ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/3/4
     2 ᠳ᠋ᠤᠭᠠᠷ ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠢᠮ︾᠎ ᠤᠨ ᠬᠤᠯᠪᠣᠭᠳᠠᠯ ᠪᠦᠬᠦᠢ ᠠᠭᠤᠯᠭ᠎ᠠ ᠶᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠰᠢᠤᠢ ᠰᠢᠤᠸᠠᠢ ᠹᠧᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠠᠵᠢᠯ ᠤᠨ ᠺᠣᠮᠢᠰ ᠤᠨ ᠳᠡᠳ᠋ ᠡᠷᠬᠢᠯᠡᠭᠴᠢ ᠶᠢᠨ ᠭᠦᠸᠧ ᠬᠤᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠶᠦᠨ ᠲᠣᠣ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号