ᠴᠦᠭᠡᠨ ᠲᠤᠭᠠᠳᠤ ᠦᠨᠳᠦᠰᠦᠳᠡᠨ ᠲᠦᠪᠯᠡᠷᠡᠨ ᠰᠠᠭᠤᠭᠰᠠᠨ ᠤᠷᠤᠨ᠂ ᠴᠦᠭᠡᠨ ᠲᠤᠭᠠᠳᠤ ᠦᠨᠳᠦᠰᠦᠳᠡᠨ | ᠲᠦᠪᠯᠡᠷᠡᠨ ᠰᠠᠭᠤᠭᠰᠠᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠶᠠᠳᠠᠭᠤ ᠶᠢ ᠳᠡᠳᠬᠦᠬᠦ ᠰᠢᠪᠲᠤᠯᠤᠯᠲᠠ ᠶᠢᠨ | ᠡᠷᠴᠢᠮ ᠢᠶᠠᠨ ᠴᠢᠩᠭᠠᠷᠠᠭᠤᠯᠪᠠ᠃ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠪᠠ | ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠳᠤᠷᠠᠨ ᠴᠦᠭᠡᠨ ᠲᠤᠭᠠᠳᠤ ᠦᠨᠳᠦᠰᠦᠳᠡᠨ | ᠤ ᠬᠦᠭᠵᠢᠭᠦᠯᠦᠯᠳᠡ ᠶᠢᠨ ᠪᠡᠯᠡ ᠮᠦᠩᠬᠦ ᠶᠢ ᠴᠠᠭ ᠳᠤᠬᠠᠢ ᠳᠤ ᠨᠢ ᠪᠠᠭᠤᠯᠭᠠᠵᠤ᠂ ᠭᠤᠤᠯᠳᠠᠯᠭ᠎ᠠ ᠪᠠᠨ ᠴᠦᠭᠡᠨ | ᠲᠤᠭᠠᠳᠤ ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤᠷᠤᠭᠤ | ᠬᠡᠯᠪᠠᠶᠢᠯᠭᠡᠪᠠ᠃ 2018 ᠣᠨ ᠳᠤ ᠲᠦᠪ ᠤᠨ ᠡᠳ᠋ ᠤᠨ ᠵᠠᠰᠠᠭ ᠠᠴᠠ ᠮᠠᠨ ᠤ ᠤᠷᠤᠨ ᠳᠤ ᠴᠦᠭᠡᠨ ᠲᠤᠭᠠᠳᠤ | ᠦᠨᠳᠦᠰᠦᠳᠡᠨ ᠤ ᠬᠦᠭᠵᠢᠬᠦᠯᠦᠯᠳᠡ ᠶᠢᠨ ᠪᠡᠯᠡ ᠮᠦᠩᠬᠦ ᠶᠢ 5.7469 ᠳ᠋ᠦᠩᠰᠢᠭᠤᠷ ᠲᠦᠭᠦᠷᠢᠭ ᠲᠤᠬᠢᠷᠠᠭᠤᠯᠤᠨ | ᠪᠠᠭᠤᠯᠭᠠᠵᠤ᠂ 57 ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ 4.3089 ᠳ᠋ᠦᠩᠰᠢᠭᠤᠷ ᠲᠦᠭᠦᠷᠢᠭ ᠤᠨ | ᠪᠡᠯᠡ ᠮᠦᠩᠬᠦ ᠪᠠᠭᠤᠯᠭᠠᠵᠤ᠂ 75% ᠶᠢᠨ ᠬᠠᠷᠢᠴᠠᠯ ᠢ ᠡᠵᠡᠯᠡᠵᠦ᠂ ᠦᠪᠡᠷᠳᠡᠭᠡᠨ ᠵᠠᠰᠠᠬᠤ ᠤᠷᠤᠨ ᠤ ᠲᠤᠰ | ᠱᠠᠳᠤᠨ ᠠᠴᠠ ᠴᠦᠭᠡᠨ ᠲᠤᠭᠠᠳᠤ ᠦᠨᠳᠦᠰᠦᠳᠡᠨ ᠤ ᠬᠦᠭᠵᠢᠭᠦᠯᠦᠯᠳᠡ ᠶᠢᠨ ᠪᠡᠯᠡ ᠮᠦᠩᠬᠦ 0.78 ᠳ᠋ᠦᠩᠰᠢᠭᠤᠷ | ᠲᠦᠭᠦᠷᠢᠭ ᠲᠤᠬᠢᠷᠠᠭᠤᠯᠵᠤ᠂ 57 ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ 0.611 ᠳ᠋ᠦᠩᠰᠢᠭᠤᠷ | ᠲᠦᠭᠦᠷᠢᠭ ᠪᠠᠭᠤᠯᠭᠠᠵᠤ᠂ 78% ᠶᠢᠨ ᠬᠠᠷᠢᠴᠠᠯ ᠢ ᠡᠵᠡᠯᠡᠵᠤ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠠᠬᠢ | ᠪᠡᠯᠡ ᠮᠦᠩᠬᠦᠨ ᠤ ᠳᠡᠮᠵᠢᠯᠭᠡ ᠪᠠᠨ ᠦᠨᠡᠨᠬᠦ ᠢᠯᠡᠷᠡᠭᠦᠯᠵᠤ ᠴᠢᠳᠠᠵᠠᠢ᠃ | ᠦᠨᠳᠦᠰᠦᠳᠡᠨ ᠤ ᠪᠡᠯᠡᠳᠭᠡᠯ ᠮᠦᠩᠬᠦᠨ ᠤ ᠳᠡᠮᠵᠢᠯᠭᠡ ᠶᠢ ᠪᠠᠭᠤᠯᠭᠠᠵᠤ᠂ ᠦᠨᠳᠦᠰᠦᠳᠡᠨ ᠤ ᠤᠷᠤᠨ ᠤ | ᠬᠦᠭᠵᠢᠯᠳᠡ ᠶᠢ ᠳᠡᠮᠵᠢᠵᠠᠢ᠃ 2018 ᠣᠨ ᠳᠤ ᠦᠪᠡᠷᠳᠡᠭᠡᠨ ᠵᠠᠰᠠᠬᠤ ᠤᠷᠤᠨ ᠠᠴᠠ ᠡᠯ᠎ᠡ ᠠᠶᠢᠮᠠᠭ ᠬᠤᠳᠠ ᠶᠢᠨ | ᠦᠨᠳᠦᠰᠦᠳᠡᠨ ᠤ ᠪᠡᠯᠡᠳᠭᠡᠯ ᠮᠦᠩᠬᠦ ᠶᠢᠨ ᠲᠤᠰᠬᠠᠢ ᠲᠦᠷᠦᠯ ᠤᠨ ᠨᠦᠬᠦᠪᠦᠷᠢ 1.7 ᠳ᠋ᠦᠩᠰᠢᠭᠤᠷ ᠲᠦᠭᠦᠷᠢᠭ | ᠪᠠᠭᠤᠯᠭᠠᠵᠤ᠂ ᠭᠤᠤᠯᠳᠠᠭᠤ ᠦᠨᠳᠦᠰᠦᠳᠡᠨ ᠤ ᠰᠤᠷᠭᠠᠨ ᠬᠦᠮᠦᠵᠢᠯ᠂ ᠦᠨᠳᠦᠰᠦᠳᠡᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠦᠨᠳᠦᠰᠦᠳᠡᠨ ᠤ ᠰᠤᠶᠤᠯ᠂ ᠦᠨᠳᠦᠰᠦᠳᠡᠨ ᠤ ᠡᠷᠡᠭᠦᠯ ᠬᠠᠮᠠᠭᠠᠯᠠᠯ ᠵᠡᠷᠭᠡ ᠶᠢᠨ ᠦᠨᠳᠦᠰᠦᠳᠡᠨ | ᠤ ᠦᠢᠯᠡᠰ ᠤᠨ ᠬᠦᠭᠵᠢᠯᠳᠡ ᠶᠢᠨ ᠲᠦᠷᠦᠯ ᠵᠦᠢᠯ ᠳᠤ ᠬᠡᠷᠡᠭᠯᠡᠪᠡ᠃ | ︽ᠭᠤᠷᠪᠠᠨ ᠴᠦᠭᠡᠨ ᠲᠤᠭᠠᠳᠤ ᠦᠨᠳᠦᠰᠦᠳᠡᠨ︾ ᠳᠤ ᠵᠦᠷᠢᠶᠡᠨᠳᠦ ᠳᠡᠮᠵᠢᠯᠭᠡ ᠶᠢᠨ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠪᠡ᠃ ᠵᠢᠯ ᠪᠤᠯᠭᠠᠨ ᠡᠸᠡᠩᠬᠢ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤ᠂ | ᠮᠤᠷᠢᠨᠳᠠᠪᠠᠭ᠎ᠠ ᠶᠢᠨ ᠳᠠᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤ ᠪᠤᠯᠤᠨ ᠤᠷᠴᠤᠨ ᠤ ᠦᠪᠡᠷᠳᠡᠭᠡᠨ | ᠵᠠᠰᠠᠬᠤ ᠬᠤᠰᠢᠭᠤᠨ ᠳᠤ ᠲᠤᠰ ᠪᠦᠷᠢ ᠤᠨᠴᠠᠭᠠᠢ ᠡᠳ᠋ ᠤᠨ ᠵᠠᠰᠠᠭ ᠤᠨ ᠳᠡᠮᠵᠢᠯᠭᠡ 0.71 ᠳ᠋ᠦᠩᠰᠢᠭᠤᠷ ᠲᠦᠭᠦᠷᠢᠭ᠂ | 1.37 ᠳ᠋ᠦᠩᠰᠢᠭᠤᠷ ᠲᠦᠭᠦᠷᠢᠭ᠂ 1.06 ᠳ᠋ᠦᠩᠰᠢᠭᠤᠷ ᠲᠦᠭᠦᠷᠢᠭ ᠪᠠᠭᠤᠯᠭᠠᠪᠠ᠃ |