ᠥᠪᠥᠷ ᠮᠣᠩᠭᠤᠯ ᠮᠠᠰᠲ᠋ᠧᠷ ᠪᠠ ᠳᠡᠭᠡᠳᠦ ᠮᠠᠰᠲ᠋ᠧᠷ ᠢ ᠦᠨᠡᠮᠰᠢᠨ ᠲᠣᠭᠲᠠᠭᠠᠬᠤ ᠥᠭᠦᠯᠡᠯ ᠤᠨ ᠱᠠᠭᠠᠷᠳᠠᠯᠭ᠎ᠠ ᠶᠢ ᠬᠦᠴᠦᠨ ᠥᠬᠡᠶ ᠪᠣᠯᠭᠠᠪᠠ
ᠨᠡᠶᠢᠲᠡᠯᠡᠭᠰᠡᠨ ᠴᠠᠭ᠄
2019/3/6
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠭᠡᠷᠡᠴᠢᠯᠡᠯᠲᠡ ᠬᠢᠭᠰᠡᠨ ᠮᠡᠷᠭᠡᠵᠢᠯ ᠤᠨ ᠠᠵᠢᠯᠲᠠᠨ ᠢ ᠦᠨᠡᠮᠰᠢᠨ ᠰᠢᠯᠢᠵᠦ ᠰᠣᠩᠭᠤᠬᠤ ᠬᠠᠮᠤᠭ ᠤᠨ ᠰᠢᠨ᠎ᠡ ᠲᠣᠭᠲᠠᠴᠠ ᠳᠤ᠂ ᠮᠠᠰᠲ᠋ᠧᠷ ᠪᠠ ᠳᠡᠭᠡᠳᠦ ᠮᠠᠰᠲ᠋ᠧᠷ ᠢ ᠦᠨᠡᠮᠰᠢᠨ ᠲᠣᠭᠲᠠᠭᠠᠬᠤ ᠥᠭᠦᠯᠡᠯ᠂ ᠱᠠᠩᠨᠠᠯ ᠤᠨ ᠦᠨᠡᠮᠯᠡᠯ ᠵᠡᠷᠭᠡ ᠱᠠᠭᠠᠷᠳᠠᠯᠭ᠎ᠠ ᠶᠢ ᠬᠦᠴᠦᠨ ᠥᠬᠡᠶ ᠪᠣᠯᠭᠠᠬᠤ ᠪᠠᠷ ᠲᠣᠭᠲᠠᠭᠠᠵᠤ᠂ ᠨᠠᠰᠤ ᠵᠢᠯ᠂ ᠰᠤᠷᠤᠯᠭ᠎ᠠ ᠶᠢᠨ ᠨᠠᠮᠲᠠᠷ᠂ ᠬᠢᠷᠢ ᠭᠡᠮ᠂ ᠪᠡᠶ᠎ᠡ ᠶᠢᠨ ᠭᠠᠷᠤᠯ᠂ ᠬᠠᠷᠢᠴᠠᠯ ᠵᠡᠷᠭᠡ ᠶᠢᠨ ᠬᠢᠵᠠᠭᠠᠷᠯᠠᠯ ᠢ ᠠᠷᠢᠯᠭᠠᠨ᠂ ᠮᠡᠷᠭᠡᠵᠢᠯ ᠤᠨ ᠠᠵᠢᠯᠴᠢᠨ ᠤ ᠪᠣᠳᠠᠲᠠᠶ ᠠᠵᠢᠯᠯᠠᠬᠤ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠪᠣᠯᠣᠨ ᠦᠢᠯᠡᠳᠪᠦᠷᠢᠯᠡᠯ ᠤᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠯ᠎ᠠ ᠶᠢᠨ ᠴᠢᠳᠠᠪᠤᠷᠢ ᠶᠢ ᠭᠤᠤᠯᠳᠠᠯᠭ᠎ᠠ ᠲᠠᠢ ᠬᠢᠨᠠᠨ ᠰᠢᠯᠭᠠᠬᠤ ᠪᠠᠷ ᠪᠤᠯᠵᠠᠢ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠷ᠎ᠠ ᠮᠡᠷᠭᠡᠵᠢᠯ ᠤᠨ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠪᠥᠭᠡᠳ ᠣᠷᠣᠶᠢᠯᠠᠭᠰᠠᠨ ᠤᠷ᠎ᠠ ᠴᠢᠳᠠᠪᠤᠷᠢ ᠡᠵᠡᠮᠰᠢᠭᠰᠡᠨ᠂ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠭᠤᠣᠯᠯᠠᠭᠴᠢ ᠤᠷ᠎ᠠ ᠮᠡᠷᠭᠡᠵᠢᠯ ᠤᠨ ᠴᠢᠳᠠᠪᠤᠷᠢᠲᠠᠨ ᠢ ᠮᠠᠰᠲ᠋ᠧᠷ᠂ ᠳᠡᠭᠡᠳᠦ ᠮᠠᠰᠲ᠋ᠧᠷ ᠤᠨ ᠰᠢᠯᠭᠠᠨ ᠦᠨᠡᠯᠡᠯᠲᠡ ᠳᠤ ᠵᠤᠷᠰᠢᠯ ᠢ ᠡᠪᠳᠡᠬᠦ ᠪᠤᠶᠤ ᠱᠠᠲᠤ ᠠᠯᠤᠰᠯᠠᠨ ᠣᠷᠣᠯᠴᠠᠬᠤ ᠶᠢ ᠵᠥᠪᠰᠢᠶᠡᠷᠡᠨ᠎ᠡ᠃ ᠠᠵᠢᠯ ᠮᠡᠷᠭᠡᠵᠢᠯ ᠤᠨ ᠬᠢᠷᠢ ᠬᠡᠮ ᠤᠨ ᠦᠨᠡᠯᠡᠯᠲᠡ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ᠂ ᠲᠤᠰᠬᠠᠶ ᠠᠵᠢᠯ ᠮᠡᠷᠭᠡᠵᠢᠯ ᠤᠨ ᠴᠢᠳᠠᠪᠤᠷᠢ ᠶᠢ ᠬᠢᠨᠠᠨ ᠰᠢᠯᠭᠠᠬᠤ ᠠᠷᠭ᠎ᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠦᠨᠡᠯᠡᠯᠲᠡ ᠬᠢᠬᠦ ᠶᠢ ᠳᠡᠮᠵᠢᠬᠦ ᠪᠠ ᠬᠥᠲᠥᠯᠥᠨ ᠵᠢᠯᠣᠭᠤᠳᠴᠤ᠂ ᠪᠤᠳᠠᠲᠠᠢ  ᠪᠠᠶᠢᠳᠠᠯ ᠲᠠᠢ ᠪᠠᠨ ᠤᠶᠠᠯᠳᠤᠭᠤᠯᠤᠨ ᠳᠡᠭᠡᠳᠦ ᠮᠡᠷᠭᠡᠵᠢᠯᠲᠡᠢ ᠠᠵᠢᠯᠲᠠᠨ᠂ ᠮᠠᠰᠲ᠋ᠧᠷ᠂ ᠳᠡᠭᠡᠳᠦ ᠮᠠᠰᠲ᠋ᠧᠷ ᠠᠴᠠ ᠲᠡᠷᠢᠭᠦᠨ ᠮᠠᠰᠲ᠋ᠧᠷ᠂ ᠣᠨᠴᠠ ᠳᠡᠰ ᠤᠨ ᠮᠠᠰᠲ᠋ᠧᠷ ᠤᠨ ᠵᠡᠷᠭᠡ ᠬᠦᠷᠲᠡᠯᠡᠬᠢ ᠱᠠᠲᠤᠯᠠᠨ ᠬᠥᠮᠦᠵᠢᠭᠦᠯᠬᠦ ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ ᠦᠨᠡᠯᠡᠭᠰᠡᠨ ᠦᠷ᠎ᠡ ᠳ᠋ᠦᠩ ᠢ ᠴᠠᠯᠢᠩ ᠣᠯᠭᠤᠮᠵᠢ ᠲᠠᠢ ᠬᠤᠯᠪᠣᠭᠳᠠᠭᠤᠯᠬᠤ ᠪᠣᠯᠣᠨ᠎ᠠ᠃      ᠥᠪᠥᠷ ᠮᠣᠩᠭᠤᠯ ᠮᠡᠷᠭᠡᠵᠢᠯ ᠤᠨ ᠠᠵᠢᠯᠴᠢᠨ ᠬᠢᠭᠡᠳ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠵᠠᠮ ᠢ ᠨᠡᠪᠲᠡᠷᠡᠭᠦᠯᠵᠦ᠂ ᠡᠷᠬᠢᠯᠡᠭᠰᠡᠨ ᠠᠵᠢᠯ ᠤᠨ ᠬᠢᠷᠢ ᠭᠡᠮ᠂ ᠡᠷᠬᠢᠯᠡᠭᠰᠡᠨ ᠠᠵᠢᠯ ᠤᠨ ᠮᠡᠷᠭᠡᠵᠢᠯ  ᠤᠨ ᠴᠢᠳᠠᠪᠤᠷᠢ ᠶᠢᠨ ᠵᠡᠷᠭᠡ ᠳᠡᠰ ᠬᠢᠭᠡᠳ ᠵᠣᠬᠢᠴᠠᠩᠭᠤᠢ ᠮᠡᠷᠭᠡᠵᠢᠯ ᠤᠨ ᠴᠣᠯᠠ ᠶᠢ ᠬᠠᠷᠢᠴᠠᠭᠤᠯᠤᠨ ᠦᠨᠡᠮᠰᠢᠬᠦ ᠳᠦᠷᠢᠮ ᠢ ᠪᠠᠢᠭᠤᠯᠵᠤ᠂ ᠦᠨᠡᠯᠡᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠲᠦᠯᠬᠢᠨ ᠠᠬᠢᠭᠤᠯᠵᠤ᠂ ᠳᠠᠪᠬᠤᠷᠳᠠᠭᠤᠯᠤᠨ ᠦᠨᠡᠯᠡᠬᠦ ᠶᠢ ᠪᠠᠭᠠᠰᠬᠠᠨ᠎ᠠ᠃ ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠶ ᠮᠡᠷᠭᠡᠵᠢᠯ ᠤᠨ ᠴᠢᠳᠠᠪᠤᠷᠢᠲᠠᠨ ᠤ  ᠰᠣᠯᠢᠭᠳᠠᠯ ᠤᠨ ᠵᠠᠮ ᠢ ᠨᠡᠪᠲᠡᠷᠡᠭᠦᠯᠵᠦ᠂ ᠨᠥᠬᠦᠴᠡᠯ ᠳᠤ ᠨᠡᠶᠢᠴᠡᠬᠦ ᠳᠡᠭᠡᠳᠦ ᠮᠡᠷᠭᠡᠵᠢᠯ ᠤᠨ ᠴᠢᠳᠠᠪᠤᠷᠢᠲᠠᠨ ᠢᠨᠵᠧᠨᠧᠷᠢᠩ ᠤᠨ ᠰᠢᠷᠢᠰ ᠲᠠᠬᠢ ᠲᠤᠰᠬᠠᠶ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠵᠤ᠂ ᠨᠥᠬᠦᠴᠡᠯ ᠳᠤ ᠨᠡᠶᠢᠴᠡᠬᠦ ᠢᠨᠵᠧᠨᠧᠷᠢᠩ ᠤᠨ ᠮᠡᠷᠭᠡᠵᠢᠯ ᠤᠨ ᠴᠢᠳᠠᠪᠤᠷᠢᠲᠠᠨ ᠤ ᠳᠡᠭᠡᠳᠦ ᠵᠡᠷᠭᠡ ᠠᠴᠠ ᠳᠡᠭᠡᠭᠰᠢᠬᠢ ᠠᠵᠢᠯ ᠮᠡᠷᠭᠡᠵᠢᠯ ᠤᠨ ᠬᠢᠷᠢ ᠬᠡᠮ ᠤᠨ ᠦᠨᠡᠯᠡᠯᠲᠡ ᠪᠤᠶᠤ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠳᠤ ᠰᠢᠭᠤᠳ ᠣᠷᠣᠯᠴᠠᠬᠤ ᠶᠢ ᠵᠣᠷᠢᠭᠵᠢᠭᠤᠯᠤᠨ᠎ᠠ᠃        ᠣᠶᠢᠯᠠᠭᠠᠭᠰᠠᠨ ᠢᠶᠠᠷ᠂ ᠥᠪᠥᠷ ᠮᠣᠩᠭᠤᠯ ᠠᠵᠤ ᠠᠬᠤᠶᠢᠯᠠᠯ ᠤᠨ ᠤᠷᠢᠵᠤ ᠬᠡᠷᠡᠭᠯᠡᠵᠦ ᠪᠠᠶᠢᠭ᠎ᠠ ᠳᠡᠭᠡᠳᠦ ᠵᠡᠷᠭᠡ ᠶᠢᠨ ᠠᠵᠢᠯᠴᠢᠨ᠂ ᠮᠡᠷᠭᠡᠵᠢᠯᠲᠡᠨ᠂ ᠳᠡᠭᠡᠳᠦ ᠮᠠᠰᠲ᠋ᠧᠷ ᠲᠤ ᠰᠤᠷᠤᠯᠴᠠᠵᠤ ᠳᠠᠪᠲᠠᠨ ᠪᠣᠯᠪᠠᠰᠤᠷᠠᠬᠤ᠂ ᠣᠷᠣᠨ ᠰᠠᠭᠤᠴᠠ ᠶᠢᠨ ᠨᠥᠬᠦᠪᠥᠷᠢ᠂ ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠥᠷᠢ᠂ ᠡᠮ ᠡᠮᠨᠡᠯᠭᠡ ᠪᠡᠶ᠎ᠡ ᠶᠢᠨ ᠪᠠᠶᠢᠴᠠᠭᠠᠯᠲᠠ᠂ ᠠᠵᠢᠯ ᠤᠨ ᠪᠠᠶᠢᠷᠢ ᠳᠤ ᠤᠷᠢᠬᠤ᠂ ᠲᠤᠰᠢᠶᠠᠯ ᠤᠨ ᠳᠡᠰ ᠢ ᠳᠡᠪᠰᠢᠭᠦᠯᠬᠦ ᠵᠡᠷᠭᠡ ᠲᠠᠯ᠎ᠠ ᠪᠠᠷ ᠲᠤᠰ ᠲᠤᠰ ᠲᠤᠰᠠᠯᠠᠬᠤ ᠢᠨᠵᠧᠨᠧᠷ᠂ ᠢᠨᠵᠧᠨᠧᠷ᠂ ᠳᠡᠭᠡᠳᠦ ᠵᠡᠷᠭᠡ ᠶᠢᠨ ᠢᠨᠵᠧᠨᠧᠷ ᠲᠠᠢ ᠠᠳᠠᠯᠢ ᠲᠡᠭᠰᠢ ᠬᠠᠷᠠᠭᠠᠯᠵᠠᠯ ᠬᠦᠷᠲᠡᠭᠡᠬᠦ ᠶᠢ ᠵᠣᠷᠢᠭᠵᠢᠭᠤᠯᠵᠤ ᠪᠠᠶᠢᠨ᠎ᠠ᠃ ᠮᠡᠷᠭᠡᠵᠢᠯ ᠤᠨ ᠠᠵᠢᠯᠴᠢᠨ ᠤ ᠶᠡᠭᠡ ᠳᠡᠭᠡᠳᠦ ᠰᠤᠷᠭᠠᠭᠤᠯᠢ ᠶᠢᠨ ᠳᠤᠮᠳᠠ ᠵᠡᠷᠭᠡ ᠶᠢᠨ ᠠᠵᠢᠯᠴᠢᠨ ᠤ ᠠᠩᠭᠢ᠂ ᠳᠡᠭᠡᠳᠦ ᠵᠡᠷᠭᠡ ᠶᠢᠨ ᠠᠵᠢᠯᠴᠢᠨ ᠤ ᠠᠩᠭᠢ᠂ ᠪᠡᠯᠡᠳᠬᠡᠯ ᠮᠡᠷᠭᠡᠵᠢᠯ ᠤᠨ ᠮᠡᠷᠭᠡᠵᠢᠯᠲᠡᠨ ᠤ ᠠᠩᠭᠢ ᠲᠡᠭᠦᠰᠦᠭᠰᠡᠳ ᠲᠤ ᠲᠤᠰ ᠲᠤᠰ ᠳᠤᠮᠳᠠ ᠵᠡᠷᠭᠡ ᠶᠢᠨ ᠲᠤᠰᠬᠠᠢ ᠮᠡᠷᠭᠡᠵᠢᠯ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ᠂ ᠵᠢᠩᠬᠢᠨᠢ ᠮᠡᠷᠭᠡᠵᠢᠯ ᠤᠨ ᠠᠩᠭᠢ ᠶᠢᠨ ᠶᠣᠰᠣᠭᠠᠷ ᠬᠠᠮᠢᠶ᠎ᠠ ᠪᠦᠬᠦᠢ ᠣᠯᠭᠤᠮᠵᠢ ᠶᠢ ᠨᠠᠢᠳᠠᠪᠤᠷᠢᠵᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号