ᠠᠰᠠᠭᠤᠯᠲᠠ᠄ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠲᠡᠭᠡᠳ ᠢ ᠮᠠᠭᠠᠳᠯᠠᠨ | ᠲᠣᠭᠲᠠᠭᠠᠬᠤ ᠪᠠᠷᠢᠮᠵᠢᠶ᠎ᠠ ᠪᠠ ᠳᠡᠰ ᠳᠠᠷᠠᠭᠠᠯᠠᠯ ᠨᠢ ᠶᠠᠭᠤ ᠪᠣᠢ︖ | ᠬᠠᠷᠢᠭᠤᠯᠲᠠ᠄ | 1. ᠨᠥᠬᠦᠪᠦᠷᠢ ᠥᠭᠬᠦ ᠡᠲᠡᠭᠡᠳ ᠤᠨ ᠪᠡᠶ᠎ᠡ ᠭᠠᠷᠤᠯ ᠢ ᠮᠠᠭᠠᠳᠯᠠᠨ ᠲᠣᠭᠲᠠᠭᠠᠬᠤ᠄ ᠮᠠᠯᠵᠢᠬᠤ ᠲᠠᠷᠢᠶᠠᠯᠠᠬᠤ | ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠦᠷᠢ ᠥᠭᠬᠦ ᠡᠲᠡᠭᠡᠳ ᠪᠣᠯ | ᠨᠤᠷᠠᠬᠤ ᠠᠶᠤᠯᠲᠠᠢ ᠭᠡᠷ ᠪᠠᠶᠢᠰᠢᠩ ᠳᠤ ᠰᠠᠭᠤᠵᠤ ︵ᠭᠡᠷ ᠪᠠᠶᠢᠰᠢᠩ ᠦᠭᠡᠢ︶ ᠪᠠᠶᠢᠭ᠎ᠠ ᠳᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠢ ᠡᠷᠦᠬᠡ᠂ ᠨᠠᠭᠠᠲᠤ ᠵᠠᠬ᠎ᠠ ᠶᠢᠨ ᠪᠠᠲᠤᠯᠠᠭ᠎ᠠ ᠲᠠᠢ ᠡᠷᠦᠬᠡ᠂ ᠬᠥᠳᠡᠭᠡ ᠲᠣᠰᠬᠤᠨ ᠤ ᠰᠠᠯᠭᠠᠵᠤ | ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠪᠠ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠭᠡᠷ | ᠪᠦᠯᠢ ᠵᠡᠷᠭᠡ 4 ᠲᠥᠷᠥᠯ ᠤᠨ ᠭᠤᠣᠯᠳᠠᠯᠭ᠎ᠠ ᠲᠠᠢ ᠡᠲᠡᠭᠡᠳ ︵ᠳᠣᠷᠣᠭᠰᠢ 4 ᠲᠥᠷᠥᠯ ᠤᠨ ᠭᠤᠣᠯᠳᠠᠯᠭ᠎ᠠ ᠲᠠᠢ | ᠡᠲᠡᠭᠡᠳ ᠭᠡᠵᠦ ᠲᠣᠪᠴᠢᠯᠠᠨ᠎ᠠ︶ ᠪᠣᠯᠣᠨ᠎ᠠ᠃ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠪᠡᠶ᠎ᠡ | ᠭᠠᠷᠤᠯ ᠢ ᠢᠯᠭᠠᠨ ᠲᠣᠳᠣᠯᠠᠬᠤ ᠳᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠬᠤ ᠪᠠᠷ | ᠪᠠᠷᠢᠮᠵᠢᠶ᠎ᠠ ᠪᠣᠯᠭᠠᠵᠤ᠂ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ ᠪᠡᠶ᠎ᠡ ᠭᠠᠷᠤᠯ ᠢ ᠢᠯᠭᠠᠨ | ᠲᠣᠳᠣᠯᠠᠬᠤ ᠳᠤ ᠵᠡᠮᠳᠡᠭᠴᠦᠳ ᠤᠨ ᠬᠤᠯᠪᠣᠭ᠎ᠠ ᠠᠴᠠ ᠶᠠᠳᠠᠭᠤ ᠶᠢ ᠲᠡᠳᠬᠦᠬᠦ ᠪᠤᠶᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠲᠠᠢ ᠵᠥᠪᠳᠡᠯᠴᠡᠨ ᠬᠤᠯᠪᠣᠭᠠᠯᠠᠵᠤ ᠮᠠᠭᠠᠳᠯᠠᠨ ᠲᠣᠭᠲᠠᠭᠠᠬᠤ ᠪᠠᠷ ᠪᠠᠷᠢᠮᠵᠢᠶ᠎ᠠ ᠪᠣᠯᠭᠠᠨ᠎ᠠ᠃ | ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠠᠴᠠ ᠨᠤᠷᠠᠬᠤ ᠠᠶᠤᠯᠲᠠᠢ ᠭᠡᠷ ᠪᠠᠶᠢᠰᠢᠩ ᠤᠨ ᠬᠠᠮᠢᠶᠠᠷᠤᠯᠲᠠ ᠶᠢᠨ ᠳᠠᠩᠰᠠ ᠡᠪᠬᠡᠮᠡᠯ ᠤᠨ ᠮᠡᠳᠡᠭᠡ | ᠵᠠᠩᠭᠢ ᠶᠢ ᠶᠠᠳᠠᠭᠤ ᠶᠢ ᠲᠡᠳᠬᠦᠬᠦ᠂ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ | ᠮᠥᠴᠢᠷ ᠠᠴᠠ ᠬᠠᠩᠭᠠᠭᠰᠠᠨ 4 ᠲᠥᠷᠥᠯ ᠤᠨ ᠭᠤᠣᠯᠳᠠᠯᠭ᠎ᠠ ᠲᠠᠢ ᠡᠲᠡᠭᠡᠳ ᠤᠨ ᠨᠡᠷᠡᠰ ᠲᠠᠢ ᠲᠤᠶᠢᠯ ᠤᠨ | ᠣᠨᠣᠪᠴᠢᠲᠠᠢ ᠪᠠᠷ ᠵᠣᠯᠭᠠᠯᠳᠤᠭᠤᠯᠤᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠭᠰᠡᠨ ᠥᠭᠡᠷᠡᠴᠢᠯᠡᠨ ᠰᠢᠨᠡᠳᠬᠡᠬᠦ | ᠡᠲᠡᠭᠡᠳ ᠢ ᠲᠣᠭᠲᠠᠭᠠᠨ᠎ᠠ᠃ | 2. ᠬᠢᠨᠠᠨ ᠵᠥᠪᠰᠢᠶᠡᠷᠡᠬᠦ ᠳᠡᠰ ᠳᠠᠷᠠᠭᠠᠯᠠᠯ᠄ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠵᠠᠷᠴᠢᠮ ᠢ | ᠪᠠᠷᠢᠮᠲᠠᠯᠠᠨ᠂ ᠲᠠᠷᠢᠶᠠᠴᠢᠨ ᠡᠷᠦᠬᠡ ᠠᠴᠠ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠲᠣᠰᠬᠤᠨ ᠤ ᠠᠷᠠᠳ ᠤᠨ | ᠬᠤᠷᠠᠯ ᠪᠤᠶᠤ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠠᠴᠠ ᠠᠷᠠᠳᠴᠢᠯᠠᠯ ᠢᠶᠠᠷ ᠵᠥᠪᠯᠡᠨ | ᠲᠣᠭᠲᠠᠭᠠᠬᠤ᠂ ᠰᠤᠮᠤ ︵ᠰᠢᠶᠠᠩ᠂ ᠪᠠᠯᠭᠠᠰᠤ︶ ᠠᠴᠠ ᠬᠢᠨᠠᠨ ᠬᠠᠷᠭᠤᠭᠤᠯᠬᠤ᠂ ᠬᠤᠰᠢᠭᠤ ᠰᠢᠶᠠᠨ ᠠᠴᠠ ᠬᠢᠨᠠᠨ | ᠵᠥᠪᠰᠢᠶᠡᠷᠡᠬᠦ ᠳᠡᠰ ᠳᠠᠷᠠᠭᠠᠯᠠᠯ ᠢ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠵᠥᠪᠰᠢᠶᠡᠷᠡᠭᠦᠯᠦᠭᠰᠡᠨ ᠨᠤᠷᠠᠬᠤ ᠠᠶᠤᠯᠲᠠᠢ | ᠭᠡᠷ ᠪᠠᠶᠢᠰᠢᠩ ᠢ ᠨᠢ ᠥᠭᠡᠷᠡᠴᠢᠯᠡᠨ ᠰᠢᠨᠡᠳᠬᠡᠬᠦ ᠴᠢᠬᠤᠯᠠᠲᠠᠢ ᠲᠠᠷᠢᠶᠠᠴᠢᠨ ᠡᠷᠦᠬᠡ ᠲᠠᠢ ᠭᠡᠷ᠎ᠡ ᠪᠤᠶᠤ ᠬᠡᠯᠡᠯᠴᠡᠭᠡᠷ | ᠲᠣᠭᠲᠠᠬᠤ ᠠᠵᠢᠯ ᠢ ᠵᠣᠬᠢᠶᠠᠨ ᠪᠠᠶᠢᠭᠤᠯᠵᠤ ᠰᠠᠶᠢᠲᠤᠷ ᠬᠢᠬᠦ ᠬᠡᠷᠡᠭᠲᠡᠢ᠃ | 3. ᠪᠤᠰᠤᠳ ᠵᠦᠢᠯ᠄ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ ᠰᠢᠯᠵᠢᠭᠦᠯᠦᠨ ᠨᠡᠭᠦᠯᠭᠡᠬᠦ | ᠲᠥᠯᠥᠪᠯᠡᠭᠡ ᠳᠤ ᠣᠷᠣᠭᠤᠯᠤᠭᠰᠠᠨ ᠪᠤᠶᠤ ᠨᠢᠭᠡᠨᠲᠡ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ ᠰᠢᠯᠵᠢᠭᠦᠯᠦᠨ | ᠨᠡᠭᠦᠯᠭᠡᠬᠦ ᠲᠥᠷᠥ ᠶᠢᠨ ᠪᠣᠳᠣᠯᠭ᠎ᠠ ᠶᠢ ᠬᠦᠷᠲᠡᠭᠰᠡᠨ 4 ᠲᠥᠷᠥᠯ ᠤᠨ ᠭᠤᠣᠯᠳᠠᠯᠭ᠎ᠠ ᠲᠠᠢ ᠡᠲᠡᠭᠡᠳ ᠢ ᠬᠥᠳᠡᠭᠡ | ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠲᠡᠭᠡᠳ ᠲᠤ ᠵᠢᠭᠰᠠᠭᠠᠵᠤ ᠪᠣᠯᠬᠤ | ᠦᠭᠡᠢ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠨᠥᠬᠦᠪᠦᠷᠢ ᠮᠥᠩᠭᠦ ᠶᠢ ᠨᠢᠭᠡᠨᠲᠡ ᠬᠦᠷᠲᠡᠭᠰᠡᠨ ᠮᠥᠷᠲᠡᠭᠡᠨ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ | ᠰᠢᠯᠵᠢᠭᠦᠯᠦᠨ ᠨᠡᠭᠦᠯᠭᠡᠬᠦ ᠪᠠᠷ ᠳᠠᠬᠢᠨᠲᠠ ᠭᠤᠶᠤᠴᠢᠯᠠᠬᠤ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠨᠳᠣᠣ ᠭᠠᠵᠠᠷ ᠶᠠᠳᠠᠭᠤ ᠶᠢ ᠲᠡᠳᠬᠦᠬᠦ ᠪᠠᠷ ᠰᠢᠯᠵᠢᠭᠦᠯᠦᠨ ᠨᠡᠭᠦᠯᠭᠡᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠶᠠᠪᠤᠴᠠ ᠳᠤ ᠬᠤᠯᠪᠣᠭᠳᠠᠯ ᠪᠦᠬᠦᠢ ᠠᠰᠠᠭᠤᠳᠠᠯ ᠢ ᠰᠢᠢᠳᠪᠦᠷᠢᠯᠡᠬᠦ ᠰᠠᠨᠠᠯ ᠢ ᠳᠠᠷᠤᠮᠠᠯᠯᠠᠨ ᠲᠠᠷᠬᠠᠭᠠᠬᠤ | ᠲᠤᠬᠠᠢ ᠮᠡᠳᠡᠭᠳᠡᠯ︾ ᠶᠣᠰᠣᠭᠠᠷ ᠬᠡᠷᠡᠭᠵᠢᠭᠦᠯᠦᠨ᠎ᠡ᠃ ᠥᠩᠭᠡᠷᠡᠭᠰᠡᠨ ᠵᠢᠯ ᠤᠳ ᠲᠤ ᠨᠢᠭᠡᠨᠲᠡ ᠮᠠᠯᠵᠢᠬᠤ ᠲᠠᠷᠢᠶᠠᠯᠠᠬᠤ | ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠦᠷᠢ ᠮᠥᠩᠭᠦ ᠶᠢ ᠬᠦᠷᠲᠡᠭᠰᠡᠨ | ᠪᠤᠯᠠᠪᠠᠴᠤ ᠬᠡᠷᠡᠭᠯᠡᠬᠦ ᠬᠤᠭᠤᠴᠠᠭᠠᠨ ᠤ ᠬᠢᠵᠠᠭᠠᠷ ᠨᠢ ᠲᠤᠯᠤᠭᠠᠳᠤᠢ ᠪᠠᠷ ᠳᠠᠬᠢᠨ ᠣᠷᠣᠨ ᠰᠠᠭᠤᠴᠠ ᠶᠢᠨ ᠠᠮᠤᠷ | ᠲᠦᠪᠰᠢᠨ ᠤ ᠴᠢᠨᠠᠷ ᠤᠨ ᠠᠰᠠᠭᠤᠳᠠᠯ ᠢᠯᠡᠷᠡᠭᠰᠡᠨ ᠪᠣᠯ᠂ ᠬᠤᠰᠢᠭᠤ ᠰᠢᠶᠠᠨ ᠤ ᠠᠷᠠᠳ ᠤᠨ ᠵᠠᠰᠠᠭ ᠤᠨ | ᠣᠷᠳᠣᠨ ᠠᠴᠠ ᠥᠪᠡᠷ ᠢᠶᠠᠨ ᠪᠡᠯᠡ ᠮᠥᠩᠭᠦ ᠬᠤᠷᠠᠮᠳᠤᠭᠤᠯᠵᠤ ᠪᠠᠶᠢᠭᠠᠳ ᠣᠷᠣᠨ ᠰᠠᠭᠤᠴᠠ ᠶᠢᠨ ᠠᠮᠤᠷ | ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ | ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠬᠤᠯᠪᠣᠭᠳᠠᠯ | ᠪᠦᠬᠦᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | |