ᠮᠠᠨ ᠤ ᠣᠷᠣᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠪᠦᠷᠢᠮᠦᠰᠦᠨ ᠦᠭᠡᠶᠢᠰᠬᠡᠵᠦ ᠪᠠᠷᠢᠮᠵᠢᠶ᠎ᠠ ᠳᠤ ᠬᠦᠷᠦᠭᠦᠯᠬᠦ︾ ᠲᠤᠰᠬᠠᠶ ᠠᠵᠢᠯᠯᠠᠭ᠎ᠠ ᠥᠷᠨᠢᠭᠦᠯᠵᠦ ᠪᠣᠢ
ᠨᠡᠶᠢᠲᠡᠯᠡᠭᠰᠡᠨ ᠴᠠᠭ᠄
2019/3/5
     ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠷᠦᠬᠡ ᠳᠤ ᠬᠦᠷᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠵᠦᠷᠢᠶ᠎ᠡ ᠲᠠᠢ ᠪᠠᠶᠢᠬᠤ ᠶᠢ ᠪᠦᠷᠢᠮᠦᠰᠦᠨ ᠦᠭᠡᠶᠢᠰᠬᠡᠨ᠎ᠡ︔      ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠢ ᠪᠦᠷᠬᠦᠭᠦᠯᠦᠭᠡᠳᠦᠢ ᠪᠣᠶᠣ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠵᠦᠢᠯ ᠢ ᠪᠠᠲᠤᠯᠠᠬᠤ ᠲᠦᠷᠦ ᠶᠢᠨ ᠪᠤᠳᠤᠯᠭ᠎ᠠ ᠶᠢ ᠪᠦᠷᠬᠦᠭᠦᠯᠦᠭᠡᠳᠦᠢ ᠪᠠᠶᠢᠬᠤ ᠶᠢ ᠪᠦᠷᠢᠮᠦᠰᠦᠨ ᠦᠭᠡᠶᠢᠰᠬᠡᠨ᠎ᠡ︔      ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠬᠠᠮᠲᠤ ᠨᠡᠶᠢᠲᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠬᠠᠮᠲᠤ ᠨᠡᠶᠢᠲᠡ ᠶᠢᠨ ᠠᠵᠤ ᠠᠬᠤᠢ ᠨᠢ ᠪᠠᠭᠤᠷᠠᠢ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠦᠭᠡᠶᠢᠰᠬᠡᠬᠦ ᠶᠢ ᠠᠬᠢᠨ ᠨᠡᠮᠡᠭᠳᠡᠭᠦᠯᠦᠨ᠎ᠡ︔      ᠳᠡᠩᠰᠨ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠪᠦᠷᠢᠮᠦᠰᠦᠨ ᠦᠭᠡᠶᠢᠰᠬᠡᠨ᠎ᠡ︔      ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ ᠬᠥᠳᠡᠯᠭᠡᠭᠴᠢ ᠬᠦᠴᠦᠨ ᠤ ᠴᠠᠬᠢᠯᠭᠠᠨ ᠨᠡᠪᠲᠡᠷᠡᠭᠡᠳᠦᠢ᠂ ᠶᠠᠳᠠᠭᠤ ᠬᠦᠴᠢᠷᠳᠡᠯᠲᠡᠶ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠶᠢ ᠪᠦᠷᠢᠮᠦᠰᠦᠨ ᠦᠭᠡᠶᠢᠰᠬᠡᠨ᠎ᠡ︔      ᠳᠡᠩᠰᠨ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠡᠭᠦᠷᠭᠡ ᠶᠢᠨ ᠪᠡᠶᠡᠯᠡᠭᠦᠯᠦᠭᠡᠳᠦᠢ ᠪᠠᠶᠢᠬᠤ ᠶᠢ ᠪᠦᠷᠢᠮᠦᠰᠦᠨ ᠦᠭᠡᠶᠢᠰᠬᠡᠨ᠎ᠡ︔      ᠲᠦᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ ᠲᠠᠩᠰᠠ ᠪᠠ ᠺᠠᠷᠲ ᠣᠯᠭᠤᠬᠤ ᠲᠠᠪᠴᠠᠩ ᠤᠨ ᠲᠤᠭ᠎ᠠ ᠪᠠᠷᠢᠮᠲᠠ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠦᠨ᠎ᠡ︔      ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠦᠨᠳᠦᠰᠦᠨ ᠡᠮᠴᠢᠯᠡᠭᠡᠨ ᠤ ᠬᠡᠷᠡᠭᠴᠡᠭᠡ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠲᠠᠰᠤᠭ︶᠎ ᠤᠨ ᠳᠤᠨᠤᠭ ᠲᠥᠬᠦᠭᠡᠷᠦᠮᠵᠢ᠂ ᠠᠵᠢᠯᠲᠠᠨ᠂ ᠡᠮ ᠵᠡᠷᠭᠡ ᠡᠮ ᠡᠮᠨᠡᠯᠭᠡ ᠶᠢᠨ ᠦᠨᠳᠦᠰᠦᠨ ᠦᠢᠯᠡᠴᠢᠯᠡᠭᠡ ᠶᠢ ᠪᠠᠷᠢᠮᠵᠢᠶ᠎ᠠ ᠳᠤ ᠬᠦᠷᠦᠭᠦᠯᠦᠨ᠎ᠡ︔      ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶ᠎ᠠ ᠳᠤ ᠬᠦᠷᠦᠭᠦᠯᠦᠨ᠎ᠡ︔      ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠰᠤᠷᠭᠠᠭᠤᠯᠢ ᠶᠢ ᠦᠭᠡᠷᠡᠴᠢᠯᠡᠨ ᠵᠠᠰᠠᠬᠤ ᠪᠠ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢ ᠦᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠦᠷ᠎ᠡ ᠬᠡᠦᠬᠡᠳ ᠤᠨ ᠰᠤᠷᠤᠯᠭ᠎ᠠ ᠠᠴᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠴᠠᠭᠤᠯᠬᠤ ᠶᠢ ᠪᠠᠲᠤᠯᠠᠬᠤ ᠶᠢ ᠪᠠᠷᠢᠮᠵᠢᠶ᠎ᠠ ᠳᠤ ᠬᠦᠷᠦᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号