2 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠪᠦᠬᠦ ᠳᠠᠯ᠎ᠠ ᠪᠠᠷ ᠬᠡᠷᠡᠭᠵᠢᠭᠦᠯᠬᠦ ᠰᠠᠨᠠᠯ ᠪᠤᠯᠤᠨ ᠥᠪᠡᠷᠲᠡᠭᠡᠨ ᠵᠠᠰᠠᠬᠤ ᠣᠷᠣᠨ ᠤ | ᠵᠠᠬᠢᠳᠠᠯ ᠰᠤᠷᠪᠤᠯᠵᠢᠯᠠᠯ ᠤᠨ ᠵᠦᠢᠯᠡᠰ ᠢ ᠲᠠᠬᠢᠨ ᠪᠠᠶᠢᠴᠠᠭᠠᠵᠤ ᠬᠢᠨᠠᠬᠤ ᠠᠷᠭ᠎ᠠ ᠵᠡᠷᠬᠡ ᠵᠦᠢᠯᠡᠰ ᠢ ᠰᠤᠳᠤᠯᠪᠠ᠃ | ᠬᠤᠷᠠᠯ ᠠᠴᠠ ᠵᠢᠭᠠᠭᠰᠠᠨ ᠨᠢ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠬᠰᠠᠨ ᠴᠢᠬᠤᠯᠠ ᠡᠭᠦᠷᠭᠡ | ᠮᠥᠨ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ | ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠪᠠᠶᠢᠭᠤᠯᠬᠤ ᠴᠢᠬᠤᠯᠠ ᠠᠭᠤᠯᠭ᠎ᠠ ᠮᠥᠨ᠂ ᠪᠠᠰᠠ ᠴᠤ ᠡᠳ᠋ ᠤᠨ | ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠳᠠ ᠶᠢ ᠰᠢᠯᠢᠳᠡᠭᠵᠢᠬᠦᠯᠬᠦ᠂ ᠤᠯᠠᠨ ᠨᠡᠶᠢᠲᠡ ᠶᠢᠨ ᠦᠢᠯᠡᠴᠢᠯᠡᠭᠡᠨ ᠤ | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠥᠪᠡᠷᠲᠡᠭᠡᠨ ᠵᠠᠰᠠᠬᠤ ᠣᠷᠣᠨ ᠤ | ᠪᠦᠬᠦ ᠲᠠᠯ᠎ᠠ ᠶᠢᠨ᠂ ᠪᠦᠷᠢᠨ ᠶᠠᠪᠤᠴᠠ ᠶᠢᠨ᠂ ᠪᠦᠬᠦᠨ ᠢ ᠬᠠᠮᠤᠷᠤᠬᠰᠠᠨ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠰᠢᠰᠲ᠋ᠧᠮᠵᠢ ᠶᠢ ᠳᠦᠷᠬᠡᠪᠴᠢᠯᠡᠨ ᠪᠠᠶᠢᠭᠤᠯᠵᠥ᠂ ᠡᠳ᠋ ᠤᠨ ᠵᠠᠰᠠᠭ ᠤᠨ ᠡᠬᠢ ᠪᠠᠶᠠᠯᠢᠭ ᠤᠨ | ᠲᠣᠬᠢᠷᠠᠭᠤᠯᠤᠯᠳᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠵᠠᠰᠠᠭ ᠤᠨ | ᠣᠷᠳᠣᠨ ᠤ ᠢᠲᠡᠭᠡᠭᠦᠯᠬᠦ ᠬᠦᠴᠦᠨ ᠪᠠ ᠭᠦᠢᠴᠡᠳᠭᠡᠬᠦ ᠬᠦᠴᠦᠨ ᠢ ᠨᠡᠮᠡᠭᠳᠡᠭᠦᠯᠬᠦ ᠬᠡᠷᠡᠭᠳᠡᠢ ᠬᠡᠪᠠ᠃ | ᠬᠤᠷᠠᠯ ᠠᠴᠠ ᠵᠢᠭᠠᠭᠰᠠᠨ ᠨᠢ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠲᠠᠬᠢᠨ ᠪᠠᠶᠢᠴᠠᠭᠠᠵᠤ ᠬᠢᠨᠠᠬᠤ ᠪᠤᠯ | ︽ᠵᠠᠬᠢᠳᠠᠯ ᠰᠤᠷᠪᠤᠯᠵᠢᠯᠠᠯ ᠤᠨ ᠲᠦᠷᠢᠮ︾ ᠳᠤ ᠳᠤᠬᠳᠠᠭᠠᠬᠰᠠᠨ ᠨᠢᠭᠡ ᠦᠨᠳᠦᠰᠦᠨ ᠳᠦᠷᠢᠮ ᠪᠤᠯᠤᠨ᠎ᠡ᠂ ᠮᠠᠨ ᠤ | ᠣᠷᠣᠨ ᠤ ᠪᠣᠳᠠᠲᠠᠶ ᠲᠠᠢ ᠤᠶᠠᠯᠳᠤᠭᠤᠯᠤᠨ ᠲᠠᠬᠢᠨ ᠪᠠᠶᠢᠴᠠᠭᠠᠵᠤ ᠬᠢᠨᠠᠬᠤ ᠠᠷᠭ᠎ᠠ ᠶᠢ ᠴᠢᠭᠯᠡᠭᠦᠯᠤᠯᠳᠤ ᠴᠢᠨᠠᠷ ᠲᠠᠢ᠂ | ᠵᠢᠯᠣᠭᠤᠳᠬᠤ ᠴᠢᠨᠠᠷ ᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠳᠤᠬᠳᠠᠭᠠᠬᠤ ᠨᠢ ᠵᠠᠬᠢᠳᠠᠯ ᠰᠤᠷᠪᠤᠯᠵᠢᠯᠠᠯ | ᠤᠨ ᠵᠦᠢᠯᠡᠰ ᠢ ᠲᠠᠬᠢᠨ ᠪᠠᠶᠢᠴᠠᠭᠠᠵᠤ ᠬᠢᠨᠠᠬᠤ ᠠᠵᠢᠯ ᠢ ᠵᠢᠷᠤᠮᠵᠢᠭᠤᠯᠬᠤ᠂ ᠵᠠᠬᠢᠳᠠᠯ ᠰᠤᠷᠪᠤᠯᠵᠢᠯᠠᠯ ᠬᠢᠭᠰᠡᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠵᠠᠬᠢᠳᠠᠯ ᠰᠤᠷᠪᠤᠯᠵᠢᠯᠠᠯ ᠤᠨ ᠡᠮᠬᠢ ᠵᠢᠷᠤᠮ ᠢ ᠬᠠᠮᠠᠭᠠᠯᠠᠬᠤ᠂ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠠᠬᠢᠭᠤᠯᠬᠤ ᠳᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ ᠶᠤᠮ ᠬᠡᠪᠠ᠃ ᠬᠤᠷᠠᠯ ᠠᠴᠠ ᠱᠠᠭᠠᠷᠳᠠᠭᠰᠠᠨ ᠨᠢ᠂ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠠᠵᠢᠯ ᠢ ᠴᠠᠭ ᠲᠤᠬᠠᠶ ᠲᠤ ᠨᠢ ᠰᠠᠶᠢᠲᠤᠷ ᠬᠢᠵᠦ᠂ ᠪᠥᠬᠦ ᠣᠷᠣᠨ ᠤ ᠵᠠᠬᠢᠳᠠᠯ | ᠰᠤᠷᠪᠤᠯᠵᠢᠯᠠᠯ ᠤᠨ ᠵᠦᠢᠯᠡᠰ ᠢ ᠲᠠᠬᠢᠨ ᠪᠠᠶᠢᠴᠠᠭᠠᠵᠤ ᠬᠢᠨᠠᠬᠤ ᠠᠷᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠵᠢᠭᠠᠨ | ᠵᠢᠯᠤᠭᠤᠳᠬᠤ ᠬᠡᠷᠡᠭᠳᠡᠢ ᠬᠡᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢᠯᠢ ᠶᠢᠨ ᠭᠤᠤᠯ ᠠᠶᠢᠮᠠᠭ ᠲᠤ ︽2.23︾ ᠤ ᠬᠦᠨᠳᠦ ᠶᠡᠭᠡ | ᠠᠳᠡᠯ ᠭᠠᠷᠤᠭᠰᠠᠨ ᠨᠢ ᠮᠠᠨ ᠤ ᠣᠷᠣᠨ ᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠲᠡᠶᠢᠮᠦ ᠰᠠᠶᠢᠨ ᠪᠢᠰᠢ ᠪᠠᠶᠢᠬᠤ | ᠶᠢ ᠬᠠᠷᠠᠭᠤᠯᠵᠤ ᠪᠠᠶᠢᠨ᠎ᠠ᠂ ᠡᠷᠬᠡᠪᠰᠢ ᠰᠡᠷᠡᠮᠵᠢ ᠶᠢᠨ ᠬᠤᠨᠭ᠍ᠬᠤ ᠶᠢ ᠪᠠᠶᠢᠩᠭᠤ ᠴᠣᠬᠢᠵᠤ᠂ ᠰᠤᠷᠭᠠᠮᠵᠢ ᠠᠪᠬᠤ | ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠳ ᠠᠮᠤᠷ ᠲᠦᠪᠰᠢᠨ ᠤ ᠪᠠᠶᠢᠴᠠᠭᠠᠯᠳᠠ ᠪᠠ ᠵᠠᠰᠠᠯᠳᠠ | ᠬᠢᠨᠠᠯᠲᠠ ᠬᠠᠮᠢᠶᠠᠷᠤᠯᠲᠠ ᠶᠢ ᠰᠠᠶᠢᠳᠤᠷ ᠠᠳᠬᠤᠬᠤ ᠬᠡᠷᠡᠭᠲᠡᠢ᠂ ᠰᠤᠯᠠᠷᠠᠬᠤ ᠪᠠ ᠵᠠᠪᠰᠢᠬᠤ ᠪᠣᠳᠣᠯ ᠲᠠᠢ ᠪᠠᠶᠢᠵᠤ | ᠤᠬᠳᠤ ᠪᠤᠯᠬᠤ ᠦᠬᠡᠢ᠂ ᠶᠠᠮᠠᠷᠪᠠ ᠠᠮᠤᠷ ᠲᠦᠪᠰᠢᠨ ᠤ ᠬᠡᠮ ᠰᠣᠭᠤᠭ ᠢ ᠴᠤ ᠦᠯᠡᠳᠡᠬᠡᠯ ᠦᠬᠡᠢ ᠠᠷᠢᠯᠭᠠᠬᠤ | ᠬᠡᠷᠡᠭᠳᠡᠢ᠃ ᠲᠦᠷᠢᠮ ᠪᠠ ᠬᠢᠨᠠᠨ ᠬᠠᠮᠢᠶᠠᠷᠬᠤ ᠲᠠᠯ᠎ᠠ ᠪᠠᠷ ᠣᠷᠣᠰᠢᠵᠤ ᠪᠠᠶᠢᠭ᠎ᠠ ᠳᠤᠲᠠᠭᠳᠠᠯ ᠢ ᠬᠦᠨᠵᠡᠬᠡᠢ ᠵᠠᠳᠠᠯᠵᠥ᠂ | ᠴᠢᠭᠯᠡᠭᠦᠯᠤᠯᠳᠤ ᠴᠢᠨᠠᠷ ᠲᠠᠢ ᠪᠠᠷ ᠰᠠᠶᠢᠲᠤᠷ ᠲᠡᠭᠦᠯᠳᠡᠷᠵᠢᠭᠦᠯᠦᠨ ᠰᠠᠶᠢᠵᠢᠷᠠᠭᠤᠯᠵᠤ᠂ ᠠᠮᠤᠷ ᠳᠦᠪᠰᠢᠨ ᠤ | ᠠᠳᠡᠯ ᠠᠴᠠ ᠰᠡᠷᠭᠡᠶᠢᠯᠡᠬᠦ ᠪᠦᠲᠦᠮᠵᠢᠲᠡᠶ ᠲᠣᠭᠲᠠᠴᠠ ᠶᠢ ᠦᠨᠡᠨ ᠬᠦ ᠪᠠᠶᠢᠭᠤᠯᠵᠤ᠂ ᠬᠦᠨᠳᠦ ᠣᠨᠴᠠ ᠶᠡᠭᠡ ᠠᠳᠡᠯ | ᠭᠠᠷᠬᠤ ᠶᠢ ᠡᠷᠡᠰ ᠬᠤᠷᠢᠬᠯᠠᠬᠤ ᠬᠡᠷᠡᠭᠲᠡᠶ ᠬᠡᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠳᠦᠷᠢᠮ﹀ ᠢ ᠬᠡᠷᠡᠭᠵᠢᠭᠦᠯᠬᠦ ᠠᠷᠭ᠎ᠠ︾ | ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠭᠠᠵᠠᠷ ᠤᠨ ᠬᠥᠷᠥᠩᠭᠡ ᠶᠢᠨ ᠭᠠᠶᠢᠯᠢ ᠶᠢ | ᠬᠡᠷᠡᠭᠵᠢᠭᠦᠯᠬᠦ ᠨᠠᠷᠢᠨ ᠲᠦᠷᠢᠮ︾ ᠳᠤ ᠵᠠᠰᠠᠪᠤᠷᠢ ᠤᠷᠤᠭᠤᠯᠬᠤ ᠳᠤᠬᠠᠢ ᠲᠣᠭᠲᠠᠭᠠᠯ ᠢ ᠰᠤᠳᠤᠯᠤᠨ ᠪᠠᠳᠤᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |