︾ ᠢ ᠪᠠᠳᠤᠯᠠᠵᠦ᠂ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ | ᠤ ᠮᠤᠷᠢᠨᠳᠠᠪᠠᠭ᠎ᠠ ᠶᠢᠨ ᠲᠠᠭᠤᠷ ᠦᠨᠳᠦᠰᠤᠳᠠᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ︽ᠮᠤᠷᠢᠨᠳᠠᠪᠠᠭ᠎ᠠ ᠶᠢᠨ ᠲᠠᠭᠤᠷ ᠦᠨᠳᠦᠰᠦᠳᠡᠨ ᠤ ᠦᠪᠡᠷᠳᠡᠭᠡᠨ ᠵᠠᠰᠠᠬᠤ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠴᠢᠬᠤᠯᠠ | ᠵᠦᠢᠯᠡᠰ ᠢ ᠶᠠᠷᠢᠯᠴᠠᠨ ᠲᠤᠬᠳᠠᠭᠠᠬᠤ ᠲᠤᠬᠳᠠᠭᠠᠯ︾ ᠳᠤ ᠵᠠᠰᠠᠪᠤᠷᠢ ᠤᠷᠤᠭᠤᠯᠬᠤ ᠶᠢ ᠵᠦᠪᠰᠢᠶᠡᠷᠡᠭᠦ ᠲᠤᠬᠠᠢ | ᠰᠢᠢᠳᠪᠤᠷᠢ᠂ ︽ᠮᠤᠷᠢᠨᠳᠠᠪᠠᠭ᠎ᠠ ᠶᠢᠨ ᠲᠠᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠬᠠᠤᠯᠢ | ᠲᠤᠬᠳᠠᠭᠠᠬᠤ ᠲᠦᠷᠢᠮ︾ ᠳᠤ ᠵᠠᠰᠠᠪᠤᠷᠢ ᠤᠷᠤᠭᠤᠯᠬᠤ ᠶᠢ ᠵᠦᠪᠰᠢᠶᠡᠷᠡᠭᠦ ᠲᠤᠬᠠᠢ ᠰᠢᠢᠳᠪᠤᠷᠢ᠂ ︽ | ᠮᠤᠷᠢᠨᠳᠠᠪᠠᠭ᠎ᠠ ᠶᠢᠨ ᠲᠠᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠨᠢᠷᠭᠢ ᠤᠰᠤᠨ | ᠠᠰᠢᠬᠯᠠᠯᠳᠠ ᠶᠢᠨ ᠭᠦᠢᠰᠦ ᠪᠠᠷᠢᠯᠭ᠎ᠠ ᠶᠢᠨ ᠨᠡᠭᠦᠳᠡᠯ ᠠᠷᠠᠳ ᠢ ᠲᠦᠪᠬᠢᠨᠡᠭᠦᠯᠭᠦ ᠲᠦᠷᠢᠮ︾ ᠵᠡᠷᠭᠡ 5 ᠳᠠᠩ ᠢᠶᠠᠷ | ᠬᠡᠷᠡᠭᠵᠢᠭᠦᠯᠭᠦ ᠲᠦᠷᠢᠮ ᠢ ᠬᠦᠴᠦᠨ ᠦᠭᠡᠢ ᠪᠤᠯᠭᠠᠬᠤ ᠶᠢ ᠵᠦᠪᠰᠢᠶᠡᠷᠡᠭᠦ ᠲᠤᠬᠠᠢ ᠰᠢᠢᠳᠪᠤᠷᠢ ᠶᠢ ᠪᠠᠳᠤᠯᠠᠵᠦ᠂ ︽ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶᠠᠨ ᠤ ᠲᠦᠯᠦᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠦᠪᠯᠡᠯ ᠤᠨ | ᠪᠦᠷᠢᠯᠳᠦᠭᠦᠨ ᠢᠶᠠᠷ ᠨᠦᠭᠦᠪᠦᠷᠢᠯᠡᠭᠦ ᠨᠡᠷᠡᠰ︾ ︽ᠶᠠᠩ ᠸᠧᠢ ᠳ᠋ᠦᠩ ᠤᠨ ᠦᠪᠡᠷᠳᠡᠭᠡᠨ ᠵᠠᠰᠠᠬᠤ ᠤᠷᠤᠨ ᠤ ᠲᠡᠳ᠋ | ᠲᠡᠷᠢᠭᠦᠯᠡᠭᠴᠢ ᠶᠢᠨ ᠲᠤᠰᠢᠶᠠᠯ ᠠᠴᠠ ᠪᠠᠨ ᠪᠠᠭᠤᠬᠤ ᠡᠷᠭᠦᠳᠡᠯ ᠢ ᠬᠦᠯᠢᠶᠠᠨ ᠠᠪᠬᠤ ᠲᠤᠬᠠᠢ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ | ᠤ ᠲᠤᠬᠳᠠᠭᠠᠯ︾ ᠢ ᠪᠠᠳᠤᠯᠠᠵᠦ᠂ ᠶᠠᠩ ᠸᠧᠢ ᠳ᠋ᠦᠩ ᠢ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠶᠢᠨ | ᠲᠤᠰᠢᠶᠠᠯ ᠠᠴᠠ ᠨᠢ ᠪᠠᠭᠤᠯᠭᠠᠬᠤ ᠪᠠᠷ ᠳᠣᠭᠳᠠᠵᠣ᠂ ᠾᠸᠡᠭ ᠰᠢᠶᠤᠤ ᠹᠠᠨ ᠢ ᠦᠪᠡᠷᠳᠡᠭᠡᠨ ᠵᠠᠰᠠᠬᠤ ᠤᠷᠤᠨ ᠤ | ᠲᠤᠳᠤᠭᠠᠳᠤ ᠶᠢ ᠬᠠᠮᠠᠭᠠᠯᠠᠬᠤ ᠲᠢᠩᠭᠢᠮ ᠤᠨ ᠲᠠᠷᠤᠭ᠎ᠠ ᠶᠢᠨ ᠲᠤᠰᠢᠶᠠᠯ ᠳᠤ ᠲᠤᠮᠢᠯᠠᠬᠤ ᠪᠠᠷ ᠲᠤᠬᠳᠠᠪᠠ᠃ | ᠬᠤᠷᠠᠯ ᠠᠴᠠ ᠪᠠᠰᠠ ᠪᠤᠰᠤᠳ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ | ᠪᠠᠭᠤᠯᠭᠠᠬᠤ ᠵᠦᠢᠯᠡᠰ ᠢ ᠪᠠᠳᠤᠯᠠᠪᠠ᠃ ᠯᠢ ᠵᠢᠢ ᠾᠸᠡᠭ ᠠᠴᠠ ᠾᠸᠡᠭ ᠰᠢᠶᠤᠤ ᠹᠠᠨ ᠳᠤ ᠲᠤᠰᠢᠶᠠᠯ ᠳᠤ ᠲᠤᠮᠢᠯᠠᠬᠤ | ᠪᠢᠴᠢᠭ ᠭᠠᠷᠳᠠᠭᠤᠯᠪᠠ᠃ | ᠯᠢ ᠵᠢᠢ ᠾᠸᠡᠭ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠡᠭ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ | ᠤᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ | ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠬᠤ ᠪᠤᠯ᠂ | ᠤᠳᠤᠬᠠᠨ ᠤ ᠪᠦᠭᠦ ᠤᠷᠤᠨ ᠲᠠᠶᠠᠭᠠᠷ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ︽ | ᠲᠦᠷᠪᠡᠨ ᠤᠬᠠᠮᠰᠠᠷ︾ ᠢᠶᠠᠨ ᠴᠢᠩᠭᠠᠳᠬᠠᠵᠦ᠂ ︽ᠲᠦᠷᠪᠡᠨ ᠢᠳᠡᠭᠡᠯ︾ ᠢᠶᠠᠨ ᠪᠠᠳᠤᠳᠬᠠᠵᠦ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶᠠᠨ ᠤ ᠦᠵᠡᠯ ᠰᠠᠨᠠᠭᠠᠨ | ᠤ ᠲᠤᠳᠤᠭᠠᠳᠤ ᠠᠭᠤᠯᠤᠬᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ ᠤᠶᠢᠯᠠᠭᠠᠵᠦ᠂ | ᠬᠠᠤᠯᠢ ᠲᠤᠬᠳᠠᠭᠠᠬᠤ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠣᠮᠳᠠᠬᠢ ᠬᠦᠳᠦᠯᠦᠨ ᠲᠠᠭᠠᠭᠤᠯᠬᠤ ᠪᠠ | ᠠᠬᠢᠭᠤᠯᠬᠤ ᠦᠢᠯᠡᠳᠤᠯ ᠢ ᠨᠡᠩ ᠰᠠᠶᠢᠳᠤᠷ ᠪᠠᠳᠠᠷᠠᠭᠤᠯᠵᠦ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ᠂ | ᠪᠤᠬᠢᠷᠳᠤᠯ ᠦᠭᠡᠢ ᠬᠦᠭᠵᠢᠯᠳᠠ ᠶᠢ ᠠᠬᠢᠭᠤᠯᠬᠤ ᠳᠠᠬᠢ ᠬᠢᠨᠠᠯᠳᠠ ᠪᠠ ᠪᠠᠶᠢᠴᠠᠭᠠᠨ ᠰᠤᠳᠤᠯᠤᠯᠳᠠ ᠪᠠᠨ ᠦᠨᠡᠨ ᠬᠦ | ᠴᠢᠩᠭᠠᠳᠬᠠᠵᠦ᠂ ᠡᠭᠡ ᠤᠯᠤᠰ ᠤᠨ ᠤᠮᠠᠷᠠᠳᠤ ᠶᠢᠨ ᠦᠵᠡᠰᠭᠦᠯᠠᠩᠳᠤ ᠰᠠᠶᠢᠬᠠᠨ ᠦᠵᠡᠮᠵᠢ ᠶᠢᠨ ᠤᠷᠤᠨ ᠢ ᠰᠠᠶᠢᠳᠤᠷ | ᠰᠠᠬᠢᠨ ᠬᠠᠮᠠᠭᠠᠯᠠᠬᠤ ᠳᠤ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠡᠢ᠃ ᠬᠢᠨᠠᠨ ᠪᠤᠳᠤᠯᠳᠠ ᠳᠤ ᠪᠠᠶᠢᠴᠠᠭᠠᠨ | ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠮᠦᠷᠳᠡᠨ ᠬᠢᠨᠠᠯᠳᠠ ᠲᠠᠯᠪᠢᠬᠤ ᠡᠷᠴᠢᠮ ᠢᠶᠠᠨ | ᠴᠢᠩᠭᠠᠷᠠᠭᠤᠯᠵᠣ᠂ ᠬᠢᠨᠠᠨ ᠪᠤᠳᠤᠯᠳᠠ ᠳᠤ ᠪᠠᠶᠢᠴᠠᠭᠠᠨ ᠭᠠᠷᠭᠠᠬᠰᠠᠨ ᠠᠰᠠᠭᠤᠳᠠᠯ ᠢ ᠦᠨᠡᠨ ᠬᠦ ᠴᠡᠭᠴᠡᠯᠡᠨ | ᠰᠠᠶᠢᠵᠢᠷᠠᠭᠤᠯᠵᠦ ᠪᠣᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠬ ᠤᠨ ᠤᠷᠳᠤᠨ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠬᠢᠭᠡᠳ | ᠦᠭᠡᠷᠡᠴᠢᠯᠡᠯᠳᠡ ᠶᠢ ᠪᠦᠭᠦ ᠲᠠᠯ᠎ᠠ ᠪᠠᠷ ᠬᠦᠨᠵᠡᠭᠡᠶᠢᠷᠡᠭᠦᠯᠭᠦ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠭᠦ ᠶᠢ | ᠬᠠᠷᠢᠯᠴᠠᠨ ᠤᠶᠠᠯᠳᠤᠭᠤᠯᠵᠦ᠂ ᠬᠠᠤᠯᠢᠵᠢᠯ ᠤᠨ ᠦᠪᠤᠷ ᠮᠤᠩᠭᠤᠯ ᠤᠨ ᠪᠠᠶᠢᠭᠤᠯᠤᠯᠳᠠ ᠶᠢᠨ ᠲᠦᠪᠰᠢᠨ ᠢ ᠪᠦᠭᠦ | ᠲᠠᠯ᠎ᠠ ᠪᠠᠷ ᠲᠡᠭᠡᠭᠰᠢᠯᠡᠭᠦᠯᠭᠦ ᠬᠡᠷᠡᠭᠳᠡᠢ᠃ ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠨ ᠨᠦᠭᠦᠳ ᠦᠨᠡᠨᠴᠢ | ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠣ᠂ ᠡᠭᠦᠷᠭᠡ | ᠬᠠᠷᠢᠭᠤᠴᠠᠯᠭ᠎ᠠ ᠪᠠᠨ ᠰᠢᠳᠣᠷᠭᠤ ᠪᠠᠷ ᠭᠦᠢᠴᠡᠳᠭᠡᠵᠦ᠂ ᠠᠷᠠᠳ ᠤᠨ ᠲᠦᠯᠦᠭᠡ ᠰᠢᠷᠭᠠᠭᠤ ᠠᠵᠢᠯᠯᠠᠵᠦ᠂ ᠠᠷᠢᠭᠤᠨ | ᠴᠢᠭᠡᠴᠢ ᠪᠠᠷ ᠦᠪᠡᠷ ᠢ ᠪᠠᠨ ᠱᠠᠭᠠᠷᠳᠠᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠭᠡᠵᠦ᠂ ᠠᠷᠠᠳ ᠲᠦᠮᠡᠨ ᠠᠴᠠ ᠤᠯᠭᠤᠬᠰᠠᠨ ᠡᠷᠭᠡ ᠪᠠᠨ | ᠵᠦᠪ ᠬᠡᠷᠡᠭᠯᠡᠵᠦ᠂ ᠨᠠᠮ ᠪᠠ ᠠᠷᠠᠳ ᠲᠦᠮᠡᠨ ᠤ ᠬᠦᠨᠳᠤ ᠨᠠᠶᠢᠳᠠᠯᠭ᠎ᠠ ᠶᠢ ᠬᠦᠰᠡᠷᠳᠡᠭᠦᠯᠦᠯ ᠦᠭᠡᠢ᠂ ᠦᠪᠤᠷ | ᠮᠤᠩᠭᠤᠯ ᠤᠨ ᠦᠭᠡᠷᠡᠴᠢᠯᠡᠯᠳᠡ ᠬᠦᠭᠵᠢᠯᠳᠠ ᠲᠤᠬᠳᠠᠭᠤᠨ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠬᠦ | ᠬᠡᠷᠡᠭᠳᠡᠢ ᠭᠡᠪᠠ᠃ | ᠪᠦᠭᠦᠳᠡ ᠬᠤᠷᠠᠯ ᠤᠨ ᠲᠠᠷᠠᠭ᠎ᠠ᠂ ᠦᠪᠤᠷ ᠮᠤᠩᠭᠤᠯ ᠤᠨ ᠠᠷᠠᠳ ᠤᠨ ᠬᠤᠷᠠᠯ ᠤᠨ ᠲᠠᠩᠭᠢᠮ ᠳᠤ | ᠦᠨᠳᠦᠰᠦᠨ ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠤᠯᠵᠠᠢ᠃ |