ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠳᠥᠷᠪᠡ︶
ᠨᠡᠶᠢᠲᠡᠯᠡᠭᠰᠡᠨ ᠴᠠᠭ᠄
2019/3/29
     ᠠᠰᠠᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠪ ᠤᠨ ᠬᠡᠯᠡᠯᠴᠡᠭᠡᠷ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ ︵2018 — 2020 ᠣᠨ︶ ᠤᠨ ᠦᠨᠳᠦᠰᠦᠨ ᠵᠠᠷᠴᠢᠮ ᠨᠢ ᠶᠠᠭᠤ ᠪᠣᠢ︖      ᠬᠠᠷᠢᠭᠤᠯᠲᠠ᠄ 1. ᠭᠤᠣᠯᠳᠠᠯᠭ᠎ᠠ ᠳᠤ ᠠᠩᠬᠠᠷᠤᠭᠤᠯᠤᠨ ᠲᠥᠪᠯᠡᠷᠡᠭᠦᠯᠵᠦ᠂ ᠲᠤᠶᠢᠯ ᠤᠨ ᠣᠨᠣᠪᠴᠢᠲᠠᠢ ᠪᠠᠷ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠎ᠡ᠃ ᠤᠷᠲᠤ ᠬᠤᠭᠤᠴᠠᠭ᠎ᠠ ᠪᠠᠷ ᠶᠠᠳᠠᠭᠤ ᠬᠦᠴᠢᠷᠲᠡᠢ ᠭᠠᠵᠠᠷ ᠣᠷᠣᠨ ᠳᠤ ᠠᠩᠬᠠᠷᠤᠭᠤᠯᠤᠨ ᠲᠥᠪᠯᠡᠷᠡᠭᠦᠯᠵᠦ᠂ ᠬᠠᠪᠰᠤᠷᠤᠨ ᠲᠡᠳᠬᠦᠬᠦ ᠪᠡᠯᠡ ᠮᠥᠩᠭᠦ᠂ ᠬᠠᠮᠵᠢᠯᠴᠠᠨ ᠠᠵᠢᠯᠯᠠᠬᠤ ᠲᠥᠷᠥᠯ ᠵᠦᠢᠯ᠂ ᠴᠢᠳᠠᠪᠤᠷᠢᠲᠠᠨ ᠤ ᠳᠡᠮᠵᠢᠯᠭᠡ ᠵᠡᠷᠭᠡ ᠶᠢ ᠤᠷᠲᠤ ᠬᠤᠭᠤᠴᠠᠭ᠎ᠠ ᠪᠠᠷ ᠶᠠᠳᠠᠭᠤ ᠬᠦᠴᠢᠷᠲᠡᠢ ᠭᠠᠵᠠᠷ ᠣᠷᠣᠨ ᠳᠤ ᠲᠥᠪᠯᠡᠷᠡᠭᠦᠯᠦᠨ ᠬᠡᠯᠪᠡᠶᠢᠯᠭᠡᠨ᠎ᠡ᠃ ᠲᠤᠶᠢᠯ ᠤᠨ ᠣᠨᠣᠪᠴᠢᠲᠠᠢ ᠪᠠᠷ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠂ ︽ᠵᠢᠷᠭᠤᠭ᠎ᠠ ᠶᠢ ᠲᠤᠶᠢᠯ ᠤᠨ ᠣᠨᠣᠪᠴᠢᠲᠠᠢ ᠪᠠᠶᠢᠯᠭᠠᠵᠤ᠂ ᠲᠠᠪᠤᠨ ᠨᠢᠭᠡ ᠶᠢ ᠵᠥᠪᠰᠢᠶᠡᠷᠡᠬᠦ︾ ᠱᠠᠭᠠᠷᠳᠠᠯᠭ᠎ᠠ ᠶᠣᠰᠣᠭᠠᠷ᠂ ᠲᠣᠰᠬᠤᠨ ᠡᠷᠦᠭᠡ ᠠᠷᠠᠳ ᠤᠨ ᠪᠠᠶᠢᠳᠠᠯ ᠳᠤ ᠵᠣᠬᠢᠴᠠᠭᠤᠯᠤᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶᠡᠨ ᠤ ᠴᠢᠭᠯᠡᠯᠲᠦ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      2. ᠭᠤᠣᠯ ᠴᠣᠭᠴᠠ ᠶᠢ ᠪᠠᠲᠤᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠠᠶᠢᠮᠠᠭ ᠬᠤᠲᠠ᠂ ᠠᠵᠢᠯ ᠲᠥᠷᠥᠯ ᠨᠢᠭᠡᠲᠡᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠪᠰᠤᠷᠤᠨ ᠲᠡᠳᠬᠦᠬᠦ ᠪᠡᠯᠡ ᠮᠥᠩᠭᠦ ᠶᠢᠨ ᠲᠥᠷᠥᠯ ᠵᠦᠢᠯ ᠢ ᠲᠤᠬᠠᠢ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ᠂ ᠨᠢᠭᠡᠳᠦᠯᠲᠡᠢ ᠬᠠᠮᠢᠶᠠᠷᠤᠯᠲᠠ᠂ ᠨᠢᠭᠡᠳᠦᠯᠲᠡᠢ ᠬᠢᠨᠠᠯᠲᠠ ᠳᠤ ᠣᠷᠣᠭᠤᠯᠤᠨ᠎ᠠ᠃ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠬᠠᠮᠲᠤᠷᠠᠯᠴᠠᠬᠤ ᠡᠬᠢ ᠪᠠᠶᠠᠯᠢᠭ ᠢ ᠰᠠᠶᠢᠲᠤᠷ ᠠᠰᠢᠭᠯᠠᠨ᠂ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃      3. ᠢᠳᠡᠪᠬᠢᠲᠡᠢ ᠪᠠᠷ ᠵᠠᠯᠭᠠᠮᠵᠢᠯᠠᠨ ᠵᠣᠯᠭᠠᠭᠤᠯᠵᠤ᠂ ᠬᠠᠮᠲᠤᠷᠠᠨ ᠠᠵᠢᠯᠯᠠᠵᠤ ᠬᠥᠭᠵᠢᠭᠦᠯᠦᠨ᠎ᠡ᠃ ᠪᠡᠭᠡᠵᠢᠩ ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠠᠵᠢᠯ ᠢ ᠵᠠᠯᠭᠠᠮᠵᠢᠯᠠᠵᠤ᠂ ᠪᠡᠭᠡᠵᠢᠩ ᠥᠪᠥᠷ ᠮᠣᠩᠭᠤᠯ ᠤᠨ ᠣᠯᠠᠨ ᠲᠠᠯ᠎ᠠ ᠶᠢᠨ ᠬᠢᠨ ᠤ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ ᠶᠡᠭᠡ ᠬᠡᠪᠴᠢᠶᠡᠨ ᠤ ᠶᠠᠳᠠᠭᠤ ᠶᠢ ᠲᠡᠳᠬᠦᠬᠦ ᠠᠵᠢᠯ ᠳᠤ ᠬᠠᠮᠲᠤ ᠪᠠᠷ ᠣᠷᠣᠯᠴᠠᠬᠤ ᠪᠠᠶᠢᠷᠢᠯᠠᠭᠤᠯᠤᠯᠲᠠ ᠶᠢ ᠪᠦᠷᠢᠯᠳᠦᠭᠦᠯᠦᠨ᠎ᠡ᠃ ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠲᠠᠪᠴᠠᠩ ᠢ ᠪᠠᠶᠢᠭᠤᠯᠵᠤ᠂ ᠬᠠᠮᠲᠤᠷᠠᠨ ᠠᠵᠢᠯᠯᠠᠵᠤ ᠬᠥᠭᠵᠢᠭᠦᠯᠦᠨ᠂ ᠬᠠᠷᠢᠯᠴᠠᠨ ᠠᠰᠢᠭᠲᠠᠢ ᠪᠥᠭᠡᠳ ᠬᠠᠮᠲᠤ ᠪᠠᠷ ᠢᠯᠠᠯᠲᠠ ᠣᠯᠬᠤ ᠶᠢ ᠪᠡᠶᠡᠯᠡᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ