ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2019/3/5
     ᠪᠤᠯᠤᠩ ᠡᠬᠢᠯᠡᠬᠦ ᠦᠭᠡ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠶᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠶᠢ ᠣᠯᠬᠤ ᠳᠤ ᠡᠷᠬᠡᠪᠰᠢ ᠰᠠᠶᠢᠲᠤᠷ ᠬᠢᠬᠦ ᠴᠢᠬᠤᠯᠠᠲᠠᠢ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠨᠢᠭᠡ ᠪᠣᠯᠭᠠᠵᠤ᠂ ᠰᠢᠨ᠎ᠡ ᠪᠠᠷ ᠪᠠᠶᠢᠷᠢᠯᠠᠭᠤᠯᠤᠯᠲᠠ ᠬᠢᠪᠡ᠃ ᠣᠳᠣᠬᠠᠨ ᠳᠤ᠂ ᠶᠠᠳᠠᠭᠤ ᠶᠢ ᠲᠡᠳᠬᠦᠨ ᠰᠢᠪᠲᠤᠯᠤᠯᠲᠠ ᠬᠢᠬᠦ ᠠᠵᠢᠯ ᠨᠢ ᠬᠦᠴᠢᠷ ᠢ ᠲᠤᠭᠤᠯᠤᠨ ᠰᠢᠪᠲᠤᠯᠤᠯᠲᠠ ᠬᠢᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠳᠤ ᠣᠷᠣᠵᠤ᠂ ᠮᠠᠨ ᠤ ᠣᠷᠣᠨ ᠶᠠᠭ ᠰᠠᠶᠢᠬᠠᠨ ᠣᠶᠣᠨ ᠢᠶᠠᠨ ᠰᠢᠪᠬᠠᠨ ᠬᠦᠴᠦᠨ ᠢᠶᠠᠨ ᠨᠡᠮᠡᠵᠦ᠂ ᠲᠤᠶᠢᠯ ᠤᠨ ᠣᠨᠣᠪᠴᠢᠲᠠᠢ ᠪᠠᠷ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠂ ᠨᠡᠩ ᠬᠦᠴᠦᠨ ᠪᠦᠬᠦᠢ ᠠᠵᠢᠯᠯᠠᠭ᠎ᠠ ᠪᠠ ᠨᠡᠩ ᠯᠠᠪᠳᠠᠭᠤᠨ ᠪᠠᠲᠤᠲᠠᠢ ᠠᠵᠢᠯ ᠢᠶᠠᠷ᠂ ᠬᠦᠴᠦᠨ ᠴᠢᠳᠠᠯ ᠢᠶᠠᠨ ᠲᠥᠪᠯᠡᠷᠡᠭᠦᠯᠦᠨ ᠶᠠᠳᠠᠭᠤ ᠶᠢ ᠲᠡᠳᠬᠦᠬᠦ ᠠᠵᠢᠯ ᠤᠨ ᠲᠤᠶᠢᠯ ᠤᠨ ᠬᠠᠲᠠᠭᠤ ᠪᠡᠷᠬᠡᠲᠡᠢ ᠡᠭᠦᠷᠭᠡ ᠶᠢ ᠰᠢᠪᠲᠤᠯᠤᠨ ᠰᠢᠢᠳᠪᠦᠷᠢᠯᠡᠵᠦ ᠪᠠᠶᠢᠨ᠎ᠠ᠃ ᠠᠷᠠᠳ ᠲᠦᠮᠡᠨ ᠤ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠣᠶᠢᠯᠭᠠᠨ ᠮᠡᠳᠡᠬᠦ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠶᠠᠳᠠᠭᠤ ᠶᠢ ᠲᠡᠳᠬᠦᠨ ᠰᠢᠪᠲᠤᠯᠤᠯᠲᠠ ᠬᠢᠬᠦ ᠶᠢ ᠭᠦᠨᠵᠡᠭᠡᠢ ᠥᠷᠨᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠤᠰᠠᠳᠠ᠂ ᠠᠩᠬᠠᠷᠤᠯ ᠢᠶᠠᠨ ᠬᠠᠨᠳᠤᠭᠤᠯᠬᠤ ᠶᠢ ᠬᠦᠰᠡᠵᠦ ᠪᠠᠶᠢᠨ᠎ᠠ᠃      ᠠᠰᠠᠭᠤᠯᠲᠠ᠄ 2018 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠭᠡᠳ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠨ ᠭᠡᠷ ᠪᠦᠯᠢ ᠶᠢᠨ ᠦᠷ᠎ᠡ ᠬᠡᠦᠬᠡᠳ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠭᠡᠷ ᠪᠦᠯᠢ ᠶᠢᠨ ᠬᠡᠦᠬᠡᠳ᠂ ᠥᠨᠥᠴᠢᠨ ᠬᠡᠦᠬᠡᠳ ᠰᠤᠷᠭᠠᠭᠤᠯᠢ ᠳᠤ ᠣᠷᠣᠬᠤ ᠳᠤ ᠵᠣᠭᠤᠰ ᠢᠶᠠᠷ ᠲᠤᠰᠠᠯᠠᠬᠤ ᠶᠠᠮᠠᠷ ᠶᠠᠮᠠᠷ ᠲᠥᠷᠥ ᠶᠢᠨ ᠪᠣᠳᠣᠯᠭ᠎ᠠ ᠪᠠᠶᠢᠬᠤ ᠪᠣᠢ︖      ᠬᠠᠷᠢᠭᠤᠯᠲᠠ᠄      ᠵᠣᠭᠤᠰ ᠢᠶᠠᠷ ᠲᠤᠰᠠᠯᠠᠬᠤ ᠡᠲᠡᠭᠡᠳ᠄      1. ᠶᠡᠭᠡ ᠰᠤᠷᠭᠠᠭᠤᠯᠢ ᠶᠢᠨ ᠰᠢᠨ᠎ᠡ ᠤᠶᠤᠲᠠᠨ᠄ 2018 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠭᠡᠳ᠂ ᠰᠤᠷᠭᠠᠨ ᠬᠥᠮᠥᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠰᠠᠯᠠᠭ᠎ᠠ ᠮᠥᠴᠢᠷ ᠢᠶᠠᠷ ᠳᠠᠮᠵᠢᠨ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠵᠢᠩᠬᠢᠨᠢ ᠪᠠᠷ ᠡᠯᠰᠡᠭᠳᠡᠭᠰᠡᠨ ᠰᠢᠨ᠎ᠡ ᠤᠶᠤᠲᠠᠨ ᠮᠥᠷᠲᠡᠭᠡᠨ ᠡᠯᠰᠡᠭᠳᠡᠭᠰᠡᠨ ᠴᠠᠭ ᠨᠢ ᠲᠤᠬᠠᠢ ᠶᠢᠨ ᠵᠢᠯ ᠤᠨ 9 ᠳ᠋ᠦ᠋ᠭᠡᠷ ᠰᠠᠷ᠎ᠠ ᠶᠢᠨ 1 ᠤ ᠡᠳᠦᠷ  ᠪᠤᠯᠬᠤ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠨ ᠭᠡᠷ ᠪᠦᠯᠢ ᠶᠢᠨ ᠦᠷ᠎ᠡ ᠬᠡᠦᠬᠡᠳ᠂ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠭᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ︔      2. ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠶᠤᠲᠠᠨ᠄ 2018 ᠣᠨ ᠠᠴᠠ ᠰᠡᠭᠦᠯᠡᠷᠬᠢ᠂ ᠲᠤᠰ ᠰᠤᠷᠤᠯᠭ᠎ᠠ ᠶᠢᠨ ᠣᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠪᠥᠭᠡᠳ ᠡᠯᠰᠡᠭᠳᠡᠭᠰᠡᠨ ᠴᠠᠭ ᠨᠢ ᠲᠤᠬᠠᠢ ᠶᠢᠨ ᠵᠢᠯ ᠤᠨ 9 ᠳ᠋ᠦ᠋ᠭᠡᠷ ᠰᠠᠷ᠎ᠠ ᠶᠢᠨ 1 ᠤ ᠡᠳᠦᠷ ᠪᠤᠯᠬᠤ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠨ ᠭᠡᠷ ᠪᠦᠯᠢ ᠶᠢᠨ ᠬᠡᠦᠬᠡᠳ᠂ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠭᠡᠷ ᠪᠦᠯᠢ ᠶᠢᠨ ᠦᠷ᠎ᠡ ᠬᠡᠦᠬᠡᠳ  ᠂ ᠥᠨᠥᠴᠢᠨ ᠬᠡᠤᠭᠡᠳ ᠪᠥᠬᠦᠢ ᠪᠦᠬᠦᠯᠢ ᠡᠳᠦᠷ ᠤᠨ ᠳᠦᠷᠢᠮᠲᠦ ᠦᠨᠳᠦᠰᠦᠨ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ︵2018 ᠣᠨ ᠠᠴᠠ ᠡᠮᠦᠨ᠎ᠡ ᠰᠤᠷᠭᠠᠭᠤᠯᠢ ᠳᠤ ᠣᠷᠣᠭᠰᠠᠨ ᠰᠤᠷᠭᠠᠭᠤᠯᠢ ᠳᠤ ᠰᠤᠷᠤᠯᠴᠠᠭ᠎ᠠ ᠰᠤᠷᠤᠭᠴᠢ ᠶᠢ ᠪᠠᠭᠲᠠᠭᠠᠬᠤ ᠦᠭᠡᠢ︶᠃      ᠵᠣᠭᠤᠰ ᠢᠶᠠᠷ ᠲᠤᠰᠠᠯᠠᠬᠤ ᠪᠠᠷᠢᠮᠵᠢᠶ᠎ᠠ᠄      1. ᠡᠩ ᠤᠨ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠠᠩᠭᠢ ᠶᠢᠨ ᠲᠥᠷᠥᠯ ᠳᠤ ᠡᠯᠰᠡᠭᠳᠡᠭᠰᠡᠨ ᠮᠥᠷᠲᠡᠭᠡᠨ ᠳᠡᠭᠡᠷ᠎ᠡ ᠶᠠᠷᠢᠭᠰᠠᠨ ᠨᠥᠬᠦᠴᠡᠯ ᠳᠤ ᠨᠡᠶᠢᠴᠡᠭᠰᠡᠨ ᠰᠤᠷᠤᠭᠴᠢ ︵ᠶᠡᠭᠡ ᠰᠤᠷᠭᠠᠭᠤᠯᠢ ᠶᠢᠨ ᠪᠡᠯᠡᠳᠬᠡᠯ ᠠᠩᠭᠢ ᠶᠢᠨ ᠰᠤᠷᠤᠭᠴᠢ ᠶᠢ ᠪᠠᠭᠲᠠᠭᠠᠨ᠎ᠠ︶ ᠶᠢ ᠡᠯᠰᠡᠭᠳᠡᠭᠰᠡᠨ ᠲᠤᠬᠠᠢ ᠶᠢᠨ ᠵᠢᠯ ᠠᠴᠠ ᠡᠬᠢᠯᠡᠨ ᠵᠣᠭᠤᠰ ᠢᠶᠠᠷ ᠲᠤᠰᠠᠯᠠᠵᠤ᠂ ᠰᠤᠷᠤᠯᠭ᠎ᠠ ᠶᠢᠨ ᠣᠨ ᠪᠦᠷᠢ 10000 ᠲᠥᠭᠦᠷᠢᠭ ᠵᠣᠭᠤᠰ ᠢᠶᠠᠷ ᠲᠤᠰᠠᠯᠠᠨ᠂ ᠵᠣᠭᠤᠰ ᠢᠶᠠᠷ ᠲᠤᠰᠠᠯᠠᠬᠤ ᠨᠡᠶᠢᠲᠡ ᠲᠤᠭ᠎ᠠ ᠨᠢ 40000 ᠲᠥᠭᠦᠷᠢᠭ ᠢ ᠬᠡᠲᠦᠷᠡᠬᠦ ᠦᠭᠡᠢ︔      2. ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠪᠤᠶᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠲᠥᠷᠥᠯ ᠳᠤ ᠡᠯᠰᠡᠭᠳᠡᠭᠰᠡᠨ ᠮᠥᠷᠲᠡᠭᠡᠨ ᠳᠡᠭᠡᠷ᠎ᠡ ᠶᠠᠷᠢᠭᠰᠠᠨ ᠨᠥᠬᠦᠴᠡᠯ ᠳᠤ ᠨᠡᠶᠢᠴᠡᠭᠰᠡᠨ ᠰᠤᠷᠤᠭᠴᠢ ︵ᠶᠡᠭᠡ ᠰᠤᠷᠭᠠᠭᠤᠯᠢ ᠶᠢᠨ ᠪᠡᠯᠡᠳᠬᠡᠯ ᠠᠩᠭᠢ ᠶᠢ ᠪᠠᠭᠲᠠᠭᠠᠨ᠎ᠠ︶ ᠶᠢ ᠡᠯᠰᠡᠭᠳᠡᠭᠰᠡᠨ ᠲᠤᠬᠠᠢ ᠶᠢᠨ ᠵᠢᠯ ᠠᠴᠠ ᠡᠬᠢᠯᠡᠨ ᠵᠣᠭᠤᠰ ᠢᠶᠠᠷ ᠲᠤᠰᠠᠯᠠᠵᠤ᠂ ᠰᠤᠷᠤᠯᠭ᠎ᠠ ᠶᠢᠨ ᠵᠢᠯ ᠪᠦᠷᠢ 10000 ᠲᠥᠭᠦᠷᠢᠭ ᠵᠣᠭᠤᠰ ᠢᠶᠠᠷ ᠲᠤᠰᠠᠯᠠᠨ᠂ ᠵᠣᠭᠤᠰ ᠢᠶᠠᠷ ᠲᠤᠰᠠᠯᠠᠬᠤ ᠨᠡᠶᠢᠲᠡ ᠲᠤᠭ᠎ᠠ ᠨᠢ 30000 ᠲᠥᠭᠦᠷᠢᠭ ᠢ ᠬᠡᠲᠦᠷᠡᠬᠦ ᠦᠭᠡᠢ᠃      ᠡᠭᠦᠨ ᠤ ᠬᠠᠮᠲᠤ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠨ᠂ ᠳᠠᠩᠰᠠ ᠪᠠ ᠺᠠᠷᠲ ᠲᠠᠢ᠂ ᠥᠨᠥᠴᠢᠨ ᠵᠡᠷᠭᠡ ᠨᠥᠬᠦᠴᠡᠯ ᠢ ᠪᠦᠷᠢᠯᠳᠦᠭᠦᠯᠦᠭᠰᠡᠨ ᠰᠤᠷᠤᠭᠴᠢ ᠳᠤ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠳᠠᠪᠬᠤᠷᠳᠠᠭᠤᠯᠤᠨ ᠬᠦᠷᠲᠡᠭᠡᠬᠦ ᠦᠭᠡᠢ︔ 2017 ᠣᠨ ᠤ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠪᠣᠯᠪᠠᠴᠤ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠵᠣᠭᠤᠰ ᠢᠶᠠᠷ ᠲᠤᠰᠠᠯᠠᠭᠤᠯᠬᠤ ᠪᠠᠷ ᠭᠤᠶᠤᠴᠢᠯᠠᠵᠤ ᠳᠡᠶᠢᠯᠦᠭᠰᠡᠨ ᠦᠭᠡᠢ ᠰᠤᠷᠤᠭᠴᠢ ᠳᠤ᠂ ᠮᠥᠨ ᠬᠦ ᠤᠤᠯ ᠤᠨ ᠲᠥᠷᠥ ᠶᠢᠨ ᠪᠣᠳᠣᠯᠭ᠎ᠠ ᠶᠣᠰᠣᠭᠠᠷ ᠬᠡᠷᠡᠭᠵᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ