2 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠭᠵᠢᠯᠲᠡ ᠶᠢᠨ ᠰᠤᠳᠤᠯᠭᠠᠨ ᠤ ᠲᠥᠪ ︽︿ᠵᠢᠷᠭᠤᠭᠠᠨ ᠲᠣᠭᠲᠠᠭᠤᠨ﹀ ᠢ ᠬᠡᠷᠬᠢᠨ ᠪᠡᠶᠡᠯᠡᠭᠦᠯᠵᠦ ᠥᠪᠥᠷ | ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠢ︾ ᠭᠡᠬᠦ ᠭᠤᠤᠯ ᠰᠡᠳᠦᠪᠲᠦ | ᠶᠠᠷᠢᠶᠠᠨ ᠤ ᠲᠠᠪᠴᠠᠩ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠭᠡᠷ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠨᠡᠶᠢᠭᠡᠮ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯᠲᠡᠳ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠲᠠᠢ ᠤᠶᠠᠯᠳᠤᠭᠤᠯᠤᠨ ᠭᠦᠨᠵᠡᠭᠡᠢ | ᠰᠤᠳᠤᠯᠤᠨ ᠶᠠᠷᠢᠯᠴᠠᠵᠤ᠂ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠳᠤ ᠯᠠᠪᠯᠠᠭ᠎ᠠ ᠰᠠᠨᠠᠭᠤᠯᠭ᠎ᠠ | ᠳᠤᠷᠠᠳᠴᠠᠢ᠃ | ᠲᠤᠰᠬᠠᠶ ᠮᠡᠷᠭᠡᠵᠢᠯᠲᠡᠳ ᠰᠠᠨᠠᠯ ᠨᠢᠭᠡᠲᠡᠶ ᠦᠵᠡᠭᠰᠡᠨ ᠨᠢ᠂ ︽ᠵᠢᠷᠭᠤᠭᠠᠨ ᠲᠣᠭᠲᠠᠭᠤᠨ︾ ᠢ ᠪᠡᠶᠡᠯᠡᠭᠦᠯᠬᠦ ᠳᠤ | ᠪᠠᠶᠢᠯᠳᠤᠬᠤ ᠪᠣᠳᠣᠯᠭ᠎ᠠ ᠶᠢᠨ ᠴᠢᠬᠤᠯᠠ ᠠᠵᠠ ᠲᠣᠬᠢᠶᠠᠯᠳᠤ ᠬᠤᠭᠤᠴᠠᠭ᠎ᠠ ᠶᠢ ᠡᠵᠡᠮᠳᠡᠵᠦ᠂ ᠪᠥᠬᠦ ᠲᠠᠯ᠎ᠠ ᠪᠠᠷ | ᠲᠦᠯᠦᠪᠯᠡᠨ᠂ ᠭᠤᠣᠯᠳᠠᠯᠭ᠎ᠠ ᠶᠢ ᠳᠣᠪᠤᠶᠢᠯᠭᠠᠵᠤ᠂ ᠲᠤᠰ ᠪᠡᠶ᠎ᠡ ᠶᠢᠨ ᠲᠤᠲᠠᠭᠤᠳᠠᠯ ᠢᠶᠠᠨ ᠡᠷᠢᠵᠦ᠂ ᠠᠶᠤᠯ | ᠲᠦᠭᠰᠢᠭᠦᠷᠢ ᠶᠢ ᠠᠵᠠ ᠲᠣᠬᠢᠶᠠᠯ ᠪᠣᠯᠭᠠᠬᠤ ᠬᠡᠷᠡᠭᠲᠡᠶ᠃ ᠪᠦᠬᠦ ᠤᠯᠤᠰ ᠤᠨ ᠪᠠ ᠮᠠᠨ ᠤ ᠣᠷᠣᠨ ᠤ ᠬᠤᠶᠠᠷ | ᠲᠠᠯ᠎ᠠ ᠠᠴᠠ ᠪᠣᠳᠠᠲᠠᠢ ᠵᠠᠳᠠᠯᠤᠯᠲᠠ ᠬᠢᠵᠦ᠂ ︽ᠵᠢᠷᠭᠤᠭᠠᠨ ᠲᠣᠭᠲᠠᠭᠤᠨ︾ ᠤ ᠠᠰᠠᠭᠤᠳᠠᠯ ᠪᠣᠯᠤᠨ ᠭᠤᠣᠯᠳᠠᠯᠭ᠎ᠠ ᠶᠢ | ᠣᠨᠣᠪᠴᠢᠲᠠᠢ ᠡᠷᠢᠵᠦ᠂ ᠲᠤᠶᠢᠯ ᠤᠨ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠥᠪᠥᠷ ᠮᠣᠩᠭᠤᠯ ᠤᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ ᠨᠢ ︽ᠵᠢᠷᠭᠤᠭᠠᠨ ᠲᠣᠭᠲᠠᠭᠤᠨ︾ ᠤ ᠲᠡᠷᠢᠭᠦᠨ | ᠴᠢᠬᠤᠯᠠ ᠵᠦᠢᠯ ᠪᠣᠯᠤᠭᠰᠠᠨ ᠤ ᠬᠤᠪᠢ ᠳᠤ᠂ ᠠᠷᠠᠳ ᠤᠨ ᠠᠮᠢᠳᠤᠷᠠᠯ ᠢ ᠪᠠᠲᠤᠯᠠᠨ ᠰᠠᠢᠵᠢᠷᠠᠭᠤᠯᠬᠤ ᠲᠡᠷᠢᠭᠦᠨ | ᠴᠢᠬᠤᠯᠠ ᠠᠷᠭ᠎ᠠ ᠬᠡᠮᠵᠢᠶ᠎ᠡ ᠪᠣᠯᠬᠤ ᠶᠤᠮ᠃ ᠲᠤᠰᠬᠠᠶ ᠮᠡᠷᠭᠡᠵᠢᠯᠲᠡᠳ ᠥᠪᠡᠷᠲᠡᠭᠡᠨ ᠵᠠᠰᠠᠬᠤ ᠣᠷᠣᠨ ᠤ ᠠᠵᠢᠯ | ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠬᠤ᠂ ᠨᠠᠩ ᠣᠯᠠᠨ ᠴᠢᠨᠠᠷᠯᠢᠭ | ᠠᠵᠢᠯ ᠤᠨ ᠪᠠᠶᠢᠷᠢ ᠶᠢ ᠪᠤᠢ ᠪᠣᠯᠭᠠᠬᠤ᠂ ᠠᠵᠢᠯ ᠣᠯᠭᠤᠯᠲᠠ ᠶᠢᠨ ᠨᠡᠮᠡᠭᠳᠡᠯ ᠤᠨ ᠰᠢᠨ᠎ᠡ ᠣᠷᠣᠨ ᠵᠠᠶ ᠶᠢ ᠥᠷᠭᠡᠳᠬᠡᠬᠦ | ᠵᠡᠷᠭᠡ ᠲᠠᠯ᠎ᠠ ᠪᠠᠷ ᠠᠷᠭᠠᠴᠠᠭᠠᠬᠤ ᠪᠣᠳᠣᠯᠭ᠎ᠠ ᠭᠠᠷᠭᠠᠵᠠᠶ᠃ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ | ᠠᠷᠭ᠎ᠠ ᠪᠣᠳᠣᠯᠭ᠎ᠠ ᠶᠢ ᠣᠨᠣᠪᠴᠢᠲᠠᠢ ᠪᠠᠷ ᠬᠡᠷᠡᠭᠵᠢᠭᠦᠯᠬᠦ ᠳᠤ ᠬᠤᠳᠠ ᠪᠠ ᠬᠥᠳᠡᠭᠡ ᠲᠣᠰᠬᠤᠨ ᠤ ᠠᠵᠢᠯ | ᠣᠯᠭᠤᠯᠲᠠ ᠶᠢᠨ ᠵᠠᠬ᠎ᠠ ᠳᠡᠯᠭᠡᠭᠦᠷ ᠢ ᠨᠢᠭᠡᠳᠦᠯᠲᠡᠶ ᠲᠥᠯᠥᠪᠯᠡᠬᠦ᠂ ᠬᠤᠳᠠ ᠪᠠ ᠬᠥᠳᠡᠭᠡ ᠲᠣᠰᠬᠤᠨ ᠤ ᠬᠡᠷᠡᠭᠯᠡᠭᠡᠨ ᠤ | ᠵᠠᠬ᠎ᠠ ᠳᠡᠯᠭᠡᠭᠦᠷ ᠢ ᠥᠷᠭᠡᠳᠬᠡᠬᠦ ᠪᠠ ᠲᠠᠰ ᠳᠡᠪᠰᠢᠭᠦᠯᠬᠦ ᠵᠡᠷᠭᠡ ᠲᠠᠯ᠎ᠠ ᠪᠠᠷ ᠬᠦᠴᠦ ᠣᠷᠣᠭᠤᠯᠬᠤ ᠬᠡᠷᠡᠭᠲᠡᠶ ᠭᠡᠵᠦ | ᠳᠤᠷᠠᠳᠤᠭᠰᠠᠨ ᠪᠥᠭᠡᠳ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠭᠦᠢᠴᠡᠳ ᠠᠵᠢᠯ ᠣᠯᠭᠤᠬᠤ | ᠬᠠᠷᠠᠯᠲᠠ ᠳᠤ ᠦᠵᠡᠭᠦᠯᠬᠦ ᠨᠥᠯᠥᠭᠡ ᠶᠢ ᠠᠩᠬᠠᠷᠴᠤ᠂ ᠰᠢᠨ᠎ᠡ ᠠᠵᠢᠯ ᠣᠯᠭᠤᠯᠲᠠ ᠶᠢᠨ ᠶᠠᠰᠤ ᠴᠢᠨᠠᠷ ᠢ ᠪᠠᠲᠤᠯᠠᠬᠤ᠂ | ᠠᠵᠢᠯ ᠤᠨ ᠪᠠᠶᠢᠷᠢ ᠶᠢᠨ ᠭᠠᠭᠴᠠᠭᠠᠷᠳᠠᠮᠠᠯ ᠴᠢᠨᠠᠷ ᠢ ᠠᠩᠬᠠᠷᠬᠤ ᠵᠡᠷᠭᠡ ᠠᠰᠠᠭᠤᠳᠠᠯ ᠢ ᠠᠩᠬᠠᠷᠬᠤ ᠬᠡᠷᠡᠭᠲᠡᠢ ᠭᠡᠵᠦ | ᠴᠢᠬᠤᠯᠠᠴᠢᠯᠠᠭᠰᠠᠨ ᠪᠠᠶᠢᠨ᠎ᠠ᠃ | ︽ᠮᠥᠩᠭᠦᠨ ᠭᠦᠢᠯᠭᠡᠭᠡᠨ ᠢ ᠲᠣᠭᠲᠠᠪᠤᠷᠢᠵᠢᠭᠤᠯᠬᠤ︾ ᠪᠣᠯ ᠣᠳᠣ ᠦᠶ᠎ᠡ ᠶᠢᠨ ᠠᠵᠤ ᠠᠬᠤᠢ ᠶᠢᠨ | ᠭᠤᠣᠯᠳᠠᠯᠭ᠎ᠠ ᠮᠥᠨ᠃ ᠲᠤᠰᠬᠠᠶ ᠮᠡᠷᠭᠡᠵᠢᠯᠲᠡᠨ ᠤ ᠦᠵᠡᠬᠦ ᠪᠠᠷ᠂ ︽ᠮᠥᠩᠭᠦᠨ ᠭᠦᠢᠯᠭᠡᠭᠡᠨ ᠢ | ᠲᠣᠭᠲᠠᠪᠤᠷᠢᠵᠢᠭᠤᠯᠬᠤ︾ ᠶᠢ ᠨᠠᠩ ᠳᠣᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠶ᠂ ᠲᠡᠭᠦᠨ ᠤ ᠭᠤᠣᠯᠳᠠᠯᠭ᠎ᠠ ᠨᠢ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠶᠠᠪᠤᠳᠠᠯ ᠪᠣᠯᠤᠨ᠎ᠠ᠂ ᠭᠡᠬᠦ ᠳᠡᠭᠡᠨ | ᠬᠠᠮᠤᠭ ᠤᠨ ᠪᠦᠲᠦᠮᠵᠢᠲᠡᠢ ᠠᠷᠭᠠᠴᠠᠭᠠᠬᠤ ᠠᠷᠭ᠎ᠠ ᠪᠠᠷᠢᠯ ᠨᠢ ᠳᠠᠷᠤᠢ ᠬᠥᠭᠵᠢᠯᠲᠡ ᠶᠢ ᠠᠬᠢᠭᠤᠯᠬᠤ ᠶᠠᠪᠤᠳᠠᠯ | ᠪᠣᠯᠤᠨ᠎ᠠ᠃ ᠮᠠᠨ ᠤ ᠣᠷᠣᠨ ᠤ ︽ᠮᠥᠩᠭᠦᠨ ᠭᠦᠢᠯᠭᠡᠭᠡᠨ ᠢ ᠲᠣᠭᠲᠠᠪᠤᠷᠢᠵᠢᠭᠤᠯᠬᠤ︾ ᠠᠷᠭ᠎ᠠ ᠪᠣᠳᠣᠯᠭ᠎ᠠ ᠶᠢ | ᠣᠨᠣᠪᠴᠢᠲᠠᠢ ᠬᠡᠷᠡᠭᠵᠢᠭᠦᠯᠬᠦ ᠳᠤ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ | ᠵᠡᠮ ᠢ ᠰᠢᠯᠤᠭᠤᠳᠬᠠᠬᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠲᠦᠷᠭᠡᠳᠬᠡᠬᠦ᠂ ᠵᠠᠰᠠᠭ ᠤᠨ ᠣᠷᠳᠣᠨ ᠤ ᠠᠵᠢᠯᠯᠠᠭᠠᠨ ᠤ ᠬᠢᠷᠢ ᠬᠡᠮᠵᠢᠶ᠎ᠡ ᠪᠠ ᠰᠢᠨ᠎ᠡ ᠪᠠᠷ ᠪᠣᠶ | ᠪᠣᠯᠤᠭᠰᠠᠨ ᠵᠠᠬ᠎ᠠ ᠳᠡᠯᠭᠡᠭᠦᠷ ᠢ ᠪᠤᠶᠢᠵᠢᠭᠤᠯᠬᠤ ᠵᠡᠷᠭᠡ ᠲᠠᠯ᠎ᠠ ᠪᠠᠷ ᠬᠦᠴᠦ ᠣᠷᠣᠭᠤᠯᠬᠤ ᠬᠡᠷᠡᠭᠲᠡᠢ ᠭᠡᠪᠡ᠃ | ︽ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ︾ ᠳᠤ ᠭᠠᠳᠠᠭᠠᠳᠤ ᠠᠷᠠᠯᠵᠢᠶᠠᠨ ᠤ ᠪᠦᠲᠦᠴᠡ ᠶᠢᠨ | ᠲᠣᠬᠢᠷᠠᠭᠤᠯᠤᠯᠲᠠ ᠶᠢᠨ ᠳᠠᠷᠤᠯᠲᠠ ᠪᠣᠯᠣᠨ ᠬᠡᠪᠴᠢᠶ᠎ᠡ ᠪᠠᠭ᠎ᠠ ᠪᠠᠶᠢᠭ᠎ᠠ ᠬᠦᠴᠢᠷᠳᠡᠯ ᠢ ᠭᠤᠣᠯᠳᠠᠯᠭ᠎ᠠ ᠲᠠᠢ ᠪᠠᠷ | ᠰᠢᠪᠲᠤᠯᠬᠤ ᠬᠡᠷᠡᠭᠲᠡᠶ᠃ ᠲᠤᠰᠬᠠᠶ ᠮᠡᠷᠭᠡᠵᠢᠯᠲᠡᠨ ᠤ ᠦᠵᠡᠬᠦ ᠪᠠᠷ᠂ ᠮᠠᠨ ᠤ ᠣᠷᠣᠨ ︽ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠬᠤ︾ ᠳᠤ ᠬᠡᠪᠴᠢᠶ᠎ᠡ ᠶᠢ ᠥᠷᠭᠡᠳᠬᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠵᠡᠷᠭᠡ ᠪᠠᠷ | ᠴᠢᠬᠤᠯᠠᠴᠢᠯᠠᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢ | ᠠᠬᠢᠭᠤᠯᠬᠤ ᠲᠣᠬᠠᠢ ᠤᠯᠤᠰ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠶ | ᠨᠠᠶᠢᠳᠠᠪᠤᠷᠢᠵᠢᠭᠤᠯᠵᠤ᠂ ︽ᠲᠠᠪᠤ ᠶᠢ ᠰᠢᠯᠢᠳᠡᠭᠵᠢᠭᠦᠯᠬᠦ︾ ᠶᠢ ᠭᠦᠨᠵᠡᠭᠡᠶ ᠠᠬᠢᠭᠤᠯᠤᠨ᠂ ︽ᠭᠤᠷᠪᠠᠨ ᠵᠦᠢᠯ ᠤᠨ | ᠪᠦᠲᠦᠭᠡᠨ ᠪᠠᠶᠢᠭᠤᠯᠤᠯᠲᠠ︾ ᠶᠢ ᠦᠷᠭᠦᠯᠵᠢᠯᠡᠨ ᠰᠠᠶᠢᠲᠤᠷ ᠠᠳᠬᠤᠵᠤ᠂ ᠭᠠᠳᠠᠭᠠᠳᠤ ᠠᠷᠠᠯᠵᠢᠶᠠᠨ ᠤ | ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠬᠦᠴᠦᠯᠡᠨ ᠪᠤᠶᠢᠵᠢᠭᠤᠯᠵᠤ᠂ ᠭᠠᠳᠠᠭᠠᠳᠤ ᠬᠠᠨᠳᠤᠯᠭᠠᠲᠤ ᠪᠣᠳᠠᠲᠤ | ᠴᠣᠭᠴᠠ ᠶᠢᠨ ᠠᠵᠤ ᠠᠬᠤᠶ ᠶᠢ ᠬᠦᠴᠦᠷᠬᠡᠭ ᠰᠢᠯᠢᠳᠡᠭ ᠮᠥᠷᠲᠡᠭᠡᠨ ᠪᠤᠳᠠᠲᠠᠢ ᠬᠢᠬᠦ᠂ ᠭᠠᠳᠠᠭᠠᠳᠤ ᠠᠷᠠᠯᠵᠢᠶᠠᠨ ᠤ | ᠦᠢᠯᠡᠴᠢᠯᠡᠭᠡᠨ ᠤ ᠦᠢᠯᠡᠰ ᠪᠣᠯᠣᠨ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠦᠴᠦ ᠣᠷᠣᠭᠤᠯᠬᠤ ᠬᠡᠷᠡᠭᠲᠡᠶ ᠭᠡᠵᠡᠢ᠃ | ︽ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ︾ ᠲᠠᠯ᠎ᠠ ᠪᠠᠷ᠂ ᠲᠤᠰᠬᠠᠶ ᠮᠡᠷᠭᠡᠵᠢᠯᠲᠡᠨ ᠤ ᠦᠵᠡᠬᠦ ᠪᠠᠷ᠂ | ᠮᠠᠨ ᠤ ᠣᠷᠣᠨ ︽ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ︾ ᠳᠤ ᠢᠷᠡᠭᠡᠳᠦᠢ ᠳᠤ ᠬᠠᠨᠳᠤᠭᠤᠯᠵᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠰᠠᠭᠤᠷᠢᠨ ᠳᠡᠭᠡᠷ᠎ᠡ᠂ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ | ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠤᠨ ᠰᠢᠯᠢᠳᠡᠭᠵᠢᠭᠦᠯᠵᠦ᠂ ᠬᠢᠯᠢ ᠶᠢᠨ | ᠭᠠᠳᠠᠨᠠᠬᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ ᠢᠳᠡᠪᠬᠢᠲᠡᠶ ᠦᠷᠨᠢᠭᠦᠯᠬᠦ ᠬᠡᠷᠡᠭᠲᠡᠢ᠂ | ᠢᠯᠠᠩᠭᠤᠶ᠎ᠠ ᠭᠠᠳᠠᠭᠠᠳᠤ ᠪᠡᠯᠡ ᠶᠢᠨ ᠲᠣᠮᠣ ᠲᠥᠷᠥᠯ ᠵᠦᠢᠯ ᠢ ᠮᠥᠷᠳᠡᠨ ᠳᠠᠭᠠᠵᠤ ᠦᠢᠯᠡᠴᠢᠯᠡᠬᠦ ᠲᠠᠯ᠎ᠠ ᠪᠠᠷ ᠬᠦᠴᠦ | ᠣᠷᠣᠭᠤᠯᠬᠤ ᠬᠡᠷᠡᠭᠲᠡᠶ ᠭᠡᠵᠡᠢ᠃ | ︽ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ︾ ᠪᠣᠯ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ | ᠴᠢᠬᠤᠯᠠ ᠬᠥᠳᠡᠯᠭᠡᠭᠴᠢ ᠬᠦᠴᠦᠨ ᠮᠥᠨ᠂ ᠨᠡᠮᠡᠭᠳᠡᠯ ᠢ ᠲᠣᠭᠲᠠᠪᠤᠷᠢᠵᠢᠭᠤᠯᠬᠤ ᠰᠠᠭᠤᠷᠢ ᠴᠢᠯᠠᠭᠤ ᠪᠣᠯᠣᠨ᠎ᠠ᠃ | ᠲᠤᠰᠬᠠᠢ ᠮᠡᠷᠭᠡᠵᠢᠯᠲᠡᠨ ᠵᠢᠭᠠᠵᠤ ᠭᠠᠷᠭᠠᠭᠰᠠᠨ ᠨᠢ᠂ ᠭᠤᠣᠯᠳᠠᠭᠤ ᠲᠥᠷᠥᠯ ᠵᠦᠢᠯ᠂ ᠪᠡᠯᠡ ᠮᠥᠩᠭᠦ᠂ ᠣᠷᠴᠢᠨ | ᠲᠣᠭᠤᠷᠢᠨ ᠵᠡᠷᠭᠡ ᠭᠤᠷᠪᠠᠨ ᠲᠠᠯ᠎ᠠ ᠠᠴᠠ ᠭᠠᠷᠳᠠᠵᠤ᠂ ᠲᠡᠭᠦᠨ ᠤ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠬᠤ ᠶᠢ | ᠴᠢᠬᠤᠯᠠᠴᠢᠯᠠᠬᠤ ᠬᠡᠷᠡᠭᠲᠡᠢ ᠭᠡᠵᠡᠢ᠃ ︽ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ︾ ᠣᠨᠣᠪᠴᠢᠲᠠᠢ ᠠᠷᠭ᠎ᠠ | ᠪᠣᠳᠣᠯᠭ᠎ᠠ ᠬᠡᠷᠡᠭᠵᠢᠭᠦᠯᠬᠦ ᠳᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢᠨ ᠰᠥᠭᠡᠷᠭᠦ ᠨᠡᠮᠡᠭᠳᠡᠯ ᠤᠨ | ᠪᠠᠶᠢᠳᠠᠯ ᠢ ᠬᠤᠪᠢᠷᠠᠭᠤᠯᠬᠤ᠂ ᠪᠠᠯᠠ ᠣᠷᠣᠭᠤᠯᠤᠯᠲᠠ ᠶᠢᠨ ᠪᠦᠲᠦᠴᠡ ᠶᠢ ᠰᠢᠨ᠎ᠡ ᠬᠥᠳᠡᠯᠭᠡᠭᠴᠢ ᠡᠨᠧᠷᠭᠢ ᠶᠢ | ᠪᠤᠶᠢᠵᠢᠭᠤᠯᠤᠨ ᠪᠤᠵᠠᠭᠠᠶᠢᠷᠠᠭᠤᠯᠬᠤ ᠪᠣᠯᠭᠠᠨ ᠲᠣᠬᠢᠷᠠᠭᠤᠯᠤᠯᠲᠠ ᠬᠢᠬᠦ ᠵᠡᠷᠭᠡ ᠲᠠᠯ᠎ᠠ ᠪᠠᠷ ᠬᠦᠴᠦ ᠲᠠᠯᠪᠢᠬᠤ ᠬᠡᠷᠡᠭᠲᠡᠶ᠃ | ︽ᠵᠢᠱᠢᠯᠲᠡ ᠶᠢ ᠲᠣᠭᠲᠠᠪᠤᠷᠢᠵᠢᠭᠤᠯᠬᠤ︾ ᠨᠢ ︽ᠵᠢᠷᠭᠤᠭᠠᠨ ᠲᠣᠭᠲᠠᠭᠤᠨ︾ ᠤ ᠭᠤᠣᠯᠳᠠᠯᠭ᠎ᠠ ᠪᠣᠯᠤᠨ᠎ᠠ᠃ | ᠲᠤᠰᠬᠠᠶ ᠮᠡᠷᠭᠡᠵᠢᠯᠲᠡᠨ ᠳᠤᠷᠠᠳᠤᠨ ᠭᠠᠷᠭᠠᠭᠰᠠᠨ ᠨᠢ᠂ ᠮᠠᠨ ᠤ ᠣᠷᠣᠨ 2019 ᠣᠨ ᠳᠤ ᠠᠷᠭ᠎ᠠ ᠪᠣᠳᠣᠯᠭ᠎ᠠ ᠶᠢ | ᠶᠡᠷᠦᠩᠬᠡᠶᠢᠯᠡᠨ ᠬᠡᠷᠡᠭᠵᠢᠭᠦᠯᠬᠦ ︽ᠵᠢᠱᠢᠯᠲᠡ ᠶᠢ ᠲᠣᠭᠲᠠᠪᠤᠷᠢᠵᠢᠭᠤᠯᠤᠨ︾᠂ ᠨᠡᠶᠢᠭᠡᠮ ᠤᠨ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠪᠣᠯᠣᠨ | ᠠᠵᠤ ᠠᠬᠤᠶᠢᠯᠠᠯᠲᠠᠳ ᠢ ᠬᠠᠮᠠᠭᠠᠯᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠢᠳᠠᠪᠤᠷᠢᠵᠢᠭᠤᠯᠬᠤ | ᠳᠡᠭᠡᠷ᠎ᠡ ᠬᠦᠴᠦ ᠲᠠᠯᠪᠢᠬᠤ ᠬᠡᠷᠡᠭᠲᠡᠶ ᠭᠡᠵᠡᠢ᠃ |