ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠣᠶᠢᠯᠠᠭᠠᠭᠰᠠᠨ ᠢᠶᠠᠷ᠂ | ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠥᠪᠥᠷ | ᠮᠣᠩᠭᠤᠯ ᠵᠢᠵᠢᠭ ᠪᠢᠴᠢᠯ ᠠᠵᠤ ᠠᠬᠤᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ | ᠭᠤᠶᠤᠴᠢᠯᠠᠬᠤ ᠲᠤᠭ᠎ᠠ ᠶᠢ ᠤᠤᠯ ᠤᠨ 200 ᠲᠦᠮᠡᠨ ᠲᠥᠭᠦᠷᠢᠭ ᠪᠠᠶᠢᠭᠰᠠᠨ ᠠᠴᠠ 300 ᠲᠦᠮᠡᠨ ᠲᠥᠭᠦᠷᠢᠭ | ᠪᠣᠯᠭᠠᠨ ᠳᠡᠭᠡᠭᠰᠢᠯᠡᠭᠦᠯᠬᠦ ᠪᠠᠷ ᠰᠢᠨ᠎ᠡ ᠪᠠᠷ ᠲᠣᠭᠲᠠᠭᠠᠵᠠᠢ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠲᠣᠳᠣᠷᠬᠠᠶ ᠲᠣᠭᠲᠠᠭᠠᠭᠰᠠᠨ ᠢᠶᠠᠷ ᠪᠣᠯ᠄ ᠲᠤᠬᠠᠶ ᠶᠢᠨ | ᠵᠢᠯ ᠳᠤ ᠰᠢᠨ᠎ᠡ ᠪᠠᠷ ᠡᠯᠰᠡᠨ ᠬᠡᠷᠡᠭᠯᠡᠭᠰᠡᠨ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ | ᠨᠥᠬᠦᠴᠡᠯ ᠳᠤ ᠨᠡᠶᠢᠴᠡᠬᠦ ᠬᠥᠮᠦᠰ ᠤᠨ ᠲᠤᠭ᠎ᠠ ᠨᠢ ᠠᠵᠤ ᠠᠬᠤᠢᠯᠠᠯ ᠤᠨ ᠣᠳᠣ ᠶᠢᠨ ᠠᠵᠢᠯᠯᠠᠵᠤ ᠪᠠᠶᠢᠭ᠎ᠠ ᠠᠵᠢᠯᠲᠠᠨ | ᠠᠵᠢᠯᠴᠢᠨ ᠤ ᠲᠣᠭᠠᠨ ᠤ 25% ᠳᠤ ᠬᠦᠷᠦᠭᠰᠡᠨ ᠪᠥᠭᠡᠳ ᠲᠡᠭᠦᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ | ᠭᠡᠷ᠎ᠡ ᠲᠣᠭᠲᠠᠭᠰᠠᠨ ᠵᠢᠵᠢᠭ ᠪᠢᠴᠢᠯ ᠠᠵᠤ ᠠᠬᠤᠢᠯᠠᠯ ᠨᠢ ᠴᠥᠮ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ | ᠵᠢᠭᠡᠯᠡᠯᠭᠡ ᠭᠤᠶᠤᠴᠢᠯᠠᠵᠤ ᠪᠣᠯᠤᠨ᠎ᠠ᠃ | ᠥᠪᠥᠷ ᠮᠣᠩᠭᠤᠯ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ | ᠳᠠᠭᠠᠭᠠᠯᠲᠠ ᠪᠠ ᠳᠡᠮ ᠬᠦᠦ ᠮᠥᠩᠭᠦ ᠶᠢᠨ ᠱᠠᠭᠠᠷᠳᠠᠯᠭ᠎ᠠ ᠶᠢ ᠠᠭᠤᠵᠢᠭᠤ ᠲᠠᠯᠪᠢᠵᠤ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠳᠡᠮ ᠬᠦᠦ ᠮᠥᠩᠭᠦ ᠶᠢᠨ ᠳᠡᠮᠵᠢᠯᠭᠡ ᠶᠢ ᠨᠢᠭᠡᠨᠲᠡ ᠬᠦᠷᠲᠡᠭᠰᠡᠨ ᠵᠢᠵᠢᠭ ᠪᠢᠴᠢᠯ ᠠᠵᠤ ᠠᠬᠤᠶᠢᠯᠠᠯ ᠤᠨ | ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠳᠤ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠰᠠᠭᠤᠷᠢ | ᠮᠥᠩᠭᠦ ᠪᠠᠷ ᠳᠠᠮᠵᠢᠭᠤᠯᠤᠨ ᠳᠠᠭᠠᠭᠠᠯᠲᠠ ᠬᠢᠬᠦ ᠳᠡᠮᠵᠢᠯᠭᠡ ᠬᠠᠩᠭᠠᠵᠤ ᠪᠣᠯᠤᠨ᠎ᠠ᠃ ᠵᠢᠭᠡᠯᠡᠯᠭᠡ ᠪᠠᠨ ᠪᠤᠴᠠᠭᠠᠬᠤ ᠳᠤ | ᠢᠳᠡᠪᠬᠢᠲᠡᠶ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢᠶᠠᠷ ᠰᠠᠶᠢᠨ | ᠪᠠᠶᠢᠭ᠎ᠠ ᠵᠢᠭᠡᠯᠡᠯᠭᠡ ᠠᠪᠤᠭᠰᠠᠨ ᠬᠤᠪᠢ ᠬᠥᠮᠥᠨ ᠪᠠ ᠵᠢᠵᠢᠭ ᠪᠢᠴᠢᠯ ᠠᠵᠤ ᠠᠬᠤᠢᠯᠠᠯ ᠳᠤ ᠠᠳᠠᠯ ᠦᠢᠯᠡᠰ | ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠳᠡᠮ ᠬᠦᠤ ᠮᠥᠩᠭᠦ ᠶᠢ ᠦᠷᠭᠦᠯᠵᠢᠯᠡᠨ ᠬᠠᠩᠭᠠᠵᠤ ᠪᠣᠯᠤᠨ᠎ᠠ᠂ ᠭᠡᠪᠡᠴᠦ | 3 ᠤᠳᠠᠭ᠎ᠠ ᠠᠴᠠ ᠬᠡᠲᠦᠷᠡᠵᠦ ᠪᠣᠯᠬᠤ ᠥᠬᠡᠶ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠡᠯ᠎ᠡ ᠭᠠᠵᠠᠷ ᠤᠨ ᠵᠠᠰᠠᠭ ᠤᠨ ᠣᠷᠳᠣᠨ ᠤ ᠴᠢᠨᠠᠷᠲᠠᠶ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ | ᠠᠬᠤᠢᠯᠠᠯ ᠳᠤ ᠤᠷᠢᠳ ᠢᠶᠠᠷ ᠳᠣᠤᠷ᠎ᠠ ᠨᠣᠷᠮ᠎ᠠ ᠪᠠᠷ ᠳᠠᠭᠠᠭᠠᠯᠲᠠ ᠶᠢᠨ ᠳᠡᠮᠵᠢᠯᠭᠡ ᠬᠠᠩᠭᠠᠵᠤ᠂ ᠵᠢᠵᠢᠭ ᠪᠢᠴᠢᠯ ᠠᠵᠤ | ᠠᠬᠤᠶᠢᠯᠠᠯ ᠤᠨ ᠵᠢᠭᠡᠯᠡᠯᠭᠡ ᠠᠪᠬᠤ ᠪᠣᠯᠬᠤᠶᠢᠴᠠ ᠴᠢᠨᠠᠷ ᠢ ᠨᠢ ᠳᠡᠭᠡᠭᠰᠢᠯᠡᠭᠦᠯᠬᠦ ᠪᠠᠷ ᠵᠣᠷᠢᠭᠵᠢᠭᠤᠯᠵᠤ ᠪᠤᠢ᠃ |