— ᠨᠡᠩ ᠡᠷᠴᠢᠮᠳᠠᠢ ᠠᠷᠭ᠎ᠠ ᠭᠡᠮᠵᠢᠶ᠎ᠠ ᠠᠪᠴᠤ᠂ ᠨᠡᠩ ᠨᠠᠷᠢᠯᠢᠭ ᠠᠵᠢᠯᠯᠠᠵᠤ᠂ ᠶᠠᠳᠠᠭᠤ ᠭᠦᠴᠢᠷᠳᠡᠯᠳᠡᠢ | ᠬᠦᠮᠤᠨ ᠠᠮᠠ ᠲᠦᠪᠯᠡᠷᠡᠭᠰᠡᠨ ᠰᠢᠶᠠᠩ ︵ᠰᠤᠮᠤ︶ ᠲᠤᠰᠬᠤᠨ ︵ᠭᠠᠴᠠᠭ᠎ᠠ︶ ᠳᠤ ᠠᠩᠬᠠᠷᠤᠯ ᠢᠶᠠᠨ ᠲᠦᠪᠯᠡᠷᠡᠬᠦᠯᠤᠨ | ᠠᠵᠤ ᠦᠢᠯᠡᠰ ᠤᠨ ᠭᠦᠭᠵᠢᠯᠳᠡ᠂ ᠭᠦᠳᠡᠯᠮᠦᠷᠢᠯᠡᠬᠦᠯᠵᠤ ᠠᠵᠢᠯ ᠤᠯᠭᠤᠬᠤ᠂ ᠰᠠᠭᠤᠷᠢ ᠪᠡᠯᠡᠳᠬᠡᠮᠵᠢ᠂ ᠤᠯᠠᠨ | ᠨᠡᠶᠢᠳᠡ ᠶᠢᠨ ᠦᠢᠯᠡᠴᠢᠯᠡᠭᠡ᠂ ᠡᠮ ᠡᠮᠨᠡᠯᠬᠡ ᠶᠢᠨ ᠪᠠᠳᠤᠯᠠᠪᠤᠷᠢ ᠵᠡᠷᠭᠡ ᠠᠰᠠᠭᠤᠳᠠᠯ ᠢ ᠰᠠᠶᠢᠳᠤᠷ ᠰᠢᠢᠳᠪᠦᠷᠢᠯᠡᠭᠦ | ᠭᠡᠷᠡᠭᠲᠠᠢ᠃ | — ᠨᠢᠳᠦᠨ ᠡᠮᠦᠨᠡᠬᠢ ᠠᠰᠠᠭᠤᠳᠠᠯ ᠢᠶᠠᠨ ᠰᠠᠶᠢᠲᠤᠷ ᠰᠢᠢᠳᠪᠦᠷᠢᠯᠡᠬᠦ ᠮᠦᠷᠲᠡᠭᠡᠨ ᠨᠡᠩ ᠴᠦ ᠦᠷᠭᠦᠯᠵᠢᠯᠡᠬᠦ | ᠤᠷᠲᠤ ᠬᠤᠭᠤᠴᠠᠭᠠᠨ ᠤ ᠪᠦᠲᠦᠮᠵᠢᠲᠡᠢ ᠲᠤᠭᠲᠠᠴᠠ ᠶᠢ ᠪᠦᠷᠢᠯᠳᠦᠭᠦᠯᠬᠦ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠲᠠᠢ ᠤᠷᠭᠠᠨᠢᠭ ᠢᠶᠠᠷ ᠤᠶᠠᠯᠳᠤᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠠᠵᠤ ᠦᠢᠯᠡᠰ | ᠬᠦᠭᠵᠢᠩᠬᠦᠢ᠂ ᠠᠮᠢ ᠠᠬᠤᠢ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ᠂ ᠨᠤᠲᠤᠭ ᠤᠨ ᠰᠤᠷᠳᠠᠯ ᠪᠤᠯᠪᠠᠰᠤᠨ᠂ | ᠵᠠᠰᠠᠯᠲᠠ ᠦᠷ᠎ᠡ ᠪᠦᠲᠦᠮᠵᠢᠲᠡᠢ᠂ ᠠᠮᠢᠳᠤᠷᠠᠯ ᠴᠢᠨᠡᠭᠡᠯᠢᠭ ᠪᠠᠶᠢᠬᠤ ᠶᠢ ᠠᠬᠢᠭᠤᠯᠵᠤ᠂ ᠦᠷᠭᠡᠨ ᠤᠯᠠᠨ ᠮᠠᠯᠴᠢᠨ | ᠲᠠᠷᠢᠶᠠᠴᠢᠨ ᠤ ᠠᠮᠢᠳᠤᠷᠠᠯ ᠪᠠ ᠬᠡᠷ ᠤᠷᠤᠨ ᠢ ᠪᠦᠬᠦ ᠲᠠᠯ᠎ᠠ ᠪᠠᠷ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ | 2018 ᠤᠨ ᠤ 3 ᠳ᠋ᠤᠭᠠᠷ ᠰᠠᠷ᠎ᠠ ᠶᠢᠨ 5 ᠤ ᠡᠳᠦᠷ᠂ ᠶᠡᠷᠦᠩᠬᠡᠢ ᠱᠦᠵᠢ ᠰᠢ ᠶᠢᠨ ᠫᠢᠡᠭ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ | ᠤᠷᠤᠯᠴᠠᠬᠤ ᠳᠤ ᠪᠠᠨ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ | ᠢ ᠤᠯᠠᠮ ᠬᠠᠯᠠᠮᠵᠢᠯᠠᠬᠤ ᠲᠤᠬᠠᠢ ᠴᠢᠩ ᠰᠠᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠮᠠᠨ ᠤ ᠤᠷᠤᠨ ᠤ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠡᠯᠲᠠ ᠶᠢ ᠡᠷᠡᠰ ᠲᠡᠮᠡᠴᠡᠨ ᠤᠯᠬᠤ | ᠴᠢᠭᠯᠡᠯ ᠢ ᠲᠤᠳᠤᠷᠬᠠᠢᠢᠯᠠᠨ ᠬᠦᠴᠦᠷᠬᠡᠭ ᠶᠡᠭᠡ ᠬᠦᠳᠡᠯᠭᠡᠬᠦ ᠬᠦᠴᠦᠨ ᠤᠯᠭᠤᠪᠠ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠡᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠪᠤᠷ ᠮᠤᠩᠭᠤᠯᠴᠤᠳ ᠡᠷᠡᠮᠡᠬᠡᠶᠢᠯᠡᠨ ᠤᠷᠤᠭᠰᠢᠯᠠᠵᠤ ᠪᠤᠳᠠᠳᠠᠢ ᠠᠵᠢᠯᠯᠠᠨ ᠰᠢᠨ᠎ᠠ | ᠬᠠᠭᠤᠳᠠᠰᠤ ᠶᠢ ᠪᠢᠴᠢᠭᠯᠡᠯᠠ᠃ ᠨᠢᠭᠡ ᠵᠢᠯ ᠤᠨ ᠲᠤᠷᠰᠢ᠂ ᠦᠪᠦᠷ ᠮᠤᠩᠭᠤᠯ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠴᠢᠩᠭᠠᠳᠬᠠᠵᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠤᠨ ᠶᠠᠳᠠᠭᠤ ᠠᠴᠠ | ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠤ᠂ ᠪᠦᠬᠦ ᠤᠷᠤᠨ ᠤ 23.5 ᠲᠦᠮᠡᠨ ᠬᠦᠮᠦᠨ ᠢ ᠶᠠᠳᠠᠭᠤ ᠠᠴᠠ | ᠠᠩᠬᠢᠵᠢᠷᠠᠭᠤᠯᠤᠨ᠂ ᠶᠠᠳᠠᠭᠤᠷᠠᠯ ᠤᠨ ᠨᠤᠷᠮ᠎ᠠ ᠶᠢ 1.06% ᠪᠤᠯᠵᠤ ᠪᠠᠭᠠᠰᠬᠠᠪᠠ︔ 2018 ᠤᠨ ᠳᠤ᠂ ᠤᠯᠤᠰ | ᠤᠨ ᠳᠡᠰ ᠤᠨ 10 ᠶᠠᠳᠠᠭᠤ ᠬᠦᠴᠢᠷᠳᠡᠯᠳᠡᠢ ᠬᠤᠰᠢᠭᠤ ᠰᠢᠶᠠᠨ ᠪᠤᠯᠤᠨ ᠦᠪᠡᠷᠳᠡᠬᠡᠨ ᠵᠠᠰᠠᠬᠤ ᠤᠷᠤᠨ ᠤ ᠳᠡᠰ ᠤᠨ | 13 ᠶᠠᠳᠠᠭᠤ ᠬᠦᠴᠢᠷᠳᠡᠯᠳᠡᠢ ᠬᠤᠰᠢᠭᠤ ᠰᠢᠶᠠᠨ ᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠱᠠᠲᠤᠴᠢ ᠴᠢᠨᠠᠷ ᠲᠠᠢ ᠦᠷ᠎ᠡ ᠪᠦᠲᠦᠮᠵᠢ ᠤᠯᠪᠠ᠃ | ︽ᠴᠢᠰᠤ ᠶᠠᠭᠦᠯᠡᠬᠦ︾ ᠬᠢᠭᠡᠳ ︽ᠴᠢᠰᠤ ᠪᠦᠲᠦᠭᠡᠬᠦ︾ ᠶᠢ ᠵᠡᠷᠭᠡ ᠪᠠᠷ ᠴᠢᠬᠤᠯᠠᠴᠢᠯᠠᠵᠤ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠦᠷ᠎ᠠ ᠠᠰᠢᠭ ᠢ ᠬᠠᠮᠲᠤ ᠪᠠᠷ ᠡᠳ᠋ᠯᠠᠯᠠ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠨᠢ ᠨᠢᠬᠡᠨᠳᠡ ᠴᠠᠬᠠᠷ ᠪᠠᠷᠠᠭᠤᠨ ᠭᠠᠷᠤᠨ ᠡᠮᠦᠨᠠᠲᠤ ᠬᠤᠰᠢᠭᠤᠨ | ᠤ ᠶᠠᠳᠠᠭᠤ ᠠᠴᠠ ᠠᠩᠬᠢᠵᠢᠷᠠᠭᠤᠯᠬᠤ ︽ᠵᠤᠷ︾ ᠪᠤᠯᠵᠠᠢ᠃ | ᠴᠠᠭᠠᠨ ᠰᠠᠷ᠎ᠠ ᠶᠢᠨ ᠠᠷᠪᠠᠨ ᠲᠠᠪᠤᠨ ᠤ ᠦᠦᠷ ᠢᠶᠠᠷ᠂ ᠲᠡᠭᠷᠢ ᠲᠦᠩᠬᠡᠵᠢ ᠭᠡᠭᠡᠷᠡᠬᠦ ᠳᠤ ᠲᠤᠰ ᠬᠤᠰᠢᠭᠤᠨ ᠤ | ᠪᠠᠶᠠᠨᠲᠠᠯ᠎ᠠ ᠪᠠᠯᠭᠠᠰᠤ ᠶᠢᠨ ᠨᠢᠭᠡᠨ ᠲᠠᠷᠢᠶᠠᠯᠠᠩ ᠤᠨ ᠵᠢᠱᠢᠶ᠎ᠠ ᠦᠵᠡᠭᠦᠯᠬᠦ ᠲᠤᠭᠤᠷᠢᠭ ᠤᠨ ᠬᠡᠳᠤᠨ ᠳᠤᠯᠠᠭᠠᠨ | ᠬᠦᠯᠡᠮᠵᠢᠨ ᠳᠤ ᠵᠠᠯᠭᠠᠭ᠎ᠠ ᠪᠠᠷ ᠳ᠋ᠸᠡᠭ ᠬᠡᠷᠡᠯᠳᠦᠯᠠ᠃ | ᠴᠧᠨ ᠰᠠᠨ ᠲᠤᠰᠬᠤᠨ ᠤ ᠲᠠᠷᠢᠶᠠᠴᠢᠨ ᠳ᠋ᠢ ᠯᠢᠶ᠋ᠸᠧ ᠽᠧ ᠡᠷᠲᠡᠯᠡᠨ ᠢᠷᠡᠵᠤ᠂ ᠪᠦᠬᠦ ᠪᠡᠯᠡᠳᠬᠡᠯ ᠠᠵᠢᠯ ᠢᠶᠠᠨ | ᠬᠢᠵᠤ ᠳᠠᠭᠤᠰᠬᠠᠭᠠᠳ ᠤᠴᠦ᠋ᠢᠨ ᠰᠠᠭᠤᠵᠤ᠂ ᠢᠳᠡᠰᠢᠨ ᠨᠤᠭᠤᠭ᠎ᠠ ᠶᠢᠨ ᠤᠷᠭᠤᠯᠳᠠ ᠶᠢᠨ ᠪᠠᠶᠢᠳᠠᠯ ᠢ ᠨᠠᠷᠢᠨ | ᠠᠵᠢᠬᠯᠠᠨ᠎ᠠ᠃ ᠲᠠᠷᠢᠭᠰᠠᠨ ᠲᠦᠪᠡᠳ ᠬᠠᠰᠢ ᠳᠤ ᠨᠢ ᠭᠦᠢᠬᠡᠨ ᠰᠢᠷᠭᠠᠯ ᠦᠡᠭᠭᠡ ᠲᠠᠢ ᠵᠢᠵᠢᠭ ᠴᠡᠴᠡᠭ ᠪᠠᠭᠰᠢᠷᠠᠨ | ᠳᠡᠯᠭᠡᠷᠡᠵᠡᠢ᠃ ᠬᠦᠯᠡᠮᠵᠢ ᠳᠦᠭᠦᠷᠡᠩ ᠤᠷᠭᠤᠭᠰᠠᠨ ᠢᠳᠡᠰᠢᠨ ᠨᠤᠭᠤᠭ᠎ᠠ ᠪᠠᠨ ᠬᠠᠷᠠᠭᠠᠳ ᠳ᠋ᠢ ᠯᠢᠶᠧ ᠽᠧ᠄ ︽ᠪᠢ | ᠡᠨᠡ ᠬᠦᠯᠡᠮᠵᠢ ᠪᠠᠨ ᠡᠤ ᠽᠧ ᠠᠮᠢ ᠠᠬᠤᠢ ᠶᠢᠨ ᠲᠡᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠭᠵᠢᠬᠦᠯᠦᠯᠲᠡ ᠶᠢᠨ ᠬᠢᠵᠠᠭᠠᠷᠲᠤ ᠺᠤᠮᠫᠠᠨᠢ ᠠᠴᠠ ᠲᠦᠷᠢᠶᠡᠰᠦᠯᠡᠵᠤ ᠠᠪᠤᠭᠰᠨᠨ ᠶᠤᠮ᠃ ᠺᠤᠮᠫᠠᠨᠢ ᠠᠴᠠ ᠨᠢᠭᠡ ᠵᠢᠯ | ᠦᠨ᠎ᠠ ᠲᠦᠯᠦᠪᠦᠷᠢ ᠦᠭᠡᠢ ᠪᠠᠷ ᠲᠦᠷᠢᠶᠡᠰᠦᠯᠡᠵᠤ ᠦᠭᠬᠦᠭᠰᠡᠨ ᠮᠦᠷᠳᠡᠬᠡᠨ ᠨᠢᠯᠬ᠎ᠠ ᠴᠢᠬᠢ᠂ ᠪᠤᠷᠳᠤᠭᠤᠷ᠂ ᠲᠠᠷᠢᠶᠠᠨ | ᠡᠮ ᠵᠡᠷᠭᠡ ᠶᠢᠨ ᠵᠤᠭᠤᠰ ᠢ ᠴᠦ ᠤᠷᠢᠳᠴᠢᠯᠠᠨ ᠤᠷᠤᠯᠠᠨ ᠦᠭᠬᠦᠯ᠎ᠠ᠃ ᠺᠤᠮᠫᠠᠨᠢ ᠶᠢᠨ ᠲᠤᠰᠬᠠᠢ ᠮᠡᠷᠭᠡᠵᠢᠯ ᠤᠨ | ᠦᠢᠯᠡᠴᠢᠯᠡᠭᠡᠨ ᠤ ᠳᠤᠭᠤᠢᠢᠯᠠᠩ ᠡᠳᠦᠷ ᠪᠦᠷᠢ ᠢᠷᠡᠵᠤ᠂ ᠪᠠᠷᠢᠮᠵᠢᠶᠠᠵᠢᠭᠰᠠᠨ ᠲᠠᠷᠢᠵᠤ ᠤᠷᠭᠤᠭᠤᠯᠬᠤ ᠬᠠᠮᠢᠶᠠᠷᠤᠯᠲᠠ | ᠶᠢᠨ ᠮᠡᠷᠭᠡᠵᠢᠯ ᠢᠶᠠᠨ ᠤᠯᠠᠮᠵᠢᠯᠠᠳᠠᠭ᠃ ᠪᠠᠰᠠ ᠬᠤᠷᠢᠶᠠᠭᠰᠠᠨ ᠢᠳᠡᠰᠢᠨ ᠨᠤᠭᠤᠭ᠎ᠠ ᠶᠢ ᠴᠦᠮ ᠬᠠᠮᠠᠭᠠᠯᠠᠯᠲᠠ ᠶᠢᠨ | ᠦᠨ᠎ᠡ ᠪᠠᠷ ᠬᠤᠳᠠᠯᠳᠤᠨ ᠠᠪᠴᠦ ᠪᠠᠶᠢᠬᠤ ᠪᠤᠯᠬᠤᠷ ᠪᠤᠷᠤᠯᠠᠭᠤᠯᠭ᠎ᠠ ᠶᠢᠨ ᠲᠠᠯ᠎ᠠ ᠪᠠᠷ ᠴᠦ ᠰᠠᠨᠠᠭ᠎ᠠ ᠵᠤᠪᠠᠭ᠋ᠤ ᠤᠴᠢᠷ | ᠦᠭᠡᠢ ᠪᠤᠯᠤᠭᠰᠠᠨ︾ ᠭᠡᠵᠤ ᠪᠠᠶᠠᠷᠲᠠᠢ ᠶᠠᠷᠢᠨ᠎ᠠ᠃ | ᠳ᠋ᠢ ᠯᠢᠶᠧ ᠽᠧ ᠶᠢᠨ ᠶᠠᠷᠢᠵᠤ ᠪᠠᠶᠢᠭ᠎ᠠ ᠡᠤ ᠽᠧ ᠠᠮᠢ ᠠᠬᠤᠢ ᠶᠢᠨ ᠲᠡᠷᠢᠶᠠᠯᠠᠩ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠦᠭᠵᠢᠬᠦᠯᠦᠯᠲᠡ ᠶᠢᠨ ᠬᠢᠵᠠᠭᠠᠷᠲᠤ ᠺᠤᠮᠫᠠᠨᠢ ᠪᠤᠯ ᠤᠯᠠᠭᠠᠨᠴᠠᠪ ᠬᠤᠲᠠ ᠶᠢᠨ ᠱᠠᠨᠳᠦ᠋ᠡᠭ | ᠮᠤᠵᠢ ᠠᠴᠠ ᠤᠷᠤᠭᠤᠯᠵᠤ ᠠᠪᠴᠢᠷᠠᠭᠰᠠᠨ ᠳᠠᠭᠠᠭᠤᠯᠤᠭᠴᠢ ᠠᠵᠤ ᠠᠬᠤᠢᠢᠯᠠᠯ ᠪᠤᠯᠤᠨ᠎ᠠ᠂ ᠮᠦᠨ ᠴᠤ ᠪᠡᠭᠡᠵᠢᠩ | ᠬᠢᠬᠡᠳ ᠦᠪᠦᠷ ᠮᠤᠩᠭᠤᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠠᠮᠳᠤᠷᠠᠯᠴᠠᠭᠠᠨ ᠤ ᠲᠦᠷᠦᠯ ᠵᠦᠢᠯ | ᠪᠤᠯᠬᠤ ᠶᠤᠮ᠃ ︽6000 ᠮᠤ᠋ ᠲᠠᠯᠠᠪᠠᠢ ᠲᠠᠢ ᠤᠳᠤ ᠦᠶ᠎ᠠ ᠶᠢᠨ ᠲᠠᠷᠢᠶᠠᠯᠠᠩ ᠤᠨ ᠵᠢᠱᠢᠶ᠎ᠠ ᠦᠵᠡᠭᠦᠯᠬᠦ | ᠲᠤᠭᠤᠷᠢᠭ ᠲᠤ ᠪᠠᠨ ᠢᠳᠡᠰᠢᠨ ᠨᠤᠭᠤᠭ᠎ᠠ ᠪᠠ ᠦᠵᠤᠮ ᠲᠠᠷᠢᠬᠤ ᠬᠤᠶᠠᠷ ᠵᠢᠱᠢᠶ᠎ᠡ ᠦᠵᠡᠭᠦᠯᠬᠦ ᠰᠠᠭᠤᠷᠢᠨ ᠲᠠᠢ᠃ | 60% ᠶᠢᠨ ᠲᠤᠯᠠᠭᠠᠨ ᠬᠦᠯᠡᠮᠵᠢ ᠶᠢ ᠴᠦᠮ ᠲᠤᠬᠠᠢ ᠶᠢᠨ ᠭᠠᠵᠠᠷ ᠤᠨ ᠲᠠᠷᠢᠶᠠᠴᠢᠨ ᠪᠠ ᠶᠠᠳᠠᠭᠤ ᠬᠦᠴᠢᠷᠳᠡᠯᠲᠡᠢ | ᠡᠷᠦᠭᠡ ᠶᠢᠨ ᠬᠢᠨ ᠢᠶᠠᠷ ᠲᠠᠷᠢᠭᠤᠯᠵᠤ ᠪᠠᠶᠢᠨ᠎ᠠ᠃ ᠶᠠᠳᠠᠭᠤ ᠬᠦᠴᠢᠷᠳᠡᠯᠲᠡᠢ ᠡᠷᠦᠭᠡ ᠶᠢᠨ ᠤᠯᠬᠤ ᠦᠷ᠎ᠠ ᠠᠰᠢᠭ ᠮᠠᠰᠢ | ᠶᠡᠭᠡ ᠶᠤᠮ᠂ ᠪᠢᠳᠡ ᠲᠤᠯᠠᠭᠠᠨ ᠬᠦᠯᠡᠮᠵᠢ ᠶᠢ ᠦᠨ᠎ᠠ ᠲᠦᠯᠦᠪᠦᠷᠢ ᠦᠭᠡᠢ ᠪᠠᠷ ᠬᠠᠨᠭ᠍ᠭᠠᠬᠤ ᠮᠦᠷᠲᠡᠭᠡᠨ ᠬᠤᠳᠠᠯᠳᠤᠨ | ᠠᠪᠬᠤ ᠦᠨ᠎ᠠ ᠬᠠᠩᠰᠢ ᠶᠢ ᠴᠦ ᠦᠨᠳᠤᠷ ᠲᠠᠯᠪᠢᠭᠰᠠᠨ︾ ᠭᠡᠵᠤ ᠡᠤ ᠽᠧ ᠺᠤᠮᠫᠠᠨᠢ ᠶᠢᠨ ᠳᠡᠳ᠋ ᠶᠡᠷᠦᠩᠬᠡᠢ | ᠳᠠᠭᠠᠭᠠᠮᠠᠯ ᠵᠠᠩ ᠶᠢᠩ ᠰᠤᠷᠪᠤᠯᠵᠢᠯᠠᠭᠴᠢ ᠳᠤ ᠶᠠᠷᠢᠨ᠎ᠠ᠃ | ᠪᠠᠷᠠᠭᠤᠨ ᠭᠠᠷᠤᠨ ᠡᠮᠦᠨᠡᠲᠤ ᠬᠤᠰᠢᠭᠤᠨ ᠳᠤ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ | ᠡᠷᠦᠭᠡ ᠶᠢᠨ ᠬᠢᠨ ᠠᠵᠤ ᠦᠢᠯᠡᠰ ᠤᠨ ᠳᠤᠮᠳᠠ ᠠᠴᠠ ᠤᠷᠲᠤ ᠬᠤᠭᠤᠴᠠᠭᠠᠨ ᠤ ᠲᠤᠭᠲᠠᠭᠤᠨ ᠢᠶᠠᠷ ᠤᠷᠤᠯᠭ᠎ᠠ ᠪᠠᠨ | ᠨᠡᠮᠡᠭᠳᠡᠭᠦᠯᠬᠦ ᠠᠷᠭ᠎ᠠ ᠵᠠᠮ ᠢ ᠤᠯᠤᠭᠰᠠᠨ ᠢᠶᠠᠷ ᠪᠠᠷᠠᠬᠤ ᠦᠭᠡᠢ ᠬᠦᠳᠡᠯᠮᠦᠷᠢᠯᠡᠬᠦ ᠴᠢᠳᠠᠪᠤᠷᠢ ᠦᠭᠡᠢ ᠶᠠᠳᠠᠭᠤ | ᠬᠦᠴᠢᠷᠳᠡᠯᠲᠡᠢ ᠡᠷᠦᠭᠡ ᠶᠢᠨ ᠬᠢᠨ ᠴᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠦᠷ᠎ᠠ ᠠᠰᠢᠭ ᠢ ᠬᠦᠷᠳᠡᠵᠤ | ᠶᠠᠪᠤᠭ᠎ᠠ ᠪᠢᠯᠡ᠃ | ᠰᠤᠷᠪᠤᠯᠵᠢᠯᠠᠭᠴᠢ ᠪᠠᠶᠠᠨᠲᠠᠯ᠎ᠠ ᠪᠠᠯᠭᠠᠰᠤ ᠶᠢᠨ ᠬᠠᠪᠢᠷᠭ᠎ᠠ ᠲᠤᠰᠬᠤᠨ ᠤ ᠭᠦᠡᠭ ᠰᠢᠶᠤᠤ ᠰᠢᠶᠠ ᠶᠢᠨ ᠳᠤ | ᠬᠦᠷᠬᠦ ᠳᠤ᠂ ᠲᠡᠷᠡ ᠬᠠᠨᠵᠤᠨ ᠳᠡᠭᠡᠷ᠎ᠠ ᠪᠠᠨ ᠰᠠᠭᠤᠭᠠᠳ ᠠᠵᠤ ᠠᠬᠤᠢᠢᠯᠠᠯ ᠠᠴᠠ ᠤᠯᠭᠤᠭᠰᠠᠨ ᠠᠰᠢᠭ | ᠤᠷᠤᠯᠭ᠎ᠠ ᠪᠠᠨ ᠲᠡᠮᠳᠡᠭᠯᠡᠵᠤ ᠪᠠᠶᠢᠯ᠎ᠠ᠃ ᠭᠦᠡᠭ ᠰᠢᠶᠤᠤ ᠰᠢᠶᠠ ᠰᠡᠭᠡᠷ ᠨᠢᠷᠤᠭᠤᠨ ᠤ ᠦᠷᠪᠢᠰᠤᠯ ᠳᠤ ᠨᠡᠷᠪᠡᠭᠳᠡᠭᠡᠳ | ᠠᠷᠪᠠᠨ ᠬᠡᠳᠤᠨ ᠵᠢᠯ ᠪᠤᠯᠵᠤ᠂ ᠠᠯᠬᠤᠬᠤ ᠳᠤ ᠴᠤ ᠬᠦᠴᠢᠷᠳᠡᠵᠠᠢ᠃ ᠲᠡᠷᠡ ᠶᠠᠳᠠᠭᠤ ᠬᠦᠴᠢᠷᠳᠡᠯᠲᠠᠢ ᠡᠷᠦᠬᠡ ᠪᠠᠷ | ᠳᠠᠩᠰᠠᠯᠠᠵᠤ ᠺᠠᠷᠲᠯᠠᠭᠳᠠᠭᠰᠠᠨ ᠤ ᠳᠠᠷᠠᠭ᠎ᠠ ᠵᠠᠰᠠᠭ ᠤᠨ ᠤᠷᠳᠦᠨ ᠠᠴᠠ ᠬᠦᠤ ᠮᠦᠡᠭᠬᠦ ᠶᠢ ᠨᠢ ᠤᠷᠤᠯᠨᠨ ᠦᠭᠭᠦᠭᠰᠡᠨ | ᠵᠢᠭᠡᠯᠡᠯᠭᠡ ᠪᠠᠷ ᠷᠦᠢ ᠲᠢᠶᠠᠨ ᠤᠳᠤᠬᠢᠴᠢᠯᠠᠭᠰᠠᠨ ᠲᠠᠷᠢᠶᠠᠯᠠᠩ ᠤᠨ ᠬᠢᠵᠠᠭᠠᠷᠲᠤ ᠺᠤᠮᠫᠠᠨᠢ ᠳᠤ ᠬᠤᠪᠢ ᠤᠷᠤᠭᠤᠯᠵᠤ᠂ | ᠵᠢᠯ ᠪᠦᠷᠢ 6000 ᠲᠦᠬᠦᠷᠢᠭ ᠤᠨ ᠤᠷᠤᠯᠭ᠎ᠠ ᠬᠦᠷᠲᠡᠬᠦ ᠪᠠᠳᠤᠯᠠᠭ᠎ᠠ ᠲᠠᠢ ᠪᠤᠯᠤᠭᠰᠠᠨ ᠶᠤᠮ᠃ ︽ᠭᠡᠷ ᠲᠤ ᠪᠠᠨ | ᠰᠠᠭᠤᠭᠠᠳ ᠤᠷᠤᠯᠭ᠎ᠠ ᠤᠯᠴᠢᠬᠠᠨ᠎ᠠ᠂ ᠰᠠᠨᠠᠭ᠎ᠠ ᠵᠡᠬᠦᠳᠤᠨ ᠳᠤ ᠴᠦ ᠤᠷᠤᠭᠰᠠᠨ ᠦᠬᠡᠢ︾ ᠭᠡᠵᠤ ᠭᠦᠡᠭ ᠰᠢᠶᠤᠤ | ᠰᠢᠶᠠ ᠪᠠᠶᠠᠷᠲᠠᠢ ᠶᠠᠷᠢᠨ᠎ᠠ᠃ | ᠬᠦᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠢ ᠡᠷᠦᠭᠡ ᠶᠢᠨ ᠬᠢᠨ ᠳᠤ ᠲᠤᠰᠬᠠᠢ ᠲᠤᠭᠲᠠᠭᠠᠭᠰᠠᠨ | ᠡᠶᠢᠮᠦᠷᠬᠦᠤ ᠶᠠᠳᠠᠭᠤ ᠶᠢ ᠲᠡᠳᠬᠦᠬᠦ ᠠᠷᠭ᠎ᠠ ᠬᠡᠯᠪᠡᠷᠢ ᠪᠤᠯ ︽ᠳᠠᠭᠠᠭᠤᠯᠤᠭᠴᠢ ᠠᠵᠤ ᠠᠬᠤᠢᠢᠯᠠᠯ + ᠬᠠᠮᠳᠤ ᠶᠢᠨ | ᠬᠤᠷᠰᠢᠶ᠎ᠠ + ᠶᠠᠳᠠᠭᠤ ᠬᠦᠴᠢᠷᠳᠡᠯᠲᠡᠢ ᠡᠷᠦᠬᠡ︾ ᠶᠢᠨ ᠠᠰᠢᠭ ᠲᠤᠰᠠ ᠶᠢᠨ ᠬᠤᠯᠪᠤᠭᠠᠨ ᠤ ᠲᠤᠭᠲᠠᠴᠠ ᠪᠤᠯᠬᠤ | ᠶᠤᠮ᠃ ᠵᠠᠰᠠᠭ ᠤᠨ ᠤᠷᠳᠤᠨ ᠠᠴᠠ ᠶᠠᠳᠠᠭᠤ ᠬᠦᠴᠢᠷᠳᠡᠯᠲᠡᠢ ᠡᠷᠦᠭᠡ ᠳᠤ ᠮᠦᠡᠭᠭᠦᠨ ᠭᠦᠢᠯᠭᠡᠭᠡᠨ ᠢᠶᠠᠷ ᠶᠠᠳᠠᠭᠤ ᠶᠢ | ᠲᠡᠳᠬᠦᠬᠦ ᠵᠢᠭᠡᠯᠡᠯᠭᠡ ᠤᠯᠭᠤᠵᠤ᠂ ᠲᠤᠰᠬᠤᠨ ᠤ ᠬᠠᠮᠲᠤ ᠶᠢᠨ ᠬᠤᠷᠰᠢᠶ᠎ᠠ ᠳᠤ ᠬᠤᠪᠢ ᠤᠷᠤᠭᠤᠯᠵᠤ᠂ ᠬᠤᠷᠰᠢᠶ᠎ᠠ ᠨᠢ | ᠳᠠᠬᠢᠨ ᠳᠠᠭᠠᠭᠤᠯᠤᠭᠴᠢ ᠠᠵᠤ ᠠᠬᠤᠢᠢᠯᠠᠯ ᠲᠠᠢ ᠬᠤᠷᠰᠢᠵᠤ ᠪᠤᠢ᠃ ᠡᠨᠡ ᠨᠢ ᠬᠤᠷᠰᠢᠶ᠎ᠠ ᠠᠴᠠ ᠲᠠᠷᠢᠶᠠᠯᠠᠬᠤ ᠡᠷᠦᠭᠡ | ᠶᠢ ᠳᠠᠭᠠᠭᠤᠯᠬᠤ᠂ ᠠᠵᠤ ᠠᠬᠤᠢᠢᠯᠠᠯ ᠠᠴᠠ ᠲᠤᠰᠬᠤᠨ ᠢ ᠳᠠᠭᠠᠭᠤᠯᠬᠤ ᠶᠢ ᠪᠠᠶᠠᠯᠡᠭᠦᠯᠪᠡ᠃ | ᠬᠠᠪᠢᠷᠭ᠎ᠠ ᠲᠤᠰᠬᠤᠨ ᠳᠤ ᠭᠦᠡᠭ ᠰᠢᠶᠤᠤ ᠰᠢᠶᠠ ᠰᠢᠬ ᠶᠠᠳᠠᠭᠤ ᠶᠢ ᠲᠡᠳᠬᠦᠬᠦ ᠳᠠᠭᠠᠭᠤᠯᠤᠭᠴᠢ ᠠᠵᠤ | ᠠᠬᠤᠢᠢᠯᠠᠯ ᠳᠤ ᠬᠤᠪᠢ ᠤᠷᠤᠭᠤᠯᠤᠭᠰᠠᠨ ᠶᠠᠳᠠᠭᠤ ᠬᠦᠴᠢᠷᠳᠡᠯᠲᠡᠢ ᠡᠷᠦᠬᠡ 6 ᠪᠠᠶᠢᠵᠤ᠂ ᠪᠦᠬᠦ ᠬᠤᠰᠢᠭᠤ ᠪᠠᠷ ᠢᠶᠠᠨ | 2947 ᠶᠠᠳᠠᠭᠤ ᠬᠦᠴᠢᠷᠳᠡᠯᠲᠡᠢ ᠡᠷᠦᠭᠡ ᠶᠢ ᠠᠵᠤ ᠦᠢᠯᠡᠰ ᠤᠨ ᠬᠡᠯᠬᠢᠶ᠎ᠠ ᠳᠤ ᠤᠷᠤᠭᠤᠯᠵᠤ᠂ ᠲᠤᠭᠲᠠᠭᠤᠨ | ᠤᠷᠤᠯᠭ᠎ᠠ ᠲᠠᠢ ᠪᠠᠶᠢᠬᠤ ᠶᠢ ᠪᠠᠳᠤᠯᠠᠭᠰᠠᠨ ᠪᠠᠶᠢᠨ᠎ᠠ᠃ | ᠤᠢᠢᠷ᠎ᠠ ᠶᠢᠨ ᠵᠢᠯ ᠠᠴᠠ ᠨᠠᠭᠠᠰᠢ᠂ ᠴᠠᠬᠠᠷ ᠪᠠᠷᠠᠭᠤᠨ ᠭᠠᠷᠤᠨ ᠡᠮᠦᠨᠠᠲᠤ ᠬᠤᠰᠢᠭᠤ ᠶᠠᠳᠠᠭᠤ ᠬᠦᠴᠢᠷᠳᠡᠯᠲᠡᠢ | ᠭᠠᠴᠠᠭ᠎ᠠ ᠲᠤᠰᠬᠤᠨ ᠳᠤ ᠲᠠᠷᠢᠶᠠᠯᠠᠩ ᠤᠨ ᠠᠵᠤ ᠦᠢᠯᠡᠰ ᠤᠨ ᠰᠢᠨ᠎ᠠ ᠬᠡᠯᠪᠡᠷᠢ ᠶᠢᠨ ᠡᠵᠡᠩᠨᠡᠯᠲᠡ ᠶᠢᠨ ᠭᠤᠤᠯ | ᠴᠤᠭᠴᠠ ᠶᠢ ᠶᠡᠭᠡ ᠪᠠᠷ ᠬᠦᠮᠦᠵᠢᠭᠦᠯᠵᠤ᠂ ︽ᠠᠵᠤ ᠠᠬᠤᠢᠢᠯᠠᠯ + ᠲᠡᠵᠢᠭᠡᠪᠤᠷᠢ ᠶᠢᠨ ᠲᠤᠮᠤ ᠡᠷᠦᠭᠡ︾᠂ ︽ᠠᠵᠤ | ᠠᠬᠤᠢᠢᠯᠠᠯ + ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠭᠡ︾ ᠵᠡᠷᠭᠡ ᠬᠦᠭᠵᠢᠯᠲᠡ ᠶᠢᠨ ᠠᠷᠭ᠎ᠠ ᠬᠡᠯᠪᠡᠷᠢ ᠶᠢ | ᠢᠳᠡᠪᠬᠢᠲᠡᠢ ᠠᠬᠢᠭᠤᠯᠵᠤ᠂ ᠵᠠᠬᠢᠶᠠᠯᠠᠭ᠎ᠠ ᠶᠢᠨ ᠬᠡᠷ᠎ᠡ ᠶᠢᠨ ᠬᠡᠯᠪᠡᠷᠢ᠂ ᠬᠤᠪᠢᠴᠠᠭ᠎ᠠ ᠪᠠᠷ ᠬᠠᠮᠲᠤᠷᠠᠨ ᠠᠵᠢᠯᠯᠠᠬᠤ | ᠬᠡᠯᠪᠡᠷᠢ᠂ ᠦᠢᠯᠡᠴᠢᠯᠡᠭᠡ ᠪᠠᠷ ᠬᠠᠮᠵᠢᠯᠴᠠᠨ ᠠᠵᠢᠯᠯᠠᠬᠤ ᠬᠡᠯᠪᠡᠷᠢ᠂ ᠵᠢᠱᠢᠶ᠎ᠠ ᠦᠵᠡᠬᠦᠯᠵᠤ ᠲᠠᠶᠢᠴᠢᠯᠠᠨ ᠲᠠᠭᠠᠭᠤᠯᠬᠤ | ᠬᠡᠯᠪᠡᠷᠢ ᠵᠡᠷᠭᠡ 4 ᠲᠦᠷᠦᠯ ᠤᠨ ᠨᠢᠭᠲᠠ ᠴᠢᠩᠭ᠎ᠠ ᠠᠰᠢᠭ ᠲᠤᠰᠠ ᠶᠢᠨ ᠬᠤᠯᠪᠤᠭᠠᠨ ᠤ ᠲᠤᠭᠲᠠᠴᠠ ᠪᠠᠷ ᠳᠠᠮᠵᠢᠨ ︽ | ᠴᠢᠰᠤ ᠶᠠᠭᠦᠯᠡᠬᠦ︾ ᠶᠢ ᠠᠬᠢᠭᠤᠯᠤᠭᠰᠠᠨ ᠮᠦᠷᠳᠡᠬᠡᠨ ᠶᠠᠳᠠᠭᠤ ᠬᠦᠴᠢᠷᠳᠡᠯᠲᠡᠢ ᠭᠠᠵᠠᠷ ᠤᠷᠤᠨ ᠤ ︽ᠴᠢᠰᠤ | ᠪᠦᠲᠦᠭᠡᠬᠦ︾ ᠴᠢᠳᠠᠪᠤᠷᠢ ᠶᠢ ᠴᠦ ᠶᠡᠬᠡᠬᠡᠨ ᠳᠡᠭᠡᠭᠰᠢᠯᠡᠭᠦᠯᠪᠡ᠃ | ᠤᠳᠤ ᠲᠤᠰ ᠬᠤᠰᠢᠭᠤᠨ ᠳᠤ ᠦᠪᠡᠷᠲᠡᠭᠡᠨ ᠵᠠᠰᠠᠬᠤ ᠤᠷᠤᠨ ᠤ ᠳᠡᠰ ᠤᠨ ᠮᠠᠯ ᠠᠵᠤ ᠠᠬᠤᠢ ᠲᠠᠷᠢᠶᠠᠯᠠᠩ | ᠤᠨ ᠠᠵᠤ ᠦᠢᠯᠡᠰᠵᠢᠯᠳᠠ ᠶᠢᠨ 5 ᠳᠠᠭᠠᠭᠤᠯᠤᠭᠴᠢ ᠠᠵᠤ ᠠᠬᠤᠢᠢᠯᠠᠯ᠂ ᠬᠤᠲᠠ ᠶᠢᠨ ᠳᠡᠰ ᠤᠨ 10 ᠠᠵᠤ | ᠠᠬᠤᠢᠢᠯᠠᠯ 10 ᠪᠠ 629 ᠬᠤᠷᠰᠢᠶ᠎ᠠ ᠲᠠᠢ ᠪᠤᠯᠤᠯ᠎ᠠ᠃ ᠡᠬᠦᠨ ᠢᠶᠠᠷ ᠲᠠᠮᠵᠢᠨ 3.9 ᠲᠦᠮᠡ ᠰᠢᠬᠠᠮ ᠮᠠᠯᠴᠢᠨ | ᠲᠠᠷᠢᠶᠠᠴᠢᠨ ᠢ ᠠᠵᠤ ᠦᠢᠯᠡᠰᠵᠢᠯᠲᠡ ᠶᠢᠨ ᠡᠵᠡᠩᠨᠡᠯᠲᠡ ᠶᠢᠨ ᠬᠡᠯᠬᠢᠶ᠎ᠡ ᠳᠤ ᠤᠷᠤᠭᠤᠯᠵᠤ᠂ ᠮᠠᠯᠴᠢᠨ ᠲᠠᠷᠢᠶᠠᠴᠢᠨ ᠤ | ᠬᠦᠮᠦᠨ ᠳᠤᠮᠳᠠᠴᠢ ᠶᠢᠨ ᠵᠢᠯ ᠤᠨ ᠴᠡᠪᠡᠷ ᠤᠷᠤᠯᠭ᠎ᠠ ᠶᠢᠨ 50% ᠭᠠᠷᠤᠢ ᠨᠢ ᠮᠠᠯ ᠠᠵᠤ ᠠᠬᠤᠢ ᠲᠠᠷᠢᠶᠠᠯᠠᠩ ᠤᠨ | ᠠᠵᠤ ᠦᠢᠯᠡᠰ ᠠᠴᠠ ᠢᠷᠡᠵᠤ ᠪᠤᠢ᠃ ᠴᠠᠬᠠᠷ ᠪᠠᠷᠠᠭᠤᠨ ᠭᠠᠷᠤᠨ ᠡᠮᠦᠨᠡᠲᠤ ᠬᠤᠰᠢᠭᠤ ᠪᠤᠯ ᠮᠠᠨ ᠤ ᠤᠷᠤᠨ ᠤ ᠠᠵᠤ | ᠦᠢᠯᠡᠰ ᠢᠶᠠᠷ ᠶᠠᠳᠠᠭᠤ ᠶᠢ ᠲᠡᠳᠭᠦᠵᠤ ᠪᠠᠶᠢᠭ᠎ᠠ ᠨᠢᠬᠡᠨ ᠬᠤᠷᠢᠶᠠᠩᠭᠤᠢ ᠲᠤᠰᠬᠠᠯ ᠶᠤᠮᠰᠠᠨ᠃ | ᠦᠡᠭᠭᠡᠷᠡᠭᠰᠡᠨ ᠨᠢᠭᠡ ᠵᠢᠯ ᠤᠨ ᠲᠤᠷᠰᠢ᠂ ᠪᠦᠬᠦ ᠤᠷᠤᠨ ᠤ ᠡᠯ᠎ᠡ ᠭᠠᠵᠠᠷ ᠤᠨ ᠬᠢᠨ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠶᠢ ᠶᠠᠳᠠᠭᠤ ᠬᠦᠴᠢᠷᠳᠡᠯᠲᠡᠢ ᠮᠠᠯᠴᠢᠨ ᠲᠡᠷᠢᠶᠠᠴᠢᠨ ᠤ ᠶᠠᠳᠠᠭᠤ ᠠᠴᠠ ᠠᠩᠭᠢᠵᠢᠷᠠᠨ ᠪᠠᠶᠠᠵᠢᠨ | ᠴᠢᠨᠡᠭᠡᠯᠢᠭᠵᠢᠬᠦ ᠦᠨᠳᠦᠰᠦᠨ ᠠᠷᠭ᠎ᠠ ᠪᠤᠳᠤᠯᠭ᠎ᠠ ᠪᠠ ᠭᠤᠤᠯᠳᠠᠯᠭ᠎ᠠ ᠶᠢᠨ ᠳᠤᠲᠤᠷᠠᠬᠢ ᠭᠤᠤᠯᠳᠠᠯᠭ᠎ᠠ ᠪᠤᠯᠭᠠᠨ | ᠠᠳᠬᠤᠵᠤ᠂ ᠠᠰᠢᠭ ᠲᠤᠰᠠ ᠶᠢᠨ ᠬᠤᠯᠪᠤᠭᠠᠨ ᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠬᠦᠯᠵᠤ᠂ ᠨᠡᠩ ᠤᠯᠠᠨ | ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠢ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ | ᠬᠡᠯᠬᠢᠶ᠎ᠠ ᠳᠤ ᠤᠷᠤᠭᠤᠯᠵᠤ᠂ ᠠᠵᠤ ᠦᠢᠯᠡᠰ ᠤᠨ ᠠᠰᠢᠭ ᠤᠷᠤᠯᠭ᠎ᠠ ᠶᠢ ᠬᠠᠮᠲᠤ ᠪᠠᠷ ᠡᠳ᠋ᠯᠡᠨ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠳᠠᠶᠢᠯᠠᠯᠳᠤᠭᠠᠨ ᠤ ᠢᠯᠠᠯᠲᠠ ᠶᠢ ᠤᠯᠬᠤ ᠪᠦᠲᠦᠮᠵᠢᠲᠡᠢ ᠠᠷᠭ᠎ᠠ ᠵᠠᠮ ᠪᠤᠯᠤᠭᠰᠠᠨ | ᠪᠢᠯᠡ᠃ | ᠢᠳᠡᠭᠡᠯ ᠵᠤᠷᠢᠭ ᠢ ᠲᠡᠳᠭᠦᠭᠦ ᠬᠢᠭᠡᠳ ᠤᠶᠤᠨ ᠤᠬᠠᠭᠠᠨ ᠢ ᠲᠡᠳᠭᠦᠭᠦ ᠶᠢ ᠬᠠᠷᠢᠯᠴᠠᠨ ᠤᠶᠠᠯᠳᠤᠭᠤᠯᠵᠤ | ᠶᠠᠳᠠᠭᠤ ᠠᠴᠠ ᠠᠩᠭᠢᠵᠢᠷᠠᠭᠤᠯᠬᠤ ᠲᠤᠳᠤᠭᠠᠳᠤ ᠬᠦᠳᠡᠯᠭᠡᠭᠦ ᠬᠦᠴᠦᠨ ᠢ ᠭᠦᠭᠵᠢᠭᠡᠯᠠ | ᠤᠯᠠᠭᠠᠨᠬᠤᠳᠠ ᠶᠢᠨ ︽ᠬᠤᠪᠢ ᠴᠤᠬᠯᠠᠭᠤᠯᠬᠤ︾ ᠠᠵᠢᠯᠯᠠᠭ᠎ᠠ ᠨᠢ ᠶᠠᠳᠠᠭᠤ ᠬᠦᠴᠢᠷᠳᠡᠯᠳᠡᠢ ᠡᠷᠦᠭᠡ ᠶᠢᠨ | ᠡᠷᠴᠢ ᠬᠦᠴᠦᠨ ᠢ ᠬᠦᠪᠴᠢᠯᠡᠭᠰᠠᠭᠡᠷ ᠢᠷᠡᠵᠡᠢ᠃ | 2018 ᠣᠨ ᠤ ᠡᠬᠢ ᠪᠠᠷ ᠤᠯᠠᠭᠠᠨᠬᠤᠳᠠ ᠶᠢᠨ 17 ᠭᠠᠴᠠᠭ᠎ᠠ ᠲᠤᠰᠬᠤᠨ ︽ᠬᠤᠪᠢ ᠴᠤᠬᠯᠠᠭᠤᠯᠬᠤ | ᠲᠦᠷᠢᠮ︾ ᠤᠨ ᠬᠢᠨᠠᠨ ᠰᠢᠯᠭᠠᠬᠤ ᠵᠠᠬᠪᠤᠷ ᠢ ᠲᠤᠷᠰᠢᠨ ᠬᠡᠷᠡᠭᠵᠢᠬᠦᠯᠪᠡ᠃ ᠡᠨᠡ ᠬᠦ ᠲᠦᠷᠢᠮ ᠳᠤ ᠬᠦᠳᠡᠯᠮᠦᠷᠢᠯᠡᠬᠦ | ᠴᠢᠳᠠᠪᠤᠷᠢ ᠲᠠᠢ ᠪᠠ ᠬᠦᠳᠡᠯᠮᠦᠷᠢᠯᠡᠬᠦ ᠴᠢᠳᠠᠪᠤᠷᠢ ᠦᠭᠡᠢ ᠬᠡᠵᠤ ᠬᠤᠶᠠᠷ ᠶᠡᠭᠡ ᠲᠦᠷᠦᠯ ᠬᠤᠪᠢᠶᠠᠵᠤ᠂ ᠬᠤᠪᠢ | ᠴᠤᠬᠯᠠᠭᠤᠯᠬᠤ ᠠᠭᠤᠯᠭ᠎ᠠ ᠶᠢ ᠨᠢ ᠠᠵᠤ ᠦᠢᠯᠡᠰ ᠤᠨ ᠭᠦᠭᠵᠢᠯᠳᠠ᠂ ᠡᠶ᠎ᠡ ᠨᠠᠶᠢᠷᠳᠠᠢ ᠭᠡᠷ ᠪᠦᠯᠢ᠂ ᠨᠡᠶᠢᠳᠡ ᠶᠢᠨ | ᠠᠰᠠᠷᠠᠮᠵᠢ ᠶᠢᠨ ᠰᠠᠶᠢᠨ ᠰᠤᠷᠳᠠᠯ᠂ ᠰᠢᠶᠠᠩ ᠲᠤᠰᠬᠤᠨ ᠤ ᠪᠦᠳᠦᠭᠡᠨ ᠪᠠᠶᠢᠭᠤᠯᠤᠯᠳᠠ᠂ ᠭᠦᠭᠢᠭᠦᠯᠬᠦ ᠪᠠ | ᠲᠤᠷᠭᠤᠭᠠᠬᠤ ᠵᠡᠷᠭᠡ ᠬᠡᠳᠦᠨ ᠶᠡᠭᠡ ᠲᠦᠷᠦᠯ ᠢᠶᠠᠷ ᠨᠠᠷᠢᠯᠢᠭᠵᠢᠭᠤᠯᠪᠠ᠃ ᠶᠠᠳᠠᠭᠤ ᠬᠦᠴᠢᠷᠳᠡᠯᠳᠡᠢ ᠡᠷᠦᠭᠡ ᠪᠦᠷᠢ ᠵᠢᠯ | ᠪᠤᠯᠭᠠᠨ ᠬᠠᠮᠤᠭ ᠤᠨ ᠠᠷᠪᠢᠨ ᠳᠠᠭᠠᠨ 1000 ᠬᠤᠪᠢ ᠴᠤᠬᠯᠠᠭᠤᠯᠵᠤ᠂ 1 ᠬᠤᠪᠢ ᠨᠢ 1 ᠲᠦᠭᠦᠷᠢᠭ ᠲᠠᠢ | ᠲᠡᠩᠴᠡᠵᠦ᠂ ᠴᠤᠬᠯᠠᠭᠤᠯᠤᠬᠰᠠᠨ ᠬᠤᠪᠢ ᠪᠠᠷ ᠭᠠᠴᠠᠭ᠎ᠠ ᠲᠤᠰᠬᠤᠨ ᠤ ᠪᠠᠨ ᠬᠠᠶᠢᠷ᠎ᠠ ᠬᠠᠯᠠᠮᠵᠢ ᠶᠢᠨ ᠬᠠᠮ ᠲᠡᠯᠭᠡᠭᠦᠷ | ᠪᠤᠶᠤ ᠡᠷᠡᠬᠦᠯ ᠬᠠᠮᠠᠭᠠᠯᠠᠯ ᠤᠨ ᠲᠠᠰᠤᠭ ᠠᠴᠠ ᠡᠳ᠋ ᠪᠠᠷᠠᠭ᠎ᠠ ᠰᠤᠯᠢᠨ ᠠᠪᠴᠦ ᠪᠤᠯᠤᠨ᠎ᠠ᠃ ᠡᠬᠦᠨ ᠳᠤ ᠪᠦᠬᠦ ᠪᠡᠯᠡ | ᠮᠦᠡᠭᠭᠦ ᠶᠢ ᠵᠠᠰᠠᠭ ᠤᠨ ᠤᠷᠳᠤᠨ ᠠᠴᠠ ᠲᠠᠭᠠᠭᠠᠴᠢᠯᠠᠵᠠᠢ᠃ ᠬᠡᠷᠪᠡ ᠰᠠᠨᠠᠭᠠᠴᠢᠯᠠᠭ᠎ᠠ ᠠᠴᠠ ᠪᠠᠨ ᠦᠢᠯᠡᠳᠪᠤᠷᠢᠯᠠᠯ ᠢ | ᠭᠦᠭᠵᠢᠬᠦᠯᠬᠦ ᠦᠭᠡᠢ ᠪᠤᠯ ᠬᠤᠪᠢ ᠬᠠᠰᠤᠨ᠎ᠠ᠃ ᠵᠢᠯ ᠤᠨ ᠰᠡᠬᠦᠯᠴᠢ ᠳᠤ ᠦᠨᠳᠦᠷ ᠬᠤᠪᠢ ᠤᠯᠤᠬᠰᠠᠨ ᠶᠠᠳᠠᠭᠤ | ᠬᠦᠴᠢᠷᠳᠡᠯᠳᠡᠢ ᠡᠷᠦᠭᠡ ᠶᠢ ︽ᠬᠤᠪᠢ ᠴᠤᠬᠯᠠᠭᠤᠯᠤᠭᠰᠠᠨ ᠴᠢᠳᠠᠪᠤᠷᠢᠳᠠᠨ︾ ᠶᠢᠡᠷ ᠦᠨᠡᠯᠡᠵᠦ᠂ ᠬᠦᠬᠢᠬᠦᠯᠦᠯ ᠤᠨ | ᠡᠳ᠋ ᠪᠤᠳᠠᠰ ᠭᠠᠷᠳᠠᠭᠤᠯᠳᠠᠭ ᠠᠵᠢ᠃ | ᠵᠢᠵᠢᠭᠭᠡᠨ ᠬᠤᠪᠢ ᠴᠤᠬᠯᠠᠭᠤᠯᠬᠤ ᠺᠠᠷᠲ ᠢᠶᠠᠷ ᠲᠠᠮᠵᠢᠨ ᠰᠠᠨᠠᠭᠠᠴᠢᠯᠠᠭ᠎ᠠ ᠠᠴᠠ ᠪᠠᠨ ᠶᠠᠳᠠᠭᠤ ᠠᠴᠠ | ᠠᠩᠭᠢᠵᠢᠷᠠᠬᠤ ᠪᠠ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠳᠤ ᠤᠷᠤᠯᠴᠠᠵᠤ᠂ ᠴᠢᠨᠠᠬᠰᠢᠳᠠ ᠶᠠᠳᠠᠭᠤ | ᠬᠦᠴᠢᠷᠳᠡᠯᠳᠡᠢ ᠡᠷᠦᠬᠡ ᠶᠢᠨ ︽ᠴᠢᠨᠡᠭᠡᠯᠢᠭ ᠢᠶᠠᠨ ᠬᠠᠷᠢᠴᠠᠭᠤᠯᠬᠤ᠂ ᠡᠶ᠎ᠡ ᠵᠤᠬᠢᠴᠠᠩᠭᠤᠢ ᠪᠠᠨ ᠬᠠᠷᠢᠴᠠᠭᠤᠯᠬᠤ᠂ | ᠰᠠᠶᠢᠨ ᠰᠤᠷᠳᠠᠯ ᠢᠶᠠᠨ ᠬᠠᠷᠢᠴᠠᠭᠤᠯᠬᠤ᠂ ᠤᠷᠴᠢᠨ ᠲᠤᠭᠤᠷᠢᠨ ᠢᠶᠠᠨ ᠬᠠᠷᠢᠴᠠᠭᠤᠯᠬᠤ︾ ᠬᠠᠯᠠᠭᠤᠨ ᠰᠡᠳᠬᠢᠯ ᠢ | ᠲᠠᠶᠢᠴᠢᠯᠠᠨ ᠤᠷᠮᠠᠰᠢᠭᠤᠯᠤᠭᠰᠠᠨ ᠪᠠᠶᠢᠨ᠎ᠠ᠃ | ᠬᠡᠬᠡᠨ ᠰᠦᠮ᠎ᠠ ᠪᠠᠯᠭᠠᠰᠤ ᠶᠢᠨ ᠪᠠᠶᠠᠨᠳᠠᠯ᠎ᠠ ᠭᠠᠴᠠᠭᠠᠨ ᠤ ᠱᠢ ᠶᠦᠡᠭ ᠱᠸᠡᠭ ᠤᠨ ᠬᠢᠨ ᠤᠤᠯ ᠳᠤ ᠪᠠᠨ | ᠠᠵᠢᠯ ᠳᠤ ᠬᠤᠶᠢᠷᠭᠤᠰᠢᠨ ᠬᠡᠷ ᠬᠦᠷᠢᠶ᠎ᠠ ᠨᠢ ᠴᠦ ᠡᠷᠦᠢ ᠬᠤᠷᠤᠢ ᠦᠬᠡᠢ ᠪᠠᠶᠢᠪᠠ᠃ ︽ᠬᠤᠪᠢ ᠴᠤᠬᠯᠠᠭᠤᠯᠬᠤ︾ | ᠠᠵᠢᠯᠯᠠᠭ᠎ᠠ ᠶᠢ ᠦᠷᠨᠢᠬᠦᠯᠦᠭᠰᠡᠨ ᠠᠴᠠ ᠨᠠᠭᠠᠰᠢ᠂ ᠲᠡᠷᠡ ᠠᠵᠢᠯᠴᠢ ᠬᠦᠳᠡᠯᠮᠦᠷᠢᠴᠢ ᠪᠤᠯᠵᠤ᠂ ᠭᠡᠷ ᠬᠦᠷᠢᠶ᠎ᠠ ᠨᠢ | ᠴᠡᠪᠡᠷ ᠴᠡᠮᠴᠡᠭᠡᠷ ᠪᠤᠯᠤᠬᠰᠠᠠ ᠢᠶᠠᠷ ᠪᠠᠷᠠᠬᠤ ᠦᠭᠡᠢ ᠲᠠᠷᠢᠶᠠᠨ ᠭᠠᠵᠠᠷ ᠢᠶᠠᠨ ᠴᠤ ᠰᠠᠶᠢᠬᠠᠨᠨ ᠲᠤᠳᠤᠮᠳᠡᠵᠦ᠂ | ᠲᠤᠰᠬᠤᠨ ᠤ ᠠᠯᠪᠠᠨ ᠵᠢᠷᠤᠮ ᠤᠨ ᠬᠦᠳᠡᠯᠮᠦᠷᠢ ᠳᠤ ᠪᠤᠰᠤᠳ ᠤᠨ ᠡᠮᠦᠨ᠎ᠠ ᠬᠦᠶ᠋ᠶᠦᠬᠦ ᠪᠤᠯᠪᠠ᠃ ᠨᠢᠳᠤᠨᠤᠨ ᠲᠡᠷᠡ | 543 ᠬᠤᠪᠢ ᠴᠤᠬᠯᠠᠭᠤᠯᠵᠤ᠂ ᠭᠠᠴᠠᠭᠠᠨ ᠤ ᠪᠠᠨ ᠬᠤᠪᠢ ᠴᠤᠬᠯᠠᠭᠤᠯᠬᠤ ᠰᠢᠯᠭᠠᠷᠠᠭᠤᠯᠤᠯᠳᠠ ᠳᠤ ︽ᠬᠤᠪᠢ | ᠴᠤᠬᠯᠠᠭᠤᠯᠤᠭᠰᠠᠨ ᠴᠢᠳᠠᠪᠤᠷᠢᠳᠠᠨ︾ ᠢᠶᠠᠷ ᠦᠨᠡᠯᠡᠭᠳᠡᠪᠡ᠃ | ︽ᠪᠢ ᠦᠴᠦᠭᠡᠳᠦᠷ ᠴᠤᠬᠯᠠᠭᠤᠯᠤᠬᠰᠠᠨ ᠬᠤᠪᠢ ᠪᠠᠨ ᠬᠡᠷᠡᠭᠯᠡᠵᠦ ᠬᠠᠶᠢᠷ᠎ᠠ ᠬᠠᠯᠠᠮᠵᠢ ᠶᠢᠨ ᠬᠠᠮ | ᠲᠡᠯᠭᠡᠭᠦᠷ ᠠᠴᠠ ᠡᠳᠤᠷ ᠲᠤᠳᠤᠮ ᠤᠨ ᠡᠳ᠋ ᠪᠤᠳᠠᠰ ᠰᠤᠯᠢᠬᠰᠠᠨ ᠶᠤᠮ︾ ᠭᠡᠵᠦ ᠱᠢ ᠶᠦᠡᠭ ᠱᠸᠡᠭ | ᠰᠤᠷᠪᠤᠯᠵᠢᠯᠠᠬᠴᠢ ᠳᠤ ᠭᠡᠯᠡᠨ᠎ᠠ᠃ ᠲᠠᠷᠠ᠄ ︽ᠡᠨᠡ ᠵᠢᠯ ᠮᠦᠨ ᠬᠦ ᠮᠠᠩᠯᠠᠶᠢᠯᠠᠬᠤ ᠪᠠᠷ ᠴᠢᠷᠮᠠᠶᠢᠨ᠎ᠠ᠂ ᠡᠨᠡ ᠨᠢ | ᠵᠦᠪᠭᠡᠨ ᠡᠳ᠋ ᠪᠤᠳᠠᠰ ᠰᠤᠯᠢᠬᠤ ᠶᠢᠨ ᠲᠡᠳᠦᠢ ᠪᠢᠰᠢ᠂ ᠨᠠᠩ ᠴᠢᠬᠤᠯᠠ ᠨᠢ ᠦᠪᠡᠷ ᠤᠨ ᠴᠢᠳᠠᠯ ᠬᠦᠴᠤᠨ ᠢᠶᠠᠨ | ᠰᠢᠯᠭᠠᠬᠤ ᠳᠤ ᠪᠤᠢ︾ ᠭᠡᠯ᠎ᠠ᠃ | ᠵᠢᠯ ᠰᠢᠬᠠᠮ ᠦᠩᠬᠡᠷᠡᠴᠢᠬᠡᠯᠠ᠂ ᠤᠯᠠᠭᠠᠨᠬᠤᠳᠠ ᠶᠢᠨ ᠡᠳᠡᠭᠡᠷ 17 ᠭᠠᠴᠠᠭ᠎ᠠ ᠲᠤᠰᠬᠤᠨ ᠳᠤ ᠲᠠᠬᠢᠨᠳᠠ | ᠬᠦᠷᠬᠦ ᠳᠤ ᠰᠢᠨ᠎ᠠ ᠭᠡᠷ ᠬᠠᠭᠤᠴᠢᠨ ᠰᠠᠭᠤᠴᠠ ᠨᠢ ᠪᠦᠷ ᠴᠡᠪᠡᠷ ᠴᠡᠮᠴᠡᠭᠡᠷ᠂ ᠬᠦᠷᠰᠢ ᠵᠡᠷᠭᠡᠯᠡᠳᠡᠭᠡ ᠪᠠᠷ ᠢᠶᠠᠨ ᠡᠶ᠎ᠡ | ᠨᠠᠶᠢᠷᠳᠠᠢ ᠶᠠᠪᠤᠯᠴᠠᠵᠠᠭᠠᠨᠠ᠃ ᠶᠠᠳᠠᠭᠤ ᠬᠦᠴᠢᠷᠳᠡᠯᠳᠡᠢ ᠡᠷᠦᠭᠡ ᠶᠢᠨ ᠬᠢᠨ ᠬᠠᠷᠢᠯᠴᠠᠨ ᠮᠦᠷᠦ᠋ᠢᠴᠡᠨ ᠶᠠᠳᠠᠭᠤ ᠠᠴᠠ | ᠠᠩᠭᠢᠵᠢᠷᠠᠬᠤ ᠪᠠᠷ ᠴᠢᠷᠮᠠᠶᠢᠵᠤ᠂ ᠬᠦᠮᠦᠨ ᠪᠦᠬᠦᠨ ᠤᠷᠮ᠎ᠠ ᠵᠤᠷᠢᠭ ᠪᠠᠳᠠᠷᠠᠨ᠎ᠠ᠃ | ᠤᠯᠠᠭᠠᠠᠨᠬᠳᠠ ᠪᠠᠯᠭᠠᠰᠤ ᠶᠢᠨ ᠶᠤᠯᠦ ᠭᠠᠴᠠᠭ᠎ᠠ ᠶᠢᠨ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠳᠡᠢ | ᠡᠷᠦᠭᠡ ᠶᠢᠨ ᠬᠤᠪᠢ ᠴᠤᠬᠯᠠᠭᠤᠯᠬᠤ ᠵᠠᠷᠯᠠᠯ ᠳᠤ᠂ ᠭᠡᠷ ᠲᠤ ᠪᠠᠨ 8 ᠠᠬ᠎ᠠ ᠡᠬᠡᠴᠢ ᠲᠡᠭᠦᠦ ᠲᠠᠢ ᠶᠠᠳᠠᠭᠤ | ᠬᠦᠴᠢᠷᠳᠡᠯᠳᠡᠢ ᠡᠷᠦᠬᠡ ᠯᠢᠤ ᠭᠦᠸᠧ ᠵᠦ ᠶᠢᠨ ᠬᠢᠨ ᠡᠶ᠎ᠡ ᠵᠤᠬᠢᠴᠠᠩᠭᠤᠢ ᠭᠡᠷ ᠪᠦᠯᠢ ᠶᠢᠨ ᠶᠡᠷᠦᠩᠭᠡᠢ ᠬᠤᠪᠢ ᠶᠢᠨ | ᠨᠢᠭᠡᠳᠦᠭᠡᠷ ᠲᠤ ᠵᠢᠬᠰᠠᠭᠠᠬᠳᠠᠪᠠ᠃ ᠬᠦᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠳᠡᠢ ᠡᠷᠦᠭᠡ ᠶᠢᠨ ᠬᠤᠪᠢ | ᠴᠤᠬᠯᠠᠭᠤᠯᠬᠤ ᠵᠠᠷᠯᠠᠯ ᠳᠤ᠂ 67 ᠨᠠᠰᠤᠳᠠᠢ ᠶᠠᠳᠠᠭᠤ ᠬᠦᠴᠢᠷᠳᠡᠯᠳᠡᠢ ᠡᠷᠦᠭᠡ ᠮᠠ ᠭᠦᠸᠧ ᠼᠠᠢ ᠭᠠᠭ᠋ᠠᠢ | ᠭᠠᠯᠠᠭᠤ ᠪᠠᠨ ᠰᠠᠶᠢᠳᠤᠷ ᠲᠡᠵᠢᠭᠡᠭᠰᠡᠨ ᠢᠶᠠᠷ ᠪᠠᠷᠠᠬᠤ ᠦᠭᠡᠢ ᠬᠦᠷᠢᠶ᠎ᠠ ᠬᠠᠰᠢᠶ᠎ᠠ ᠶᠢᠨ ᠠᠵᠤ ᠠᠬᠤᠢ ᠶᠢ ᠢᠳᠡᠪᠬᠢᠳᠡᠢ | ᠭᠦᠭᠵᠢᠬᠦᠯᠵᠦ᠂ ᠨᠢᠳᠤᠨᠤᠨ 956 ᠬᠤᠪᠢ ᠤᠯᠵᠤ᠂ ᠭᠠᠴᠠᠭ᠎ᠠ ᠶᠢᠨ ᠢᠶᠠᠨ ᠶᠠᠳᠠᠭᠤ ᠠᠴᠠ ᠠᠩᠭᠢᠵᠢᠷᠠᠵᠤ | ᠴᠢᠨᠠᠭᠡᠯᠢᠭᠵᠢᠭᠰᠡᠨ ᠴᠢᠳᠠᠪᠤᠷᠢᠳᠠᠨ ᠪᠤᠯᠪᠠ ᠭᠡᠵᠤ ᠲᠤᠳᠤᠷᠠᠭᠤᠯᠤᠬᠰᠠᠨ ᠪᠢᠴᠢᠬᠡᠰᠤᠳᠠᠢ ᠪᠠᠶᠢᠯ᠎ᠠ᠃ | ᠢᠳᠡᠭᠡᠯ ᠵᠤᠷᠢᠭ ᠢ ᠲᠡᠳᠭᠦᠵᠤ ᠤᠷᠮ᠎ᠠ ᠵᠤᠷᠢᠭ ᠢ ᠲᠠᠬᠡᠭᠰᠢᠯᠡᠬᠦᠯᠬᠦ ᠨᠢ ᠲᠤᠬᠠᠢ ᠶᠢᠨ ᠭᠠᠵᠠᠷ ᠤᠨ ᠶᠠᠳᠠᠭᠤ | ᠬᠦᠴᠢᠷᠳᠡᠯᠳᠡᠢ ᠡᠷᠦᠭᠡ ᠶᠢᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠬᠦᠰᠡᠯ ᠬᠦᠬᠡᠬᠡᠴᠡᠯᠳᠦᠯ ᠪᠠ ᠡᠷᠴᠢ | ᠬᠦᠴᠦᠨ ᠢ ᠤᠷᠢᠳ ᠭᠠᠷᠤᠭ᠎ᠠ ᠦᠬᠡᠢ ᠬᠦᠪᠴᠢᠯᠠᠪᠠ᠃ 2018 ᠣᠨ ᠤ ᠰᠡᠬᠦᠯᠴᠢ ᠪᠤᠯᠳᠠᠯ᠎ᠠ᠂ | ᠤᠯᠠᠭᠠᠨᠬᠤᠳᠠ ᠶᠢᠨ 17 ᠭᠠᠴᠠᠭ᠎ᠠ ᠶᠢᠨ 1228 ᠶᠠᠳᠠᠭᠤ ᠬᠦᠴᠢᠷᠳᠡᠯᠳᠡᠢ ᠡᠷᠦᠭᠡ ᠶᠢᠨ ᠬᠢᠨ ᠨᠡᠶᠢᠳᠡ 357030 | ᠬᠤᠪᠢ ᠰᠤᠯᠢᠵᠤ ᠠᠪᠤᠭᠰᠠᠨ ᠪᠠᠶᠢᠨ᠎ᠠ᠃ ︽ᠬᠤᠪᠢ ᠴᠤᠬᠯᠠᠭᠤᠯᠬᠤ ᠲᠦᠷᠢᠮ︾ ᠨᠢ ᠶᠠᠳᠠᠭᠤ ᠠᠴᠠ | ᠠᠩᠭᠢᠵᠢᠷᠠᠭᠤᠯᠵᠤ ᠰᠢᠪᠲᠤᠯᠤᠯᠲᠠ ᠶᠢᠨ ᠲᠠᠶᠢᠯᠠᠯᠳᠤᠭᠠᠨ ᠳᠤ ᠬᠦᠴᠦᠷᠭᠡᠭ ᠬᠦᠴᠦᠨ ᠤᠯᠭᠤᠪᠠ᠃ | ᠡᠭᠦᠨ ᠤ ᠬᠠᠮᠳᠤ᠂ ᠤᠯᠠᠭᠠᠨᠬᠤᠳᠠ ᠪᠠᠰᠠ ᠤᠶᠤᠨ ᠤᠬᠠᠭᠠᠨ ᠢ ᠲᠡᠳᠭᠦᠵᠦ ᠡᠷᠳᠡᠮ ᠴᠢᠳᠠᠪᠤᠷᠢ ᠶᠢ | ᠲᠡᠭᠡᠭᠰᠢᠯᠡᠬᠦᠯᠬᠦ ᠠᠴᠠ ᠭᠠᠷᠳᠠᠨ ᠶᠠᠳᠠᠭᠤ ᠬᠦᠴᠢᠷᠳᠡᠯᠳᠡᠢ ᠡᠷᠦᠭᠡ ᠶᠢᠨ ᠬᠢᠨ ᠳᠤ ᠶᠠᠳᠠᠭᠤ ᠠᠴᠠ ᠠᠩᠭᠢᠵᠢᠷᠠᠨ | ᠴᠢᠨᠡᠭᠡᠯᠢᠭᠵᠢᠬᠦ ᠴᠢᠳᠠᠪᠤᠷᠢ᠂ ᠲᠠᠪᠴᠠᠩ ᠪᠤᠯᠤᠨ ᠠᠷᠭ᠎ᠠ ᠵᠠᠮ ᠢ ᠦᠷᠭᠡᠳᠭᠡᠵᠦ ᠦᠭᠪᠡ᠃ 2018 ᠣᠨ ᠳᠤ᠂ | ᠤᠯᠠᠭᠠᠠᠬᠤᠳᠠ ᠶᠢᠨ ᠬᠢᠨ ᠰᠦᠯᠵᠢᠶ᠎ᠠ ᠪᠠᠷ ᠤᠶᠤᠨ ᠤᠬᠠᠭᠠᠨ ᠢ ᠲᠡᠳᠭᠦᠭᠦ᠂ ᠠᠵᠢᠯ ᠤᠯᠭᠤᠯᠳᠠ ᠪᠠᠷ ᠤᠶᠤᠨ | ᠤᠬᠠᠭᠠᠨ ᠢ ᠲᠡᠳᠭᠦᠭᠦ᠂ ᠠᠵᠤ ᠦᠢᠯᠡᠰ ᠢᠶᠠᠷ ᠤᠶᠤᠨ ᠤᠬᠠᠭᠠᠨ ᠢ ᠲᠡᠳᠭᠦᠭᠦ᠂ ᠰᠤᠷᠭᠠᠨ ᠬᠦᠮᠦᠵᠢᠯ ᠢᠶᠠᠷ ᠤᠶᠤᠨ | ᠤᠬᠠᠭᠠᠨ ᠢ ᠲᠡᠳᠭᠦᠭᠦ᠂ ᠲᠠᠷᠢᠶᠠᠴᠢᠨ ᠤ ᠬᠡᠪ ᠪᠤᠯᠪᠠᠰᠤᠷᠠᠯ ᠢ ᠲᠡᠭᠡᠭᠰᠢᠯᠡᠬᠦᠯᠬᠦ ᠵᠡᠷᠭᠡ 5 ᠲᠠᠯ᠎ᠠ ᠠᠴᠠ ᠭᠠᠷᠳᠠᠨ ᠪᠦᠬᠦ | ᠬᠤᠳᠠ ᠶᠢᠨ ᠵᠠᠰᠠᠬ ᠵᠠᠬᠢᠷᠭᠠᠨ ᠤ ᠤᠷᠤᠨ ᠲᠤᠭᠤᠷᠢᠭ ᠲᠤ ᠴᠦᠮ ᠬᠡᠷᠡᠯᠯᠢᠭ ᠤᠳᠠᠰᠤ ᠲᠠᠳᠠᠵᠤ᠂ ᠶᠡᠳᠠᠭᠤ | ᠬᠦᠴᠢᠷᠳᠡᠯᠳᠡᠢ ᠡᠷᠦᠬᠡ ᠳᠤ ᠦᠨ᠎ᠠ ᠲᠦᠯᠦᠪᠤᠷᠢ ᠦᠭᠡᠢ ᠪᠠᠷ ᠬᠡᠷᠡᠭᠯᠡᠬᠦᠯᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠪᠠ᠃ ᠮᠠᠯᠴᠢᠨ ᠲᠠᠷᠢᠶᠠᠴᠢᠨ ᠤ ᠦᠵᠡᠯ ᠰᠠᠨᠠᠭ᠎ᠠ ᠬᠡᠪ ᠪᠤᠯᠪᠠᠰᠤᠷᠠᠯ ᠢ ᠲᠡᠭᠡᠭᠰᠢᠯᠡᠬᠦᠯᠬᠦ | ᠲᠤᠭᠤᠷᠢᠨ ᠳᠤ ︽ᠪᠤᠯᠪᠠᠰᠤᠨ ᠢ ᠡᠷᠬᠢᠮᠯᠡᠵᠦ᠂ ᠪᠤᠯᠬᠢᠰᠤᠷᠳᠠᠯ ᠢ ᠲᠡᠪᠴᠢᠵᠦ᠂ ᠰᠢᠨ᠎ᠠ ᠰᠤᠷᠳᠠᠯ ᠢ ᠪᠤᠢ ᠪᠤᠯᠭᠠᠬᠤ︾ | ᠰᠢᠷᠢᠰ ᠲᠤᠭᠤᠷᠢᠨ ᠤᠬᠠᠭᠤᠯᠵᠦ ᠲᠠᠶᠢᠯᠪᠤᠷᠢᠯᠠᠬᠤ ᠠᠵᠢᠯᠯᠠᠭ᠎ᠠ ᠶᠢ 130 ᠭᠠᠷᠤᠢ ᠲᠠᠯᠠᠪᠠᠢ ᠤᠳᠠᠭ᠎ᠠ ᠦᠷᠨᠢᠬᠦᠯᠵᠦ᠂ | ︽ᠰᠠᠶᠢᠨ ᠭᠡᠷ ᠤᠨ ᠰᠤᠷᠳᠠᠯ᠂ ᠰᠠᠶᠢᠨ ᠭᠡᠷ ᠤᠨ ᠰᠤᠷᠭᠠᠯ︾ ᠲᠤᠭᠤᠷᠢᠨ ᠲᠠᠶᠢᠯᠪᠤᠷᠢᠯᠠᠬᠤ ᠠᠵᠢᠯᠯᠠᠭ᠎ᠠ ᠶᠢ 55 | ᠲᠠᠯᠠᠪᠠᠢ ᠦᠷᠨᠢᠭᠦᠯᠪᠡ᠃ | ᠡᠨᠡ ᠬᠦ ︽ᠬᠤᠶᠠᠷ ᠢ ᠲᠡᠳᠭᠦᠵᠦ ᠬᠤᠶᠠᠷ ᠢ ᠲᠡᠭᠡᠭᠰᠢᠯᠡᠬᠦᠯᠬᠦ︾ ᠠᠷᠭ᠎ᠠ ᠬᠡᠮᠵᠢᠶ᠎ᠠ ᠨᠢ ᠬᠠᠪᠰᠤᠷᠤᠨ ᠲᠡᠳᠭᠦᠭᠦ | ᠪᠠ ᠶᠠᠳᠠᠭᠤ ᠠᠴᠠ ᠪᠠᠨ ᠠᠩᠭᠢᠵᠢᠷᠠᠬᠤ ᠶᠢ ᠬᠠᠷᠢᠯᠴᠠᠨ ᠨᠦᠯᠦᠭᠡᠯᠡᠵᠦ ᠬᠠᠷᠢᠯᠴᠠᠨ ᠠᠬᠢᠭᠤᠯᠬᠤ ᠶᠢ ᠪᠡᠶᠡᠯᠡᠬᠦᠯᠪᠡ᠃ | ᠶᠠᠳᠠᠭᠤ ᠶᠢ ᠲᠡᠳᠭᠦᠭᠦ ᠳᠤ ᠤᠷᠢᠳ ᠢᠶᠠᠷ ᠢᠳᠡᠭᠡᠯᠵᠤᠷᠢᠭ ᠢ ᠲᠡᠳᠭᠦᠵᠤ᠂ ᠶᠠᠳᠠᠭᠤ ᠠᠴᠠ ᠠᠩᠭᠢᠵᠢᠷᠠᠬᠤ ᠳᠤ | ᠤᠷᠢᠳ ᠢᠶᠠᠷ ᠰᠢᠷᠭᠠᠭᠤ ᠬᠠᠳᠠᠭᠤᠵᠢᠯᠳᠠᠢ ᠠᠵᠢᠯᠯᠠᠬᠤ ᠶᠢ ᠡᠷᠬᠢᠮᠯᠡᠨ᠎ᠠ᠃ ᠨᠢᠭᠡ ᠵᠢᠯ ᠤᠨ ᠲᠤᠷᠰᠢ᠂ ᠤᠯᠠᠭᠠᠠᠬᠤᠳᠠ | ᠶᠢᠨ ᠬᠢᠨ ᠵᠦᠪ ᠲᠠᠯ᠎ᠠ ᠶᠢᠨ ᠵᠤᠷᠢᠭᠵᠢᠭᠤᠯᠤᠯ ᠤᠨ ᠲᠤᠬᠳᠠᠴᠠ ᠶᠢ ᠪᠠᠶᠢᠭᠤᠯᠤᠨ ᠲᠡᠭᠦᠯᠳᠡᠷᠵᠢᠬᠦᠯᠵᠦ᠂ | ᠠᠵᠢᠯᠯᠠᠬᠤ ᠪᠠᠷ ᠰᠢᠭᠤᠳ ᠲᠡᠮᠵᠢᠬᠦ ᠶᠢ ᠤᠷᠤᠯᠠᠬᠤ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ | ᠲᠤᠬᠢᠷᠠᠭᠤᠯᠬᠤ ᠵᠡᠷᠭᠡ ᠠᠷᠭ᠎ᠠ ᠭᠡᠮᠵᠢᠶ᠎ᠡ ᠪᠠᠷ ᠬᠠᠪᠰᠤᠷᠤᠨ ᠲᠡᠳᠬᠦᠵᠦ᠂ ᠦᠷᠭᠡᠨ ᠤᠯᠠᠨ ᠮᠠᠯᠴᠢᠨ ᠲᠠᠷᠢᠶᠠᠴᠢᠨ ᠤ | ᠪᠠᠶᠠᠵᠢᠨ ᠴᠢᠨᠡᠭᠡᠯᠢᠭᠵᠢᠬᠦ ᠡᠷᠴᠢ ᠵᠤᠷᠢᠭ ᠢ ᠬᠦᠪᠴᠢᠯᠡᠨ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠤᠶᠤᠨ | ᠰᠠᠨᠠᠭᠠᠨ ᠤ ᠲᠤᠯᠭᠠᠭᠤᠷᠢ ᠶᠢ ᠪᠤᠰᠬᠠᠬᠰᠠᠨ ᠪᠢᠯᠡ᠃ | ᠶᠠᠳᠠᠭᠤ ᠠᠴᠠ ᠠᠩᠬᠢᠵᠢᠷᠠᠭᠤᠯᠬᠤ ᠬᠢᠭᠡᠳ ᠬᠦᠭᠵᠢᠬᠦᠯᠦᠨ ᠮᠠᠨᠳᠤᠭᠤᠯᠬᠤ ᠶᠢ ᠵᠡᠷᠬᠡ ᠪᠠᠷ ᠠᠬᠢᠭᠤᠯᠵᠤ | ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠳᠤ ︽ᠦᠵᠡᠰᠬᠦᠯᠠᠩᠳᠤ ᠰᠠᠶᠢᠬᠠᠨ ᠠᠵᠤ ᠠᠬᠤᠢ︾ ᠶᠢ | ᠬᠦᠭᠵᠢᠬᠦᠯᠤᠯᠠ | ᠬᠠᠩᠬᠢᠨ ᠬᠤᠶᠢᠲᠦ ᠬᠤᠰᠢᠭᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠶᠢᠨ | ᠲᠦᠷᠭᠡᠳᠭᠡᠬᠦᠷ ᠢᠶᠠᠨ ᠪᠤᠯᠭᠠᠬᠰᠠᠭᠠᠷ ᠢᠷᠡᠵᠡᠢ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠠᠬᠢᠭᠤᠯᠬᠤ | ᠦᠢᠯᠡᠳᠦᠯᠭᠡ ᠳᠤᠮᠲᠠ ︽ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠳᠤ ︿ᠦᠵᠡᠰᠬᠦᠯᠠᠩᠳᠤ ᠰᠠᠶᠢᠬᠠᠨ ᠠᠵᠤ | ᠠᠬᠤᠢ﹀ ᠶᠢ ᠬᠦᠭᠵᠢᠬᠦᠯᠤᠨ᠎ᠠ︾ ᠬᠡᠬᠦ ᠤᠢᠢᠯᠠᠭᠠᠬᠳᠠᠬᠤᠨ ᠠᠭᠠᠵᠢᠮ ᠢᠶᠠᠷ ᠪᠦᠷᠢᠯᠳᠦᠭᠰᠡᠨ ᠪᠠᠶᠢᠨ᠎ᠠ᠃ | ᠤᠷᠢᠬᠠᠨ ᠬᠠᠪᠤᠷ ᠤᠨ ᠨᠢᠭᠡᠨ ᠦᠷᠯᠦᠬᠡ᠂ ᠮᠠᠩᠬᠢᠰᠦ ᠪᠠᠯᠭᠠᠰᠦ ᠶᠢᠨ ᠬᠤᠩ ᠴᠢ ᠲᠤᠰᠬᠤᠨ ᠤ ᠶᠠᠳᠠᠭᠤ | ᠬᠦᠴᠢᠷᠳᠡᠯᠲᠡᠢ ᠡᠷᠦᠬᠡ ᠡᠾᠧ ᠪᠤᠤ ᠬᠦᠢ ᠱᠦᠬᠦᠷ ᠢᠶᠠᠨ ᠪᠠᠷᠢᠵᠦ ᠬᠤᠨᠢ ᠪᠠᠨ ᠵᠠᠯᠠᠨ ᠲᠤᠰᠬᠤᠨ ᠠᠴᠠ ᠪᠠᠨ | ᠭᠠᠷᠤᠬᠰᠠᠨ ᠪᠠᠶᠢᠯ᠎ᠠ᠃ | ᠬᠤᠨᠢ ᠬᠠᠷᠢᠭᠤᠯᠬᠤ ᠳᠤ ᠶᠠᠭᠤᠨ ᠳᠤ ᠱᠦᠬᠦᠷ ᠪᠠᠷᠢᠳᠠᠭ ᠪᠤᠢ︖ ᠬᠡᠵᠦ ᠰᠤᠨᠢᠭᠤᠴᠢᠯᠠᠨ ᠠᠰᠠᠭᠤᠬᠤᠯᠠᠷ | ᠡᠾᠧ ᠪᠤᠤ ᠬᠦᠢ᠄ ︽ᠬᠤᠨᠢ ᠶᠢᠨ ᠰᠦᠷᠦᠭ ᠤᠨ ᠶᠠᠪᠤᠵᠦ ᠦᠩᠭᠡᠷᠡᠭᠰᠡᠨ ᠵᠠᠮ ᠢᠶᠠᠷ ᠯᠠᠪ ᠬᠤᠨᠢ ᠶᠢᠨ ᠬᠤᠷᠭᠤᠯ | ᠦᠯᠡᠳᠡᠵᠦᠬᠤᠴᠤᠷᠬᠤ ᠶᠤᠮ᠂ ᠪᠢ ᠬᠤᠨᠢ ᠪᠠᠨ ᠬᠠᠷᠢᠭᠤᠯᠬᠤ ᠶᠢᠨ ᠳᠠᠭᠠᠥ ᠠᠷᠢᠯᠭᠠᠨ ᠴᠡᠪᠡᠷᠯᠡᠳᠡᠭ︾ ᠭᠡᠵᠦ ᠴᠡᠪᠡᠷ | ᠲᠡᠭᠰᠢᠬᠡᠨ ᠲᠤᠰᠬᠤᠨ ᠤ ᠵᠠᠮ ᠢ ᠵᠢᠭᠠᠵᠦ ᠬᠡᠯᠡᠨ᠎ᠡ᠃ | ᠲᠡᠬᠦᠨ ᠤ ᠠᠮᠢᠳᠤᠷᠠᠯ ᠤᠨ ᠤᠷᠴᠢᠨ ᠲᠤᠭᠤᠷᠢᠨ ᠢᠶᠠᠨ ᠢᠩᠬᠢᠵᠦ ᠬᠢᠮᠠᠭᠠᠳᠠᠨ ᠬᠠᠶᠢᠷᠠᠯᠠᠬᠤ ᠪᠠᠶᠢᠬᠤ ᠨᠢ | ᠨᠢᠭᠡᠨ ᠶᠠᠪᠤᠳᠠᠯ ᠡᠴᠠᠤᠴᠢᠷᠯᠠᠬᠤ ᠴᠢᠬᠤᠯᠠᠳᠠᠢ᠃ ᠨᠢᠳᠤᠨᠤᠨ ᠦᠪᠡᠷᠲᠡᠭᠡᠨ ᠵᠠᠰᠠᠬᠤ ᠤᠷᠤᠨ ᠠᠴᠠ ᠬᠠᠩᠬᠢᠨ | ᠬᠤᠶᠢᠲᠦ ᠬᠤᠰᠢᠭᠤ ᠳᠤ ᠲᠤᠮᠢᠯᠠᠵᠦ ᠰᠠᠭᠤᠯᠭᠠᠬᠰᠠᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠠᠵᠢᠯᠯᠠᠬᠤ ᠶᠡᠷᠦᠩᠬᠡᠢ ᠠᠩᠬᠢ ᠠᠴᠠ ︽ᠵᠦᠪᠯᠡᠯᠭᠡ ᠶᠢ ᠠᠷᠠᠳᠴᠢᠯᠠᠬᠤ᠂ ᠭᠤᠤᠯ ᠴᠤᠬᠴᠠ ᠶᠢ ᠤᠯᠠᠨᠡᠰᠢᠴᠢᠯᠡᠬᠦ᠂ | ᠬᠠᠷᠢᠭᠤᠴᠠᠯᠭ᠎ᠠ ᠶᠢ ᠲᠤᠤᠷᠵᠢᠭᠤᠯᠬᠤ᠂ ᠦᠢᠯᠡᠴᠢᠯᠡᠭᠡ ᠶᠢ ᠵᠠᠬᠢᠶᠠᠯᠠᠭᠤᠯᠬᠤ᠂ ᠲᠤᠬᠲᠠᠭᠠᠯ ᠢ ᠪᠡᠷᠢᠮᠵᠢᠶᠠᠵᠢᠭᠤᠯᠬᠤ᠂ | ᠦᠨᠡᠨᠴᠢ ᠢᠲᠡᠭᠡᠮᠵᠢ ᠶᠢᠨ ᠭᠡᠷ᠎ᠠ ᠲᠤᠭᠳᠠᠬᠤ᠂ ᠠᠷᠭ᠎ᠠ ᠠᠪᠴᠠᠯ ᠢ ᠤᠶᠤᠨᠴᠢᠯᠠᠬᠤ᠂ ᠦᠨᠡᠯᠡᠨ ᠲᠤᠬᠲᠠᠭᠠᠯᠲᠠ ᠳᠤ | ᠤᠳᠤᠨ ᠳᠡᠰ ᠲᠤᠬᠲᠠᠭᠠᠬᠤ︾ ᠵᠡᠷᠭᠡ ᠨᠡᠶᠢᠬᠡᠮ ᠤᠨ ᠵᠠᠰᠠᠯᠲᠠ ᠶᠢᠨ ᠵᠠᠬᠪᠤᠷ ᠢ ᠳᠤᠷᠠᠳᠴᠠᠢ᠃ | ︽ᠡᠨᠡ ᠬᠦ ᠵᠠᠬᠪᠤᠷ ᠨᠢ ᠠᠷᠠᠳ ᠤᠨᠶᠠᠪᠤᠳᠠᠯ ᠢ ᠠᠷᠠᠳ ᠤᠯᠠᠨ ᠢᠶᠠᠷ ᠢᠶᠠᠨ ᠵᠦᠪᠯᠡᠬᠦ᠂ ᠠᠷᠠᠳ ᠤᠨ ᠶᠠᠪᠤᠳᠠᠯ | ᠢ ᠠᠷᠠᠳ ᠤᠯᠠᠨ ᠢᠶᠠᠷ ᠢᠶᠠᠨ ᠰᠢᠢᠳᠪᠦᠷᠢᠯᠡᠬᠦ᠂ ᠠᠷᠠᠳ ᠤᠨ ᠶᠠᠪᠤᠳᠠᠯ ᠢ ᠠᠷᠠᠳ ᠤᠯᠠᠨ ᠶᠢᠡᠷ ᠵᠶ᠋ᠡᠨᠬᠠᠮᠢᠶᠠᠷᠬᠤ ᠶᠢ | ᠦᠨᠳᠦᠰᠦᠨ ᠱᠠᠲᠦᠨ ᠤ ᠨᠡᠶᠢᠬᠡᠮ ᠤᠨ ᠵᠠᠰᠠᠯᠲᠠ ᠶᠢᠨ ᠰᠢᠨ᠎ᠡ ᠬᠡᠪ ᠪᠠᠶᠢᠳᠠᠯ ᠪᠤᠯᠭᠠᠵᠦ᠂ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠪᠠ ᠬᠦᠳᠡᠭᠡ ᠲᠤᠰᠬᠤᠨ ᠢᠬᠦ᠋ᠭᠵᠢᠬᠦᠯᠦᠨ ᠮᠠᠨᠳᠤᠭᠤᠯᠬᠤ ᠶᠢᠨ ᠰᠠᠭᠤᠷᠢ ᠶᠢ | ᠪᠠᠬᠢᠵᠢᠬᠦᠯᠵᠠᠢ︾ ᠭᠡᠵᠦ ᠬᠠᠩᠬᠢᠨ ᠬᠤᠶᠢᠲᠦ ᠬᠤᠰᠢᠭᠤᠨ ᠤ ᠶᠠᠳᠠᠭᠤ ᠶᠢ ᠲᠡᠳᠬᠦᠬᠦ ᠨᠡᠭᠡᠭᠡᠯᠳᠠ ᠶᠢᠨ ᠠᠯᠪᠠᠨ ᠭᠡᠷ | ᠤᠨ ᠡᠷᠬᠢᠯᠡᠭᠴᠢ ᠴᠧᠨ ᡁᠢ ᠵᠢᠶᠦ᠋ᠨ ᠬᠡᠯᠡᠨ᠎ᠡ᠃ | ᠬᠤᠩ ᠴᠢ ᠲᠤᠰᠬᠤᠨ ᠤ ᠠᠷᠠᠳ ᠤᠨ ᠵᠦᠪᠯᠡᠯ ᠤᠨ ᠡᠷᠬᠢᠯᠡᠭᠴᠢ ᠬᠦᠸᠧ ᠠᠢ ᠯᠧᠩ ᠤᠨ ᠰᠠᠨᠠᠭᠠᠴᠢᠯᠠᠭ᠎ᠠ | ᠳᠤᠤᠷ᠎ᠠ ᠬᠤᠩ ᠴᠢ ᠲᠤᠰᠬᠤᠨ ᠤ ᠬᠤᠶᠠᠳᠤᠭᠠᠷ ᠳᠤᠭᠤᠢᠢᠯᠠᠩ ᠤᠨ ᠬᠢᠨ ︽ᠬᠤᠩ ᠴᠢ ᠬᠤᠶᠠᠳᠤᠭᠠᠷ ᠳᠤᠭᠤᠢᠢᠯᠠᠩ | ᠤᠨ ᠨᠤᠲᠤᠭ ᠨᠢᠭᠡᠳᠡᠳ ᠤᠨ ᠨᠡᠶᠢᠬᠡᠮᠯᠢᠭ︾ ᠤᠨ ᠵᠢᠷᠬᠢᠶ᠎ᠡ ᠶᠢᠨ ᠲᠤᠭᠤᠷᠢᠭ ᠢ ᠡᠬᠦᠰᠬᠡᠨ ᠪᠠᠶᠢᠭᠤᠯᠵᠠᠢ᠃ ᠨᠢᠭᠡ | ᠡᠳᠦᠷ ᠪᠤᠯᠤᠯ ᠦᠬᠡᠢ ᠪᠠᠷ ᠨᠠᠨᠵᠢᠩ᠂ ᠪᠡᠭᠡᠵᠢᠩ᠂ ᠬᠦᠬᠡᠬᠤᠲᠠ᠂ ᠪᠤᠭᠤᠲᠦ᠂ ᠤᠷᠳᠤᠰ ᠵᠡᠷᠭᠡ ᠭᠠᠵᠠᠷ ᠲᠤ ᠪᠠᠶᠢᠭ᠎ᠠ | 70 ᠭᠠᠷᠤᠢ ᠨᠤᠲᠤᠭ ᠤᠨ ᠠᠬ᠎ᠠ ᠳᠡᠬᠦᠦ ᠨᠠᠷ ᠡᠨᠡ ᠬᠦ ᠵᠢᠷᠬᠢᠶ᠎ᠠ ᠶᠢᠨ ᠲᠤᠭᠤᠷᠢᠭ ᠲᠤ ᠴᠤᠬᠯᠠᠷᠠᠵᠠᠭᠠᠨ᠂ ᠨᠤᠲᠤᠭ | ᠤᠰᠤᠨ ᠤ ᠪᠠᠨ ᠬᠦᠭᠵᠢᠯᠲᠡ ᠪᠠ ᠪᠦᠲᠦᠭᠡᠨ ᠪᠠᠶᠢᠭᠤᠯᠤᠯᠲᠠ ᠳᠤ ᠤᠷᠤᠯᠴᠠᠬᠰᠠᠨ ᠶᠤᠮ᠃ | ᠬᠤᠩ ᠴᠢ ᠲᠤᠰᠬᠤᠨ ᠢᠶᠠᠨ ᠬᠦᠭᠵᠢᠬᠦᠯᠦᠨ ᠮᠠᠨᠳᠤᠭᠤᠯᠬᠤ ᠠᠵᠢᠯᠯᠠᠭ᠎ᠠ ᠨᠢ ᠲᠤᠰᠬᠤᠨ ᠤ ᠲᠦᠷᠢ | ᠳᠦᠷᠬᠦ ᠪᠠᠨ ᠴᠡᠭᠴᠡᠯᠡᠨ ᠵᠠᠰᠠᠬᠤ ᠠᠴᠠ ᠡᠬᠢᠯᠡᠯ᠎ᠠ᠃ ᠡᠨᠡ ᠨᠢ ᠵᠢᠷᠬᠢᠶ᠎ᠡ ᠶᠢᠨ ᠲᠤᠭᠤᠷᠢᠭ ᠲᠤ ᠮᠠᠰᠢ ᠨᠦᠯᠦᠭᠡ | ᠲᠤᠰᠬᠠᠯ ᠭᠠᠷᠴᠤ᠂ ᠭᠠᠳᠠᠨ᠎ᠠ ᠬᠦᠴᠦᠨ ᠤ ᠠᠵᠢᠯ ᠬᠢᠵᠦ ᠪᠠᠶᠢᠭ᠎ᠠ᠂ ᠦᠢᠯᠡᠰ ᠪᠤᠰᠬᠠᠵᠦ ᠪᠠᠶᠢᠭ᠎ᠠ ᠲᠤᠰᠬᠤᠨ ᠤ | ᠬᠦᠮᠤᠰ ᠵᠢᠷᠬᠢᠶ᠎ᠠ ᠶᠢᠨ ᠤᠯᠠᠭᠠᠨ ᠪᠠᠭᠯᠠᠭ᠎ᠠ ᠪᠠᠷ ᠳᠠᠮᠵᠢᠨ ᠡᠨᠡ ᠬᠦ ᠠᠵᠢᠯᠯᠠᠭ᠎ᠠ ᠳᠤ ᠤᠷᠤᠯᠴᠠᠵᠦ᠂ ᠬᠤᠶᠠᠷᠬᠠᠨ | ᠡᠳᠦᠷ ᠲᠤ 11410 ᠲᠦᠬᠦᠷᠢᠭ ᠬᠠᠨᠳᠢᠪᠯᠡᠵᠤ᠂ ᠪᠠᠰᠠ 5600 ᠲᠦᠬᠦᠷᠢᠭ ᠤᠨ ᠦᠷᠳᠡᠭ ᠪᠦᠬᠦᠢ ᠡᠳ᠋ ᠪᠤᠳᠠᠰ | ᠬᠠᠨᠳᠢᠪᠯᠠᠵᠠᠢ᠃ | ᠵᠠᠯᠭᠠᠭᠠᠳᠬᠠᠶᠢᠷ ᠰᠢᠷᠤᠢ᠂ ᠴᠢᠯᠠᠭᠤ ᠲᠤᠭᠤᠰᠬ᠎ᠠ ᠵᠡᠷᠭᠡ ᠪᠠᠷᠢᠯᠭ᠎ᠠ ᠶᠢᠨ ᠮᠠᠲ᠋ᠧᠷᠢᠶᠠᠯ ᠢ ᠲᠤᠰᠬᠤᠨ ᠳᠤ | ᠵᠠᠬ᠎ᠠ ᠳᠤ ᠠᠪᠠᠴᠢᠵᠦ᠂ ᠨᠠᠰᠤᠲᠠᠨ ᠪᠤᠭᠤᠷᠤᠯᠴᠤᠳ ᠠᠴᠠ ᠡᠮᠡᠭᠲᠡᠶᠢᠴᠤᠳ ᠬᠡᠥᠭᠡᠳ ᠬᠦᠷᠲᠡᠯ᠎ᠡ ᠪᠠᠷᠢᠯᠭ᠎ᠠ ᠶᠢᠨ ᠡᠯ᠎ᠡ | ᠵᠦᠢᠯ ᠤᠨ ᠠᠵᠢᠯ ᠳᠤ ᠰᠢᠭᠤᠷᠬᠠᠢᠢᠯᠠᠨ ᠤᠷᠤᠯᠴᠠᠵᠦ᠂ 10 ᠡᠳᠦᠷ ᠠᠷᠠᠢ ᠪᠤᠯᠤᠭᠠᠳᠤᠢ ᠪᠠᠷ 1400 ᠮᠧᠲᠷ ᠤᠨ | ᠴᠢᠯᠠᠭᠤ ᠲᠤᠭᠤᠰᠬ᠎ᠠ ᠶᠢᠨ ᠵᠠᠮ ᠢ ᠳᠡᠪᠢᠰᠴᠤ᠂ ᠳᠡᠮᠡᠢ ᠤᠳᠠᠯ ᠦᠬᠡᠢ ᠪᠠᠷ ᠲᠤᠰᠬᠤᠨ ᠤ ᠵᠠᠮ ᠤᠨ ᠬᠤᠶᠠᠷ | ᠬᠠᠪᠢ ᠪᠠᠷ ᠦᠡᠭᠭᠡᠳᠤ ᠳ᠋ᠧᠩ ᠰᠤᠯᠤᠩᠭᠠᠷᠠᠭᠰᠠᠨ ᠪᠠᠶᠢᠨ᠎ᠠ᠃ | ᠲᠤᠭᠤᠰᠦ ᠳᠡᠭᠳᠡᠭᠰᠡᠨ ᠲᠤᠰᠬᠤᠨ ᠤ ᠰᠢᠷᠤᠢ ᠶᠢᠨ ᠵᠠᠮ ᠢ ᠰᠢᠨᠡᠳᠬᠡᠨ ᠵᠠᠰᠠᠵᠤ᠂ ᠭᠠᠵᠠᠷ ᠰᠠᠢ ᠦᠬᠡᠢ | ᠬᠠᠷᠠᠬᠲᠠᠬᠤ ᠬᠤᠭ ᠨᠤᠪᠰᠢ ᠶᠢ ᠠᠷᠢᠯᠭᠠᠨ ᠴᠡᠪᠡᠷᠯᠡᠭᠰᠡᠨ ᠤ ᠬᠤᠶᠢᠨ᠎ᠠ᠂ ᠬᠤᠩ ᠴᠢ ᠲᠤᠰᠬᠤᠨ ᠤᠯᠠᠮ ᠠᠴᠠ ᠤᠯᠠᠮ | ᠭᠤᠶᠤᠵᠢᠵᠤ᠂ ᠲᠤᠰᠬᠤᠨ ᠤ ᠠᠷᠠᠳ ᠤᠨ ᠤᠶᠤᠨᠰᠠᠨᠠᠭᠠᠨ ᠤ ᠳᠦᠷᠰᠦ ᠪᠠᠶᠢᠳᠠᠯ ᠳᠤ ᠴᠤ ᠬᠤᠪᠢᠷᠠᠯᠳᠠ ᠭᠠᠷᠴᠦ᠂ | ᠲᠤᠰᠬᠤᠨ ᠤ ᠬᠡᠪ ᠰᠤᠷᠲᠠᠯ ᠮᠡᠳᠡᠭᠳᠡᠮ᠎ᠡ ᠰᠠᠶᠢᠵᠢᠷᠠᠵᠠᠢ᠃ | ᠲᠤᠰᠬᠤᠨ ᠳᠤ ᠰᠠᠭᠤᠭ᠎ᠠ ᠨᠢᠭᠡᠲᠦᠭᠡᠷ ᠱᠦᠵᠢ ᠡᠤ ᠽᠧᠩ ᠱᠢ᠄ ︽ᠦᠩᠭᠡᠷᠡᠭᠰᠡᠨ ᠳᠤ ᠲᠠᠷᠢᠶᠠᠨ ᠭᠠᠵᠠᠷ ᠤᠨ | ᠤᠰᠤᠯᠠᠯᠲᠠ ᠳᠤ ᠬᠡᠷᠡᠭᠯᠡᠬᠦ ᠴᠠᠬᠢᠯᠭᠠᠨ ᠤ ᠰᠦᠢᠳᠭᠡᠯ ᠢᠶᠠᠨ ᠴᠤ ᠲᠤᠰᠢᠶᠠᠵᠦ ᠲᠠᠶᠢᠯᠬᠦ ᠦᠭᠡᠢ ᠪᠠᠶᠢᠭᠰᠠᠨ᠂ | ᠨᠢᠳᠤᠨᠤᠨ ᠲᠤᠯᠤᠭ᠎ᠠ ᠨᠠᠢᠮᠠᠨ ᠵᠢᠯ ᠦᠷᠢᠲᠦᠭᠰᠡᠨ ᠴᠠᠬᠢᠯᠭᠠᠨ ᠤ ᠰᠦᠢᠳᠭᠡᠯ ᠢᠶᠠᠨ ᠨᠢᠭᠡᠯᠡ ᠲᠠᠬᠡᠷ᠎ᠠ ᠪᠦᠬᠦᠨ ᠢ | ᠲᠤᠰᠢᠶᠠᠭᠰᠠᠨ ᠶᠤᠮ︾ ᠭᠡᠵᠤ ᠶᠠᠷᠢᠨ᠎ᠠ᠃ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠲᠤᠰᠬᠤᠨ ᠤ ᠬᠡᠪ ᠰᠤᠷᠲᠠᠯ ᠢᠶᠠᠨ | ᠲᠠᠬᠡᠭᠰᠢᠯᠡᠬᠦᠯᠬᠦ ᠪᠠᠷ ᠪᠠᠷᠠᠬᠤ ᠦᠬᠡᠢ᠂ ᠨᠡᠩ ᠴᠢᠬᠤᠯᠠ ᠨᠢ ᠠᠵᠦ ᠦᠢᠯᠡᠰ ᠤᠨ ᠬᠦᠭᠵᠢᠯᠲᠡ ᠳᠤ ᠪᠤᠢ᠃ | ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢᠶᠠᠨ ᠭᠤᠶᠤᠵᠢᠭᠤᠯᠤᠭᠰᠠᠨ ᠤ ᠲᠠᠷᠠᠭ᠎ᠠ ᠬᠤᠩ ᠴᠢ | ᠲᠤᠰᠬᠤᠨ ᠤ ᠳᠠᠷᠠᠭᠠᠴᠢ ᠶᠢᠨ ᠠᠵᠢᠯᠯᠠᠭ᠎ᠠ ᠪᠤᠯ ᠬᠦᠳᠡᠭᠡ ᠨᠤᠲᠤᠭ ᠤᠨ ᠬᠡᠪ ᠨᠠᠮᠪᠠᠭ᠎ᠠ᠂ ᠤᠷᠤᠨ ᠨᠤᠲᠤᠭ ᠤᠨ | ᠰᠤᠶᠤᠯ ᠵᠡᠷᠭᠡ ᠡᠬᠢ ᠪᠠᠶᠠᠯᠢᠭ ᠲᠤ ᠪᠠᠨ ᠲᠦᠰᠢᠭᠯᠡᠨ ᠵᠢᠭᠤᠯᠴᠢᠯᠠᠯ ᠤᠨ ᠠᠵᠦ ᠦᠢᠯᠡᠰ ᠢ ᠬᠦᠭᠵᠢᠬᠦᠯᠵᠦ᠂ | ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠬᠦ ᠶᠠᠪᠤᠳᠠᠯ ᠪᠤᠯᠵᠠᠢ᠃ ᠬᠦᠷᠰᠢᠯᠠᠵᠤ ᠪᠠᠶᠢᠭ᠎ᠠ ᠲᠸᠥ ᠳᠤᠤ ᠴᠢᠶᠤᠤ | ᠪᠠᠯᠭᠠᠰᠦ ᠶᠢᠨ ᠮᠢᠨ ᠵᠢᠶᠠᠨ ᠲᠤᠰᠬᠤᠨ ᠪᠤᠯ ᠳᠠᠭᠤᠷᠢᠶᠠᠯ ᠪᠤᠯᠬᠤᠢᠢᠴᠠ ᠵᠢᠱᠢᠶ᠎ᠠ ᠪᠤᠯᠬᠤ ᠶᠤᠮ᠃ ︽ᠳᠤᠮᠳᠠᠳᠦ | ᠤᠯᠤᠰ ᠤᠨ ᠬᠠᠮᠤᠭ ᠤᠨ ᠭᠤᠶᠤ ᠵᠤᠭ᠎ᠠ ᠰᠡᠯᠡᠬᠦᠴᠡᠯ ᠤᠨ ᠲᠤᠰᠬᠤᠨ︾ ᠪᠤᠯᠤᠬᠰᠠᠨ ᠤ ᠬᠤᠪᠢ ᠳᠤ᠂ ᠮᠢᠨ ᠵᠢᠶᠠᠨ | ᠲᠤᠰᠬᠤᠨ ᠡᠬᠢ ᠪᠠᠶᠠᠯᠢᠭ ᠤᠨ ᠳᠠᠪᠠᠭᠤᠯᠢᠭ ᠢᠶᠠᠨ ᠬᠦᠢᠴᠡᠳ ᠠᠰᠢᠬᠯᠠᠨ ᠬᠦᠳᠡᠭᠡ ᠲᠤᠰᠬᠤᠨ ᠤ ᠵᠢᠭᠤᠯᠴᠢᠯᠠᠯ ᠤᠨ | ᠦᠢᠯᠡᠰ ᠢ ᠶᠡᠭᠡ ᠪᠠᠷ ᠬᠦᠭᠵᠢᠬᠦᠯᠵᠦ᠂ ᠪᠦᠬᠦ ᠲᠤᠰᠬᠤᠨ ᠤ 50% ᠠᠴᠠ ᠳᠡᠭᠡᠭᠰᠢᠬᠢ ᠲᠠᠷᠢᠶᠠᠯᠠᠬᠤ | ᠡᠷᠦᠬᠡ ᠶᠢᠨ ᠬᠢᠨ ᠴᠦᠮ ᠬᠦᠳᠡᠭᠡ ᠲᠤᠰᠬᠤᠨ ᠤ ᠵᠢᠭᠤᠯᠴᠢᠯᠠᠯ ᠠᠴᠠ ᠠᠰᠢᠭ ᠬᠦᠷᠳᠡᠵᠦ᠂ ᠵᠢᠭᠤᠯᠴᠢᠯᠠᠯ ᠤᠨ | ᠦᠢᠯᠡᠰ ᠤᠨ ᠤᠷᠤᠯᠭ᠎ᠠ ᠨᠢ ᠮᠠᠯ ᠠᠵᠦ ᠠᠬᠤᠢ ᠲᠠᠷᠢᠶᠠᠯᠠᠩ ᠤᠨᠤᠷᠤᠯᠭᠠ ᠠᠴᠠ ᠨᠢ ᠬᠤᠯᠠ ᠳᠡᠪᠠᠭᠰᠠᠨ ᠠᠵᠢ᠃ | ᠲᠤᠬᠠᠢ ᠶᠢᠨ ᠭᠠᠵᠠᠷ ᠤᠨ ᠨᠢᠭᠡᠨ ︽ᠲᠠᠷᠢᠶᠠᠴᠢᠨ ᠠᠶᠢᠯ ᠤᠨ ᠪᠠᠶᠠᠰᠤᠯ︾ ᠤᠨ ᠡᠵᠡᠩᠨᠡᠭᠴᠢ ᠭᠧ ᠹᠧᠩ ᠡᠸ᠋᠄ | ︽2015 ᠣᠨ ᠳᠤ ᠮᠢᠨ ᠵᠢᠶᠠᠨ ᠲᠤᠰᠬᠤᠨ ᠬᠠᠮᠤᠭ ᠤᠨ ᠭᠤᠶᠤ ᠵᠤᠭ᠎ᠠ ᠰᠡᠯᠡᠬᠦᠴᠡᠯ ᠤᠨ ᠲᠤᠰᠬᠤᠨ ᠢᠶᠠᠷ | ᠦᠨᠡᠯᠡᠭᠳᠡᠭᠰᠡᠨ ᠬᠤᠶᠢᠨ᠎ᠠ ᠪᠢ ᠵᠢᠭᠤᠯᠴᠢᠯᠠᠯ ᠤᠨ ᠦᠢᠯᠡᠰ ᠡᠷᠬᠢᠯᠡᠬᠦ ᠪᠠᠷ ᠰᠡᠳᠦᠵᠦ᠂ ᠦᠪᠡᠷ ᠤᠨ 400 ᠭᠠᠷᠤᠢ | ᠲᠡᠭᠰᠢ ᠲᠦᠷᠪᠡᠯᠵᠢᠨ ᠮᠧᠲᠷ ᠭᠡᠷ ᠪᠠᠶᠢᠰᠢᠩ ᠢᠶᠠᠨ ᠵᠠᠰᠠᠵᠦ ᠰᠢᠨᠡᠳᠭᠡᠬᠡᠳ ᠡᠨᠡ ᠬᠦ ᠠᠵᠢᠯ ᠢᠶᠠᠨ ᠡᠬᠢᠯᠡᠬᠦᠯᠤᠯ᠎ᠠ︾ | ᠬᠡᠵᠤ ᠶᠠᠷᠢᠨ᠎ᠠ᠃ ᠲᠤᠰᠬᠤᠨ ᠤ ᠰᠠᠭᠤᠷᠢ ᠪᠡᠯᠡᠳᠬᠡᠮᠵᠢ ᠪᠤᠯᠤᠨ ᠢᠵᠢ ᠪᠦᠷᠢᠳᠦᠬᠦᠯᠦᠭᠰᠡᠨ ᠲᠦᠬᠦᠭᠡᠷᠦᠮᠵᠢ ᠤᠯᠠᠮ | ᠢᠶᠠᠷ ᠲᠡᠬᠦᠯᠳᠡᠷᠵᠢᠬᠦ ᠶᠢ ᠳᠠᠭᠠᠯᠳᠤᠨ ᠨᠡᠷ᠎ᠡ ᠠᠯᠳᠠᠷᠰᠢᠯ ᠨᠢ ᠤᠯᠠᠮ ᠲᠠᠬᠡᠭᠰᠢᠯᠡᠵᠤ᠂ ᠲᠡᠬᠦᠨ ᠤ ᠡᠷᠬᠢᠯᠡᠭᠰᠡᠨ ︽ | ᠲᠠᠷᠢᠶᠠᠴᠢᠨ ᠠᠶᠢᠯ ᠤᠨ ᠪᠠᠶᠠᠰᠤᠯ︾ ᠴᠦ ᠤᠯᠠᠮ ᠬᠦᠭᠵᠢᠶᠡᠨ ᠲᠠᠢ ᠪᠤᠯᠵᠠᠢ᠃ ︽ᠤᠳᠤ ᠡᠳᠦᠷ ᠪᠦᠷᠢ | ᠲᠤᠮᠳᠠᠴᠢ ᠪᠠᠷ ᠬᠤᠷᠢ ᠭᠤᠴᠢᠭᠠᠳ ᠬᠦᠮᠦᠨ ᠢᠷᠡᠵᠦ ᠬᠤᠭᠤᠯᠠᠯᠠᠵᠦ ᠬᠤᠨᠤᠬᠯᠠᠨ᠂ ᠰᠠᠷ᠎ᠠ ᠪᠤᠯᠭᠠᠨ ᠳᠤ | ᠠᠳᠠᠭ ᠲᠤ ᠪᠠᠨ ᠬᠡᠳᠦᠨ ᠮᠢᠩᠭᠠᠨ ᠲᠦᠬᠦᠷᠢᠭ ᠤᠨ ᠤᠷᠤᠯᠭ᠎ᠠ ᠲᠠᠢ ᠪᠤᠯᠵᠦ᠂ ᠬᠦᠭᠵᠢᠶᠡᠨ ᠲᠠᠢ ᠦᠶ᠎ᠡ ᠳᠤ ᠵᠤᠴᠢᠳ | ᠬᠦᠷᠢᠶᠠᠨ ᠳᠤ ᠮᠦᠷᠯᠡᠨ ᠤᠷᠤ ᠰᠤᠯᠠᠯᠠᠬᠤ ᠶᠢ ᠬᠦᠯᠢᠶᠡᠳᠡᠭ ᠶᠤᠮ︾ ᠭᠡᠵᠦ ᠭᠧ ᠹᠧᠩ ᠡᠸ᠋ ᠬᠡᠯᠡᠨ᠎ᠡ᠃ | ᠤᠳᠤ ᠬᠠᠩᠬᠢᠨ ᠬᠤᠶᠢᠲᠦ ᠬᠤᠰᠢᠭᠤᠨ ᠳᠤ 150 ︽ᠲᠠᠷᠢᠶᠠᠴᠢᠨ ᠠᠶᠢᠯ ᠤᠨ ᠪᠠᠶᠠᠰᠤᠯ︾ ᠲᠠᠢ ᠪᠤᠯᠵᠦ᠂ | 5000 ᠭᠠᠷᠤᠢ ᠬᠦᠮᠦᠨ ᠤ ᠠᠵᠢᠯ ᠤᠯᠭᠤᠯᠲᠠ ᠶᠢ ᠳᠠᠶᠢᠴᠢᠯᠠᠭᠰᠠᠨ ᠪᠠᠶᠢᠨ᠎ᠠ᠃ ᠵᠢᠱᠢᠶ᠎ᠡ ᠦᠵᠡᠬᠦᠯᠦᠨ | ᠲᠠᠶᠢᠴᠢᠯᠠᠬᠤ ᠶᠢ ᠦᠷᠭᠡᠳᠭᠡᠬᠦ ᠶᠢᠨ ᠲᠦᠯᠦᠭᠡ᠂ ᠲᠤᠰ ᠬᠤᠰᠢᠭᠤ ᠲᠦᠷᠦᠯ ᠵᠦᠢᠯ ᠪᠤᠯᠤᠨ ᠪᠡᠯᠡ ᠮᠦᠩᠬᠦ ᠶᠢ | ᠨᠡᠶᠢᠳᠭᠡᠬᠦ ᠪᠠᠷ ᠲᠠᠮᠵᠢᠨ ᠱᠤᠸᠠᠩ ᠮᠢᠶᠤᠤ ᠪᠠᠯᠭᠠᠰᠦ ᠶᠢᠨ ᠲᠠᠢ ᠷᠦᠩ ᠵᠠᠩ ᠦᠢᠯᠡ ᠶᠢᠨ ᠵᠢᠭᠤᠯᠴᠢᠯᠠᠯ ᠤᠨ ᠤᠷᠤᠨ᠂ | ᠮᠠᠩᠬᠢᠰᠦ ᠶᠢᠨ ᠳᠤᠤᠷᠠᠢ ᠶᠢᠨ ᠤᠢ ᠶᠢᠨ ᠠᠮᠢ ᠠᠬᠤᠢ ᠶᠢᠨ ᠲᠤᠰᠬᠤᠨ ᠵᠡᠷᠭᠡ ᠵᠢᠭᠤᠯᠴᠢᠯᠠᠯ ᠤᠨ ᠲᠦᠷᠦᠯ ᠵᠦᠢᠯ ᠢ | ᠭᠤᠤᠯᠳᠠᠯᠭ᠎ᠠ ᠲᠠᠢ ᠪᠦᠲᠦᠭᠡᠨ ᠪᠠᠶᠢᠭᠤᠯᠵᠠᠢ᠃ ᠡᠬᠦᠨ ᠳᠤ᠂ ᠬᠠᠢ ᠯᠦᠩ ᠠᠳᠤᠭᠤᠨ ᠤ ᠠᠵᠦ ᠦᠢᠯᠡᠰ ᠤᠨ | ᠬᠤᠷᠰᠢᠶ᠎ᠠ ᠪᠤᠯᠤᠨ ᠮᠠᠩᠬᠢᠰᠦ ᠲᠤᠰᠬᠤᠨ ᠨᠢ ︽ᠠᠵᠦ ᠠᠬᠤᠢᠢᠯᠠᠯ + ᠬᠤᠷᠰᠢᠶ᠎ᠠ + ᠶᠠᠳᠠᠭᠤ ᠬᠦᠴᠢᠷᠳᠡᠯᠲᠡᠢ | ᠡᠷᠦᠬᠡ︾ ᠶᠢᠨ ᠶᠠᠳᠠᠭᠤ ᠶᠢ ᠲᠡᠳᠬᠦᠬᠦ ᠠᠷᠭ᠎ᠠ ᠶᠢ ᠬᠡᠷᠡᠭᠵᠢᠬᠦᠯᠵᠤ᠂ ᠨᠢᠬᠡᠨᠳᠡ ᠮᠠᠩᠬᠢᠰᠦ ᠲᠤᠰᠬᠤᠨ ᠤ 42 ᠶᠠᠳᠠᠭᠤ | ᠬᠦᠴᠢᠷᠳᠡᠯᠲᠡᠢ ᠡᠷᠦᠬᠡ ᠶᠢ ᠶᠠᠳᠠᠭᠤ ᠠᠴᠠ ᠨᠢ ᠠᠩᠬᠢᠵᠢᠷᠠᠭᠤᠯᠪᠠ᠃ | ︽ᠶᠠᠳᠠᠭᠤ ᠠᠴᠠ ᠠᠩᠬᠢᠵᠢᠷᠠᠭᠤᠯᠬᠤ ᠶᠢᠨ ᠬᠠᠮᠳᠦ ᠬᠦᠭᠵᠢᠬᠦᠯᠦᠨ ᠮᠠᠨᠳᠤᠭᠤᠯᠬᠤ ᠠᠶᠠᠨ ᠢᠶᠠᠨ | ᠡᠬᠢᠯᠡᠬᠦᠯᠤᠨ᠎ᠠ︾᠂ ᠡᠨᠡ ᠨᠢ ᠬᠠᠩᠬᠢᠨ ᠬᠤᠶᠢᠲᠦ ᠬᠤᠰᠢᠭᠤᠨ ᠤ ︽ᠨᠢᠭᠤᠴᠠ ᠵᠤᠷ︾ ᠪᠤᠯᠬᠤ ᠪᠦᠭᠡᠳ ᠨᠡᠩ ᠴᠤ | ᠮᠠᠨ ᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠮᠳᠠ ᠪᠦᠷᠢᠯᠳᠦᠭᠰᠡᠨ | ᠬᠠᠮᠳᠦ ᠶᠢᠨ ᠲᠠᠨᠢᠯᠲᠠ ᠪᠤᠯᠬᠤ ᠶᠤᠮ᠃ | |