| 3 ᠳ᠋ᠤᠭᠠᠷ ᠰᠠᠷ᠎ᠠ ᠶᠢᠨ 5 ᠤ ᠡᠳᠤᠷ᠂ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ | ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠤᠨ ᠥᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠤᠯᠴᠠᠪᠠ᠃ | | | | ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 5 ᠤ ᠡᠳᠦᠷ ᠤᠨ ᠦᠳᠡ ᠶᠢᠨ ᠬᠤᠶᠢᠨ᠎ᠠ ᠲᠡᠬᠦᠨ ᠤ | ᠪᠠᠶᠢᠭ᠎ᠠ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ ᠥᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ | ᠵᠦᠪᠯᠡᠬᠦ ᠳᠤ ᠤᠷᠤᠯᠴᠠᠬᠤ ᠳᠤ ᠪᠠᠨ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ | ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠤᠨ ᠢᠶᠠᠨ ᠪᠠᠳᠤᠯᠠᠵᠦ᠂ ᠠᠮᠢ ᠠᠬᠤᠢ ᠶᠢ ᠤᠷᠢᠳ ᠢᠶᠠᠷ | ᠪᠤᠳᠤᠯᠬᠢᠯᠠᠭᠰᠠᠨ ᠪᠤᠬᠢᠷᠳᠦᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ | ᠬᠦᠭᠵᠢᠯᠳᠠ ᠶᠢᠨ ᠰᠢᠨ᠎ᠠ ᠵᠠᠮ ᠢ ᠡᠷᠢᠯᠬᠢᠯᠡᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠤᠨ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠵᠦ᠂ | ᠡᠭᠡ ᠤᠯᠤᠰ ᠤᠨ ᠤᠮᠠᠷᠠᠳᠦ ᠶᠢᠨ ᠡᠨᠡ ᠬᠦ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠰᠠᠶᠢᠳᠤᠷ ᠰᠠᠬᠢᠨ | ᠬᠠᠮᠠᠭᠠᠯᠠᠬᠤ ᠭᠡᠷᠡᠭᠲᠡᠢ ᠭᠡᠪᠠ᠃ | | | | | ᠰᠢ ᠶᠢᠨ ᠫᠢᠩ ᠬᠤᠷᠠᠯ ᠤᠨ ᠲᠠᠯᠠᠪᠠᠢ ᠳᠤ ᠠᠯᠬᠤᠨ ᠤᠷᠤᠬᠰᠠᠨᠠ ᠲᠠᠯᠠᠪᠠᠢ ᠲᠠᠶᠠᠭᠠᠷ ᠢᠶᠠᠨ ᠪᠤᠰᠴᠦ ᠵᠤᠬᠰᠤᠨ | ᠬᠠᠯᠠᠭᠤᠨ ᠠᠯᠠᠭ᠎ᠠ ᠲᠠᠰᠢᠪᠠ᠃ ᠡᠸᠡᠩᠬᠢ ᠦᠨᠳᠦᠰᠦᠳᠡᠨ ᠤ ᠲᠦᠯᠦᠭᠡᠯᠡᠭᠴᠢ ᠰᠢ ᠶᠢᠨ ᠫᠢᠩ ᠳᠤ ᠴᠡᠩᠭᠡᠷ ᠬᠠᠳᠠᠭ | ᠡᠷᠭᠦᠨ ᠳᠡᠪᠰᠢᠭᠦᠯᠵᠦ᠂ ᠥᠪᠦᠷ ᠮᠤᠩᠭᠤᠯ ᠤᠨ ᠦᠨᠳᠦᠰᠦᠳᠡᠨ ᠨᠦᠭᠦᠳ ᠤᠨ ᠤᠯᠠᠨ ᠲᠦᠮᠡᠨ ᠤ ᠡᠮᠦᠨ᠎ᠠ ᠠᠴᠠ ᠨᠠᠮ | ᠤᠨ ᠲᠦᠪ ᠬᠤᠷᠢᠶ᠎ᠠ ᠪᠠ ᠶᠡᠷᠦᠩᠭᠡᠢ ᠱᠦᠵᠢ ᠳᠤ ᠬᠦᠨᠳᠦᠳᠭᠡᠯ ᠢᠶᠠᠨ ᠢᠯᠡᠳᠭᠡᠵᠠᠢ᠃ ᠰᠢ ᠶᠢᠨ ᠫᠢᠩ ᠳᠡᠳᠡᠨ ᠳᠤ | ᠲᠠᠯᠠᠷᠬᠠᠵᠦ ᠪᠠᠶᠢᠬᠤ ᠪᠠᠨ ᠢᠯᠡᠳᠭᠡᠬᠦ ᠶᠢᠨ ᠬᠠᠮᠳᠦ ᠳᠡᠳᠡᠨ ᠢᠶᠠᠷ ᠳᠠᠮᠵᠢᠭᠤᠯᠤᠨ ᠦᠪᠦᠷ ᠮᠤᠩᠭᠤᠯ ᠤᠨ | ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠲᠡᠪᠰᠢᠬᠦᠯᠦᠭᠰᠡᠨ | ᠪᠠᠶᠢᠨ᠎ᠠ᠃ | ᠵᠠᠩ ᠵᠢᠢ ᠰᠢᠨ᠂ ᠢᠤᠢ ᠯᠢ ᠰᠢᠨ᠂ ᠯᠢ ᠢᠤᠢ ᠯᠢᠶᠠᠩ᠂ ᠰᠦᠸᠧ ᠱᠦ ᠬᠤᠢ᠂ ᠡᠤ ᠶᠦᠨ ᠪᠦᠸᠧ᠂ ᠵᠤᠤ | ᠵᠢᠶᠠᠩ ᠲᠤᠤ᠂ ᠯᠢᠦ ᠶᠠ ᠱᠧᠩ᠂ ᠬᠦᠩ ᠮᠢᠩ ᠵᠦ ᠵᠡᠷᠭᠡ 8 ᠲᠦᠯᠦᠭᠡᠯᠡᠭᠴᠢ ᠲᠤᠰ ᠲᠤᠰ ᠦᠨᠳᠦᠰᠦᠨ ᠱᠠᠳᠤᠨ ᠤ | ᠺᠠᠳ᠋ᠷ ᠤᠨ ︽ᠲᠦᠷᠦᠭᠦᠴᠢ ᠭᠠᠯᠠᠭᠤ︾ ᠶᠢᠨ ᠦᠢᠯᠡᠳᠦᠯ ᠢ ᠪᠠᠳᠠᠷᠠᠭᠤᠯᠬᠤ᠂ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠶᠢ ᠴᠢᠩᠭᠠᠳᠬᠠᠬᠤ᠂ ᠠᠷᠠᠳ ᠤᠨ ᠡᠵᠡᠩᠨᠡᠯᠳᠠ ᠶᠢᠨ ᠠᠵᠤ ᠠᠬᠤᠢ ᠶᠢ ᠬᠦᠭᠵᠢᠬᠦᠯᠬᠦ᠂ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ᠂ ᠡᠬᠢ ᠪᠡᠶᠡᠯᠢᠬ ᠤᠨ | ᠠᠰᠢᠡᠡᠯᠠᠮᠵᠢ ᠶᠢ ᠳᠡᠭᠡᠭᠰᠢᠯᠡᠬᠦᠯᠬᠦ᠂ ᠬᠦᠨᠳᠦ ᠡᠪᠡᠳᠴᠢᠳᠡᠨ ᠤ ᠦᠨᠳᠦᠰᠦᠨ ᠵᠦᠢᠯ ᠢ ᠪᠠᠳᠤᠯᠠᠬᠤ ᠪᠠᠳᠤᠯᠠᠭ᠎ᠠ ᠶᠢᠨ | ᠲᠤᠭᠳᠠᠴᠠ ᠶᠢ ᠳᠡᠬᠦᠯᠳᠡᠷᠵᠢᠬᠦᠯᠬᠦ᠂ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢ ᠪᠦᠳᠦᠭᠡᠨ ᠪᠠᠶᠢᠭᠤᠯᠬᠤ | ᠵᠡᠷᠭᠡ ᠠᠰᠠᠭᠤᠳᠠᠯ ᠤᠨ ᠲᠤᠬᠠᠢ ᠦᠭᠡ ᠬᠡᠯᠡᠵᠠᠢ᠃ ᠰᠢ ᠶᠢᠨ ᠫᠢᠩ ᠪᠠᠶᠢᠨ ᠪᠠᠶᠢᠨ ᠤᠯᠠᠨ ᠲᠠᠢ ᠰᠠᠨᠠᠯ ᠢᠶᠠᠨ | ᠰᠤᠯᠢᠯᠴᠠᠵᠦ᠂ ᠬᠠᠮᠤᠭ ᠤᠨ ᠰᠡᠬᠦᠯ ᠳᠤ ᠨᠢ ᠦᠬᠡ ᠬᠡᠯᠡᠪᠡ᠃ | ᠰᠢ ᠶᠢᠨ ᠫᠢᠩ ᠡᠩ ᠲᠡᠷᠢᠬᠦᠨ ᠳᠤ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠨᠢ ᠰᠢᠨ᠎ᠠ ᠴᠠᠭ ᠦᠶ᠎ᠠ | ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠢᠯᠡᠷᠡᠬᠦᠯᠵᠤ᠂ ᠨᠠᠮ ᠤᠨ ᠲᠦᠪ ᠬᠤᠷᠢᠶᠠᠨ ᠤ ᠡᠨᠡ ᠵᠢᠯ ᠤᠨ | ᠠᠵᠢᠯ ᠤᠨ ᠲᠤᠬᠠᠢ ᠶᠡᠷᠦᠩᠭᠡᠢ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠢ ᠢᠯᠡᠷᠡᠬᠦᠯᠵᠡᠢ᠂ ᠪᠦᠷᠢᠮᠤᠰᠦᠨ | ᠵᠦᠪᠰᠢᠶᠡᠷᠡᠵᠦ ᠪᠠᠶᠢᠨ᠎ᠠ ᠭᠡᠵᠦ ᠢᠯᠡᠳᠭᠡᠪᠡ᠃ | ᠰᠢ ᠶᠢᠨ ᠫᠢᠩ ᠦᠪᠤᠷ ᠮᠤᠩᠭᠤᠯ ᠤᠨ ᠨᠢᠬᠡ ᠵᠢᠯ ᠤᠨ ᠲᠤᠷᠰᠢᠬᠢ ᠠᠵᠢᠯ ᠢ ᠬᠦᠢᠴᠡᠳ ᠨᠤᠳᠠᠯᠠᠵᠥ᠂ ᠦᠪᠤᠷ | ᠮᠤᠩᠭᠤᠯ ᠤᠨ ᠨᠦᠬᠦᠳ ᠲᠦᠪ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠥ᠂ ᠲᠤᠭᠳᠠᠭᠤᠨ ᠤ ᠲᠤᠮᠳᠡ ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ | ᠪᠠᠷᠢᠮᠳᠠᠯᠠᠨ᠂ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ ᠲᠤᠭᠳᠠᠭᠤᠨ ᠪᠠᠶᠢᠯᠭᠠᠬᠤ ᠪᠠ | ᠤᠷᠤᠭᠰᠢᠯᠠᠨ ᠲᠠᠪᠰᠢᠬᠤ ᠶᠢᠨ ᠬᠤᠪᠢᠰᠤᠩᠭᠤᠢ ᠬᠠᠷᠢᠴᠠᠭ᠎ᠠ ᠶᠢ ᠵᠦᠪ ᠤᠨᠤᠪᠴᠢᠳᠠᠢ ᠰᠢᠢᠳᠪᠤᠷᠢᠯᠡᠵᠥ᠂ ᠨᠡᠮᠡᠭᠳᠡᠯ ᠢ | ᠳᠤᠭᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠬ ᠬᠦᠷᠳᠡᠬᠡᠬᠦ᠂ ᠠᠶᠤᠯ ᠲᠦᠭᠰᠢᠬᠦᠷᠢ ᠶᠢ ᠰᠡᠷᠬᠡᠶᠢᠯᠡᠬᠦ᠂ ᠲᠤᠭᠳᠠᠭᠤᠨ ᠢ ᠪᠠᠳᠤᠯᠠᠬᠤ ᠡᠯ᠎ᠡ | ᠵᠦᠢᠯ ᠤᠨ ᠠᠵᠢᠯ ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ᠪᠦᠬᠦ ᠲᠡᠯ᠎ᠡ ᠪᠠᠷ ᠨᠠᠮ ᠢ ᠴᠢᠩᠭ᠎ᠠ ᠵᠠᠰᠠᠬᠤ ᠶᠢ | ᠠᠬᠢᠭᠤᠯᠵᠥ᠂ ᠠᠵᠥ ᠠᠬᠤᠢ ᠶᠢᠨ ᠦᠷᠬᠦᠯᠵᠢᠯᠡᠨ ᠡᠷᠡᠬᠦᠯ ᠲᠤᠭᠳᠠᠭᠤᠨ ᠢᠶᠠᠷ ᠬᠦᠭᠵᠢᠬᠦ ᠪᠠ ᠨᠡᠶᠢᠬᠡᠮ ᠤᠨ ᠶᠡᠭᠡ | ᠲᠡᠯ᠎ᠡ ᠶᠢᠨ ᠲᠤᠭᠳᠠᠭᠤᠨ ᠢ ᠪᠠᠳᠤᠯᠠᠵᠥ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠷᠳᠡᠮᠵᠢ ᠶᠢᠨ | ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠡ ᠦᠭᠡᠢ ᠨᠡᠮᠡᠭᠳᠡᠬᠦᠯᠵᠤ᠂ | ᠰᠢᠯᠢᠳᠡᠭ ᠠᠮᠵᠢᠯᠳᠡ ᠪᠠᠷ ᠢᠶᠠᠨ ᠰᠢᠨ᠎ᠡ ᠲᠤᠮᠳᠠᠳᠤ ᠤᠯᠤᠰ ᠪᠠᠶᠢᠭᠤᠯᠤᠬᠳᠠᠭᠰᠠᠠ 70 ᠵᠢᠯ ᠤᠨ ᠤᠢ ᠶᠢ ᠪᠡᠯᠬᠡᠯᠡᠬᠡᠷᠡᠢ | ᠬᠡᠵᠥ ᠬᠦᠰᠡᠪᠡ᠃ | ᠰᠢ ᠶᠢᠨ ᠫᠢᠩ ᠴᠢᠬᠤᠯᠠᠴᠢᠯᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠭᠠᠰᠢ ᠮᠠᠨ ᠤ | ᠨᠠᠮ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠦᠵᠡᠯ ᠰᠠᠨᠠᠭ᠎ᠠ ᠲᠠᠰᠤᠷᠠᠯᠳᠡ ᠦᠭᠡᠢ | ᠪᠠᠶᠠᠯᠢᠬᠵᠢᠨ ᠲᠡᠬᠦᠯᠳᠡᠷᠵᠢᠪᠡ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯ ︽ᠲᠠᠪᠤ ᠶᠢ ᠨᠢᠬᠡ | ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠶᠢᠨ ᠲᠤᠳᠤᠷᠠᠬᠢ ᠨᠢᠬᠡ ᠨᠢ ᠪᠤᠯᠤᠨ᠎ᠠ᠂ ᠬᠦᠮᠥᠨ ᠬᠢᠬᠡᠳ | ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠶᠢ ᠪᠠᠷᠢᠮᠳᠠᠯᠠᠬᠤ ᠪᠤᠯ ᠰᠢᠨ᠎ᠡ ᠴᠠᠭ ᠦᠶ᠎ᠡ ᠳᠤ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠦᠨᠳᠦᠰᠦᠨ ᠠᠷᠭ᠎ᠠ ᠪᠤᠳᠤᠯᠭ᠎ᠠ ᠶᠢᠨ | ᠲᠤᠳᠤᠷᠠᠬᠢ ᠨᠢᠭᠡ ᠨᠢ ᠪᠤᠯᠤᠨ᠎ᠠ᠂ ᠪᠤᠬᠢᠷᠳᠤᠯ ᠦᠭᠡᠢ ᠬᠦᠭᠵᠢᠯᠳᠠ ᠪᠤᠯ ᠰᠢᠨ᠎ᠡ ᠬᠦᠭᠵᠢᠯᠳᠡ ᠶᠢᠨ ᠣᠨᠣᠯᠵᠢᠬᠤᠨ ᠤ | ᠲᠤᠳᠤᠷᠡᠬᠢ ᠨᠢᠭᠡ ᠲᠤᠮᠤ ᠠᠭᠤᠯᠤᠭᠳᠠᠬᠤᠨ ᠪᠤᠯᠤᠨ᠎ᠠ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠯ ᠭᠤᠷᠪᠠᠨ ᠶᠡᠭᠡ | ᠰᠢᠪᠲᠤᠯᠤᠯᠲᠠ ᠶᠢᠨ ᠲᠠᠶᠢᠯᠠᠯᠳᠤᠭᠠᠨ ᠤ ᠲᠤᠳᠤᠷᠠᠬᠢ ᠨᠢᠭᠡ ᠶᠡᠭᠡ ᠲᠠᠶᠢᠯᠠᠯᠳᠤᠭᠠᠨ ᠪᠤᠯᠤᠨ᠎ᠠ᠃ ᠡᠨᠡ ︽ᠳᠦᠷᠪᠡᠨ | ᠨᠢᠭᠡ︾ ᠨᠢ ᠮᠠᠨ ᠤ ᠨᠠᠮ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠵᠢᠮ᠎ᠠ ᠶᠤᠰᠤ ᠶᠢᠨ ᠲᠤᠬᠠᠢ | ᠡᠵᠡᠮᠳᠡᠯ ᠢ ᠢᠯᠡᠷᠡᠭᠦᠯᠵᠤ᠂ ᠰᠢᠨ᠎ᠠ ᠴᠠᠭ ᠦᠶ᠎ᠠ ᠶᠢᠨ ᠨᠠᠮ ᠪᠤᠯᠤᠨ ᠤᠯᠤᠰ ᠤᠨ ᠦᠢᠯᠡᠰ ᠤᠨ ᠬᠦᠭᠵᠢᠯᠳᠡ ᠲᠠᠬᠢ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠶᠢᠷᠢ ᠰᠠᠭᠤᠷᠢ ᠶᠢ ᠢᠯᠡᠷᠡᠭᠦᠯᠵᠤ᠂ ᠨᠠᠮ ᠤᠨ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠢᠯᠡᠷᠡᠭᠦᠯᠪᠡ᠃ ᠡᠯ᠎ᠠ | ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ | ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠢᠨ᠎ᠠ ᠲᠡᠭᠳᠡᠷ ᠲᠤ ᠭᠠᠷᠬᠤ ᠶᠢ ᠴᠢᠷᠮᠠᠶᠢᠨ | ᠠᠬᠢᠭᠤᠯᠬᠤ ᠬᠡᠷᠡᠭᠳᠠᠢ ᠭᠡᠪᠠ᠃ | ᠰᠢ ᠶᠢᠨ ᠫᠢᠩ ᠵᠢᠭᠠᠭᠰᠠᠨ ᠨᠢ᠂ ᠦᠪᠦᠷ ᠮᠤᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ ᠪᠦᠬᠦ | ᠤᠷᠤᠨ ᠤ ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠷᠤᠰᠢᠯ ᠲᠤᠭᠳᠠᠨᠢᠯ ᠪᠠ ᠬᠦᠭᠵᠢᠯᠳᠡ ᠲᠠᠢ | ᠬᠤᠯᠪᠤᠭᠳᠠᠬᠤ ᠪᠠᠷ ᠪᠠᠷᠠᠬᠤ ᠦᠭᠡᠢ ᠤᠮᠠᠷᠠᠳᠤ ᠤᠷᠤᠨ᠂ ᠵᠡᠭᠦᠨ ᠬᠤᠶᠢᠳᠤ ᠤᠷᠤᠨ᠂ ᠪᠠᠷᠠᠭᠤᠨ ᠬᠤᠶᠢᠳᠤ ᠤᠷᠤᠨ᠂ | ᠴᠢᠨᠠᠭᠰᠢᠯᠠᠪᠠᠯ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠤᠭᠳᠠᠨ᠎ᠠ᠃ ᠦᠪᠦᠷ ᠮᠤᠩᠭᠤᠯ ᠢ | ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠪᠤᠯᠭᠠᠨ ᠪᠦᠲᠦᠭᠡᠨ ᠪᠠᠶᠢᠭᠤᠯᠬᠤ ᠪᠤᠯ | ᠪᠦᠬᠦ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠤ ᠰᠠᠭᠤᠷᠢᠯᠠᠵᠤ ᠲᠤᠭᠳᠠᠭᠠᠭᠰᠠᠨ ᠪᠠᠶᠢᠯᠳᠤᠬᠤ ᠪᠤᠳᠤᠯᠭ᠎ᠠ ᠶᠢᠨ | ᠪᠠᠶᠢᠷᠢ ᠲᠤᠭᠳᠠᠭᠠᠯᠳᠠ ᠪᠤᠯᠤᠨ᠎ᠠ᠂ ᠮᠦᠨ ᠴᠦ ᠦᠪᠦᠷ ᠮᠤᠩᠭᠤᠯ ᠤᠨ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠬᠦ | ᠴᠢᠬᠤᠯᠠᠳᠠᠢ ᠬᠦᠨᠳᠦ ᠬᠠᠷᠢᠭᠤᠴᠠᠯᠭ᠎ᠠ ᠪᠤᠯᠤᠨ᠎ᠠ᠃ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠨ ᠪᠠᠶᠢᠭᠤᠯᠵᠤ᠂ ᠡᠬᠡ ᠤᠯᠤᠰ ᠤᠨ ᠤᠮᠠᠷᠠᠳᠤ ᠶᠢᠨ ᠡᠨᠡ ᠬᠦ | ᠦᠵᠡᠮᠵᠢ ᠶᠢᠨ ᠤᠷᠤᠨ ᠢ ᠨᠡᠩ ᠦᠵᠡᠰᠭᠦᠯᠡᠩᠳᠤ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠳᠤ ᠡᠷᠬᠡᠪᠰᠢ ᠨᠡᠩ | ᠶᠡᠭᠡ ᠡᠷᠴᠢ ᠵᠤᠷᠢᠭ ᠢᠶᠠᠷ ᠨᠡᠩ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠭᠠᠷᠭᠠᠬᠤ ᠬᠡᠷᠡᠭᠳᠠᠢ ᠭᠡᠪᠠ᠃ | ᠰᠢ ᠶᠢᠨ ᠫᠢᠩ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ | ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢᠶᠠᠨ ᠪᠠᠳᠤᠯᠠᠬᠤ ᠬᠡᠷᠡᠭᠳᠠᠢ᠃ ᠠᠮᠢ ᠠᠬᠤᠢ ᠤᠷᠴᠢᠨ ᠲᠤᠭᠤᠷᠢᠨ ᠢ | ᠬᠠᠮᠠᠭᠠᠯᠠᠬᠤ ᠪᠠ ᠠᠵᠤ ᠠᠬᠤᠢ ᠪᠠᠨ ᠬᠦᠭᠵᠢᠭᠦᠯᠬᠦ ᠨᠢ ᠬᠡᠷᠡᠭ ᠳᠡᠭᠡᠷ᠎ᠠ ᠪᠠᠨ ᠤᠷᠭᠠᠨᠢᠭ ᠨᠢᠭᠡᠳᠦᠯᠳᠠᠢ ᠪᠦᠭᠡᠳ | ᠬᠠᠷᠢᠯᠴᠠᠨ ᠨᠦᠬᠦᠪᠦᠷᠢᠯᠡᠵᠤ ᠬᠠᠷᠢᠯᠴᠠᠨ ᠲᠦᠰᠢᠯᠴᠡᠳᠡᠭ ᠶᠤᠮ᠃ ᠠᠵᠤ ᠠᠬᠤᠢ ᠶᠢᠨ ᠬᠦᠭᠵᠢᠯᠳᠡ ᠵᠢᠭᠠᠬᠠᠨ | ᠬᠦᠴᠢᠷᠳᠡᠯ ᠳᠤ ᠲᠤᠯᠭᠠᠷᠠᠮᠠᠭᠴᠠ ᠪᠦᠲᠦᠭᠡᠨ ᠪᠠᠶᠢᠭᠤᠯᠤᠯᠳᠠ ᠬᠢᠵᠤ ᠲᠦᠷᠦᠯ ᠵᠦᠢᠯ ᠡᠷᠬᠢᠯᠡᠨ ᠤᠷᠴᠢᠨ | ᠲᠤᠭᠤᠷᠢᠨ ᠢᠶᠠᠨ ᠦᠷᠡᠭᠳᠡᠭᠦᠯᠵᠤ ᠪᠠᠶᠢᠭᠠᠳ ᠠᠵᠤ ᠠᠬᠤᠢ ᠶᠢᠨ ᠨᠡᠮᠡᠭᠳᠡᠯ ᠢ ᠰᠤᠯᠢᠵᠤ ᠠᠪᠴᠢᠷᠠᠬᠤ ᠪᠤᠳᠤᠯ ᠤᠷᠤᠵᠤ | ᠂ ᠴᠢᠨᠠᠬᠰᠢᠯᠠᠭᠠᠳ ᠠᠷᠭ᠎ᠠ ᠪᠦᠬᠦᠨ ᠢ ᠰᠦᠪᠡᠭᠴᠢᠯᠡᠨ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ | ᠡᠪᠳᠡᠬᠦ ᠶᠠᠪᠤᠳᠠᠯ ᠬᠢᠵᠦ ᠪᠤᠯᠬᠤ ᠦᠭᠡᠢ᠃ ᠮᠠᠠ ᠤ ᠤᠯᠤᠰ ᠤᠨ ᠠᠵᠦ ᠠᠬᠤᠢ ᠲᠦᠷᠭᠡᠡ ᠨᠡᠮᠡᠭᠳᠡᠯ ᠤᠨ | ᠱᠠᠲᠤᠨ ᠠᠴᠠ ᠴᠢᠨᠠᠷ ᠰᠠᠶᠢᠲᠠᠢ ᠬᠦᠭᠵᠢᠯᠲᠠ ᠶᠢᠨ ᠱᠠᠲᠤᠨ ᠵᠦᠭ ᠰᠢᠯᠵᠢᠬᠦ ᠶᠠᠪᠤᠴᠠ ᠳᠤ ᠪᠤᠬᠢᠷᠲᠤᠯ ᠢ ᠰᠡᠷᠭᠡᠶᠢᠯᠡᠠ | ᠵᠠᠰᠠᠬᠤ ᠪᠠ ᠤᠷᠴᠢᠨ ᠲᠤᠭᠤᠷᠢᠨ ᠢ ᠵᠠᠰᠠᠬᠤ ᠪᠤᠯ ᠵᠠᠪᠠᠯ ᠲᠠᠪᠠᠭ᠋ᠤ ᠴᠢᠬᠤᠯᠠᠲᠠᠢ ᠴᠢᠬᠤᠯᠠ ᠪᠤᠭᠤᠮᠲᠠ ᠪᠤᠯᠤᠨ᠎ᠠ᠃ | ᠪᠢᠲᠠ ᠡᠷᠬᠡᠪᠰᠢ ᠰᠢᠲᠤ ᠵᠠᠭᠤᠨ ᠡᠨᠡ ᠬᠦ ᠲᠠᠪᠠᠭ᠎ᠠ ᠶᠢ ᠲᠠᠪᠠᠵᠦ᠂ ᠡᠨᠡ ᠬᠦ ᠪᠤᠭᠤᠮᠳᠠ ᠶᠢ ᠲᠤᠭᠤᠯᠵᠤ ᠭᠠᠷᠬᠤ | ᠭᠡᠷᠡᠭᠲᠡᠢ᠃ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ᠲᠤᠭᠲᠠᠯ ᠬᠦᠴᠦᠨ ᠢᠶᠠᠨ ᠪᠠᠳᠤᠯᠠᠵᠤ᠂ ᠡᠷᠡᠰ ᠭᠤᠶᠢᠪᠢᠰᠢ ᠦᠭᠡᠢ᠂ ᠦᠴᠦᠬᠡᠨ ᠴᠤ ᠰᠤᠯᠠᠷᠠᠯ ᠦᠭᠡᠢ ᠪᠠᠷ ᠪᠠᠳᠤ | ᠴᠢᠩᠭ᠎ᠠ ᠠᠳᠬᠤᠬᠤ ᠭᠡᠷᠡᠭᠲᠡᠢ ᠭᠡᠪᠠ᠃ | ᠰᠢ ᠶᠢᠨ ᠫᠢᠩ ᠵᠢᠭᠠᠭᠰᠠᠨ ᠨᠢ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ ᠪᠤᠬᠢᠷᠲᠤᠯ ᠦᠭᠡᠢ | ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠠ ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠵᠠᠮ ᠢ ᠡᠷᠢᠯᠬᠢᠯᠡᠬᠦ | ᠬᠡᠷᠡᠭᠲᠡᠢ᠃ ᠰᠢᠨ᠎ᠠ ᠬᠦᠭᠵᠢᠯᠲᠠ ᠶᠢᠨ ᠣᠨᠣᠯᠵᠢᠬᠤᠨ ᠢ ᠲᠤᠭᠤᠰᠢᠯᠠᠭᠤᠯᠤᠨ᠂ ᠠᠵᠦ ᠠᠬᠤᠢ ᠶᠢᠨ ᠬᠦᠭᠵᠢᠯᠲᠠ | ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠦᠲᠦᠭᠡᠨ ᠪᠠᠶᠢᠭᠤᠯᠤᠯᠲᠠ ᠶᠢᠨ ᠬᠠᠷᠢᠴᠠᠭ᠎ᠠ ᠶᠢ | ᠨᠢᠭᠡᠲᠦᠯᠲᠠᠢ ᠰᠠᠶᠢᠳᠦᠷ ᠲᠦᠯᠦᠪᠵᠢᠭᠦᠯᠵᠦ᠂ ᠪᠠᠶᠢᠯᠲᠤᠬᠤ ᠪᠤᠲᠤᠯᠭ᠎ᠠ ᠶᠢᠨ ᠪᠠᠶᠢᠷᠢ ᠲᠤᠭᠲᠠᠭᠠᠯᠲᠠ ᠳᠤ ᠨᠡᠶᠢᠴᠡᠭᠰᠡᠨ᠂ | ᠦᠪᠦᠷ ᠮᠤᠩᠭᠤᠯ ᠤᠨ ᠤᠨᠴᠠᠯᠢᠭ ᠢ ᠬᠠᠷᠠᠭᠤᠯᠤᠭᠰᠠᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ ᠪᠤᠬᠢᠷᠲᠤᠯ | ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠠ ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠵᠠᠮ ᠢ ᠴᠢᠷᠮᠠᠶᠢᠨ | ᠡᠷᠢᠯᠬᠢᠯᠡᠬᠦ ᠭᠡᠷᠡᠭᠲᠡᠢ᠃ ᠬᠤᠷᠢᠭ᠎ᠠ ᠱᠤᠭᠤᠮ ᠤᠨ ᠰᠡᠳᠭᠢᠭᠦᠢ ᠶᠢ ᠪᠠᠷᠢᠮᠲᠠᠯᠠᠨ᠂ ᠤᠯᠤᠰ ᠤᠨ ᠨᠤᠲᠤᠭ ᠲᠡᠪᠢᠰᠭᠡᠷ | ᠤᠨ ᠤᠷᠤᠨ ᠵᠠᠢ ᠶᠢᠨ ᠲᠦᠯᠦᠪᠵᠢᠭᠦᠯᠭᠡ ᠪᠠᠷ ᠦᠨᠳᠦᠰᠦᠯᠡᠯ ᠪᠤᠯᠭᠠᠵᠦ᠂ ᠬᠤᠲᠠ ᠪᠠᠯᠭᠠᠰᠤ᠂ ᠬᠦᠲᠡᠭᠡ ᠠᠵᠦ | ᠠᠬᠤᠢ᠂ ᠠᠮᠢ ᠠᠬᠤᠢ ᠶᠢᠨ ᠤᠷᠤᠨ ᠵᠠᠢ ᠪᠤᠯᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠠ ᠱᠤᠭᠤᠮ᠂ | ᠡᠭᠦᠷᠢᠳᠡ ᠶᠢᠨ ᠦᠨᠲᠦᠰᠦᠨ ᠲᠠᠷᠢᠶᠠᠠ ᠭᠠᠵᠠᠷ ᠤᠨ ᠬᠠᠮᠠᠭᠠᠯᠠᠯᠲᠠ ᠶᠢᠨ ᠤᠯᠠᠭᠠᠠ ᠱᠤᠭᠤᠮ᠂ ᠬᠤᠲᠠ ᠪᠠᠯᠭᠠᠰᠤ ᠶᠢ | ᠨᠡᠭᠡᠭᠡᠨ ᠬᠦᠭᠵᠢᠬᠦᠯᠬᠦ ᠵᠠᠭᠠᠭ ᠬᠢᠵᠠᠭᠠᠷ ᠢᠶᠠᠷ ᠠᠵᠦ ᠠᠬᠤᠢ ᠶᠢᠨ ᠪᠦᠲᠦᠴᠡ ᠳᠤ ᠲᠤᠬᠢᠷᠠᠭᠤᠯᠤᠯᠲᠠ ᠬᠢᠬᠦ᠂ ᠠᠵᠦ | ᠦᠢᠯᠡᠰ ᠤᠨ ᠬᠦᠭᠵᠢᠯᠲᠠ ᠶᠢ ᠲᠦᠯᠦᠪᠵᠢᠭᠦᠯᠬᠦ᠂ ᠬᠤᠲᠠ ᠪᠠᠯᠭᠠᠰᠤᠵᠢᠯᠲᠠ ᠶᠢ ᠠᠬᠢᠭᠤᠯᠬᠤ ᠶᠢᠨ ᠲᠠᠪᠠᠵᠦ ᠪᠤᠯᠤᠰᠢ | ᠦᠭᠡᠢ ᠤᠯᠠᠭᠠᠠ ᠱᠤᠭᠤᠮ ᠪᠤᠯᠭᠠᠵᠦ᠂ ᠲᠤᠰ ᠭᠠᠵᠠᠷ ᠤᠷᠤᠨ ᠤ ᠡᠬᠢ ᠪᠠᠶᠠᠯᠢᠭ ᠤᠨ ᠤᠨᠴᠠᠯᠢᠭ ᠲᠠᠪᠠᠭᠤᠯᠢᠭ ᠲᠤ | ᠰᠠᠭᠤᠷᠢᠯᠠᠵᠤ ᠲᠤᠰ ᠭᠠᠵᠠᠷ ᠤᠨ ᠤᠨᠴᠠᠯᠢᠭ ᠲᠠᠪᠠᠭᠤᠯᠢᠭ ᠢ ᠢᠯᠡᠷᠡᠬᠦᠯᠬᠦ ᠭᠡᠷᠡᠭᠲᠡᠢ ᠭᠡᠪᠠ᠃ | ᠰᠢ ᠶᠢᠨ ᠫᠢᠩ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠬᠤ ᠬᠡᠷᠡᠭᠳᠠᠢ᠃ ᠦᠪᠦᠷ ᠮᠤᠩᠭᠤᠯ ᠳᠤ ᠤᠢ ᠰᠢᠭᠤᠢ᠂ ᠨᠤᠳᠤᠭ ᠪᠡᠯᠴᠢᠬᠡᠷ᠂ ᠨᠤᠭᠤ ᠭᠠᠵᠠᠷ᠂ ᠭᠤᠤᠯ | ᠮᠦᠷᠡᠨ᠂ ᠨᠠᠭᠤᠷ ᠴᠦᠬᠦᠷᠦᠮ᠂ ᠡᠯᠡᠰᠤ ᠮᠠᠩᠬ᠎ᠠ ᠵᠡᠷᠭᠡ ᠤᠯᠠᠨ ᠵᠦᠢᠯ ᠤᠨ ᠪᠠᠶᠢᠭᠠᠯᠢ ᠶᠢᠨ ᠬᠡᠯᠪᠡᠷᠢ ᠪᠠᠶᠢᠳᠠᠯ ᠲᠠᠢ | ᠪᠠᠶᠢᠵᠦ᠂ ᠤᠷᠳᠤ ᠬᠤᠭᠤᠴᠠᠭᠠᠨ ᠤ ᠲᠤᠷᠰᠢ ᠪᠦᠷᠢᠯᠳᠦᠭᠰᠡᠨ ᠶᠠᠷᠤᠩᠭᠡᠶᠢᠯᠡᠭᠰᠡᠨ ᠴᠢᠨᠠᠷᠳᠠᠢ ᠠᠮᠢ ᠠᠬᠤᠢ ᠶᠢᠨ | ᠰᠢᠰᠲ᠋ᠧᠮ ᠲᠠᠢ ᠶᠤᠮ᠂ ᠠᠮᠢ ᠠᠬᠤᠢ ᠶᠢ ᠬᠠᠮᠠᠭᠠᠯᠠᠵᠤ ᠰᠡᠷᠬᠦᠬᠡᠬᠦ ᠳᠤ ᠡᠷᠬᠡᠪᠰᠢ ᠶᠡᠷᠤᠩᠭᠡᠶᠢᠯᠡᠭᠰᠡᠨ ᠵᠠᠰᠠᠯᠳᠠ ᠬᠢᠬᠦ | ᠬᠡᠷᠡᠭᠳᠠᠢ᠃ ᠨᠤᠳᠤᠭ ᠪᠡᠯᠴᠢᠬᠡᠷ᠂ ᠤᠢ ᠰᠢᠭᠤᠢ ᠶᠢ ᠬᠠᠮᠠᠭᠠᠯᠠᠬᠤ ᠪᠤᠯ ᠦᠪᠤᠷ ᠮᠤᠩᠭᠤᠯ ᠤᠨ ᠠᠮᠢ ᠠᠬᠤᠢ ᠶᠢᠨ | ᠰᠢᠰᠲ᠋ᠧᠮ ᠢ ᠬᠠᠮᠠᠭᠠᠯᠠᠬᠤ ᠶᠢᠨ ᠲᠡᠷᠢᠬᠦᠨ ᠴᠢᠬᠤᠯᠠ ᠡᠬᠦᠷᠭᠡ ᠪᠤᠯᠤᠨ᠎ᠡ᠃ ᠡᠷᠬᠡᠪᠰᠢ ᠠᠮᠢ ᠠᠬᠤᠢ ᠶᠢᠨ ᠰᠢᠰᠲ᠋ᠧᠮ | ᠤᠨ ᠳᠤᠳᠤᠭᠠᠳᠤ ᠵᠢᠮ᠎ᠠ ᠬᠠᠤᠯᠢ ᠪᠠ ᠵᠢᠮ᠎ᠠ ᠶᠤᠰᠤ ᠶᠢ ᠵᠢᠷᠤᠮᠯᠠᠵᠤ᠂ ᠠᠶᠠᠨᠳᠠᠭᠠᠨ ᠤ ᠰᠡᠷᠬᠦᠭᠡᠯᠳᠡ ᠪᠠᠷ ᠭᠤᠤᠯ | ᠪᠤᠯᠭᠠᠬᠤ ᠴᠢᠭᠯᠡᠯᠳᠠ ᠶᠢ ᠪᠠᠷᠢᠮᠳᠠᠯᠠᠨ᠂ ᠤᠷᠤᠨ ᠨᠤᠳᠤᠭ ᠤᠨ ᠪᠠᠶᠢᠳᠠᠯ ᠳᠤ ᠨᠢ ᠲᠤᠬᠢᠷᠠᠭᠤᠯᠤᠨ ᠲᠦᠷᠦᠯ ᠬᠤᠪᠢᠶᠠᠨ | ᠠᠷᠭ᠎ᠠ ᠪᠤᠳᠤᠯᠭ᠎ᠠ ᠬᠡᠷᠡᠭᠵᠢᠬᠦᠯᠵᠤ᠂ ᠴᠢᠭᠯᠡᠬᠦᠯᠦᠯᠳᠤ ᠴᠢᠨᠠᠷ᠂ ᠰᠢᠰᠲ᠋ᠧᠮᠲᠥ ᠴᠢᠨᠠᠷ᠂ ᠤᠷᠳᠤ ᠬᠤᠭᠤᠴᠠᠭᠠᠨ ᠤ | ᠪᠦᠳᠦᠮᠵᠢᠳᠤ ᠴᠢᠨᠠᠷ ᠢ ᠴᠢᠩᠭᠠᠳᠬᠠᠬᠤ ᠭᠡᠷᠡᠭᠳᠠᠢ ᠭᠡᠪᠠ᠃ | ᠰᠢ ᠶᠢᠨ ᠫᠢᠩ ᠵᠢᠭᠠᠭᠰᠠᠨ ᠨᠢ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠰᠠᠶᠢᠳᠤᠷ ᠬᠢᠬᠦ ᠬᠡᠷᠡᠭᠳᠠᠢ᠃ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠤᠷᠴᠢᠨ ᠲᠤᠭᠤᠷᠢᠨ ᠤ ᠲᠤᠪᠤᠶᠢᠮ᠎ᠡ | ᠠᠰᠠᠭᠤᠳᠠᠯ ᠢ ᠰᠠᠶᠢᠳᠤᠷ ᠰᠢᠢᠳᠪᠤᠷᠢᠯᠡᠬᠦ ᠨᠢ ᠤᠷᠴᠢᠨ ᠲᠤᠭᠤᠷᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠲᠤᠯᠭᠠᠮ ᠱᠠᠭᠠᠷᠳᠠᠯᠭ᠎ᠠ ᠪᠤᠯᠬᠤ ᠪᠠᠷ ᠪᠠᠷᠠᠬᠤ ᠦᠭᠡᠢ᠂ ᠪᠠᠰᠠ ᠴᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ | ᠶᠢ ᠴᠢᠩᠭᠠᠳᠬᠠᠬᠤ ᠲᠤᠯᠭᠠᠮ ᠡᠬᠦᠷᠭᠡ ᠪᠤᠯᠤᠨ᠎ᠡ᠃ ᠰᠢᠪᠲᠤᠯᠤᠯᠲᠠ ᠶᠢᠨ ᠡᠷᠴᠢᠮ ᠪᠠ ᠪᠠᠶᠢᠳᠠᠯ ᠢᠶᠠᠨ ᠪᠠᠳᠤᠯᠠᠵᠤ᠂ ︽ | ᠲᠠᠷᠠᠬᠠᠢ ᠪᠤᠳᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠲᠠᠢ︾ ᠠᠵᠤ ᠠᠬᠤᠢᠢᠯᠡᠯ ᠢ ᠡᠷᠡᠰ ᠵᠠᠰᠠᠵᠤ᠂ | ᠭᠤᠤᠯᠳᠠᠯᠭᠠᠳᠤ ᠤᠷᠤᠨ ᠪᠦᠰᠡ ᠶᠢᠨ ᠠᠭᠠᠷ ᠮᠠᠨᠳᠠᠯ ᠤᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠦᠷᠬᠦᠯᠵᠢᠯᠡᠨ ᠠᠬᠢᠭᠤᠯᠵᠤ᠂ ᠬᠤᠳᠠ ᠪᠠᠯᠭᠠᠰᠤ᠂ ᠨᠡᠭᠡᠭᠡᠯᠳᠡ ᠶᠢᠨ ᠤᠷᠤᠨ᠂ ᠠᠵᠤ ᠦᠢᠯᠡᠳᠪᠤᠷᠢ ᠶᠢᠨ ᠬᠦᠷᠢᠶᠡᠯᠡᠩ | ᠲᠤᠭᠤᠷᠢᠭ ᠤᠨ ᠪᠤᠬᠢᠷ ᠤᠰᠤ ᠰᠢᠢᠳᠪᠤᠷᠢᠯᠡᠬᠦ ᠲᠦᠬᠦᠭᠡᠷᠤᠮᠵᠢ ᠶᠢ ᠱᠠᠯᠠᠪᠳᠠᠨ ᠪᠠᠶᠢᠭᠤᠯᠵᠤ᠂ ᠮᠠᠯᠵᠢᠬᠤ ᠲᠠᠷᠢᠶᠠᠯᠠᠬᠤ | ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠬᠦᠨᠵᠡᠭᠡᠢ ᠠᠬᠢᠭᠤᠯᠬᠤ | ᠭᠡᠷᠡᠭᠳᠠᠢ᠃ ᠦᠪᠦᠷ ᠮᠤᠩᠭᠤᠯ ᠤᠨ ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ | ᠶᠡᠷᠤᠩᠭᠡᠶᠢᠯᠡᠭᠰᠡᠨ ᠵᠠᠰᠠᠯᠳᠠ ᠶᠢ ᠰᠠᠶᠢᠳᠤᠷ ᠠᠳᠬᠤᠵᠤ᠂ ᠡᠪᠡᠳᠴᠢᠨ ᠳᠤ ᠨᠢ ᠲᠤᠬᠢᠷᠠᠭᠤᠯᠤᠨ ᠡᠮ ᠬᠡᠷᠡᠭᠯᠡᠵᠦ᠂ | ᠨᠠᠶᠢᠳᠠᠪᠤᠷᠢᠵᠢᠭᠤᠯᠤᠯᠳᠠ ᠶᠢ ᠦᠨᠡᠨ ᠬᠦ ᠰᠠᠶᠢᠳᠤᠷ ᠠᠳᠬᠤᠬᠤ ᠭᠡᠷᠡᠭᠳᠠᠢ ᠭᠡᠪᠠ᠃ | ᠰᠢ ᠶᠢᠨ ᠫᠢᠩ ᠴᠢᠬᠤᠯᠠᠴᠢᠯᠠᠭᠰᠠᠨ ᠨᠢ᠂ ᠡᠨᠡ ᠵᠢᠯ ᠪᠤᠯ ᠰᠢᠨ᠎ᠠ ᠳᠤᠮᠳᠠᠳᠤ ᠤᠯᠤᠰ ᠪᠠᠶᠢᠭᠤᠯᠤᠬᠳᠠᠬᠰᠠᠨ | 70 ᠵᠢᠯ ᠤᠨ ᠤᠢ ᠪᠤᠯᠤᠨ᠎ᠠ᠂ ᠠᠵᠤ ᠠᠬᠤᠢ ᠶᠢᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠶᠡᠭᠡ | ᠲᠠᠯ᠎ᠠ ᠶᠢᠨ ᠲᠤᠬᠲᠠᠭᠤᠨ ᠪᠠᠶᠢᠬᠤ ᠶᠢ ᠪᠠᠲᠤᠯᠠᠬᠤ ᠡᠭᠦᠷᠭᠡ ᠮᠠᠰᠢ ᠬᠦᠨᠳᠦ ᠪᠠᠶᠢᠨ᠎ᠠ᠃ ᠦᠪᠦᠷ ᠮᠤᠩᠭᠤᠯ ᠡᠯ᠎ᠠ ᠵᠦᠢᠯ | ᠤᠨ ᠠᠵᠢᠯ ᠢᠶᠠᠨ ᠯᠠᠪᠳᠠᠭᠤᠨ ᠪᠠᠳᠤᠳᠠᠢ ᠰᠠᠶᠢᠲᠤᠷ ᠬᠢᠵᠦ᠂ ᠠᠵᠤ ᠠᠬᠤᠢ ᠶᠢᠨ ᠲᠤᠭᠳᠠᠭᠤᠨ ᠡᠷᠬᠢᠯᠳᠡ ᠶᠢ | ᠪᠠᠲᠤᠯᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠠᠷᠠᠳ | ᠤᠨ ᠠᠮᠢᠳᠤᠷᠠᠯ ᠤᠨ ᠪᠠᠳᠤᠯᠠᠭ᠎ᠠ ᠶᠢᠨ ᠲᠦᠪᠰᠢᠨ ᠢᠶᠠᠨ ᠳᠤᠭᠳᠠᠭᠤᠨ ᠢᠶᠠᠷ ᠳᠡᠭᠡᠭᠰᠢᠯᠡᠭᠦᠯᠵᠦ᠂ | ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠦᠭᠵᠢᠬᠦ ᠶᠢ ᠠᠬᠢᠭᠤᠯᠵᠤ᠂ ᠠᠷᠠᠳ ᠤᠯᠠᠨ ᠤ | ᠬᠦᠷᠳᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ | ᠨᠡᠮᠡᠭᠳᠡᠬᠦᠯᠬᠦ ᠬᠡᠷᠡᠭᠲᠡᠢ ᠭᠡᠪᠠ᠃ | | | | | ᠰᠢ ᠶᠢᠨ ᠫᠢᠩ ᠵᠢᠭᠠᠭᠰᠠᠨ ᠨᠢ᠂ ᠦᠡᠭᠭᠡᠷᠡᠭᠰᠡᠨ ᠳᠤ ᠮᠠᠨ ᠤ ᠨᠠᠮ ᠰᠢᠷᠭᠠᠭᠤ ᠬᠠᠲᠠᠭᠤᠵᠢᠯᠲᠠᠢ ᠪᠠᠷ ᠲᠡᠮᠡᠴᠡᠬᠦ᠂ | ᠠᠵᠢᠯᠴᠢ ᠠᠷᠪᠢᠴᠢ ᠪᠠᠷ ᠠᠮᠢᠳᠤᠷᠠᠬᠤ ᠳᠤ ᠲᠦᠰᠢᠭᠯᠡᠨ ᠠᠭᠤᠤ ᠶᠡᠭᠡ ᠦᠢᠯᠡᠰ ᠢ ᠲᠠᠰᠤᠷᠠᠯᠲᠠ ᠦᠭᠡᠢ ᠴᠤᠭᠴᠠᠯᠠᠨ | ᠪᠠᠶᠢᠭᠤᠯᠪᠠ᠂ ᠤᠳᠤ ᠪᠢᠳᠡ ᠮᠦᠨ ᠬᠦ ᠡᠶᠢᠮᠦ ᠦᠵᠡᠯ ᠰᠠᠨᠠᠭ᠎ᠠ ᠪᠠᠷ ᠠᠵᠢᠯ ᠢᠶᠠᠨ ᠵᠢᠭᠠᠨ ᠵᠢᠯᠤᠭᠤᠳᠬᠤ ᠬᠡᠷᠡᠭᠲᠡᠢ᠃ | ᠢᠳᠡᠭᠡᠳ ᠬᠤᠭᠤᠰᠤᠷᠠᠬᠤ ᠦᠭᠡᠢ ᠡᠮᠦᠰᠦᠭᠡᠳ ᠶᠠᠳᠠᠭᠤᠷᠠᠬᠤ ᠦᠭᠡᠢ ᠶᠤᠮ᠂ ᠵᠤᠬᠢᠰᠳᠠᠢ ᠲᠦᠯᠦᠪᠯᠡᠭᠡ ᠦᠭᠡᠢ ᠪᠤᠯ | ᠨᠠᠰᠤ ᠪᠠᠷ ᠢᠶᠠᠨ ᠶᠠᠳᠠᠭᠤ ᠶᠠᠪᠤᠨ᠎ᠠ᠃ ᠨᠠᠮ ᠪᠤᠯᠤᠨ ᠵᠠᠰᠠᠭ ᠤᠨ ᠤᠷᠳᠤᠨ ᠲᠦᠷᠦᠭᠦᠯᠡᠨ ᠠᠷᠪᠢᠴᠢ ᠭᠠᠮᠳᠠᠢ | ᠠᠮᠢᠳᠤᠷᠠᠬᠤ ᠶᠢᠨ ᠵᠤᠷᠢᠯᠭ᠎ᠠ ᠨᠢ ᠤᠯᠠᠨ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠦᠯᠦᠭᠡ ᠶᠤᠮ᠂ ᠡᠨᠡ | ᠪᠤᠯ ᠮᠠᠨ ᠤ ᠨᠠᠮ ᠤᠨ ᠵᠤᠷᠢᠯᠲᠠ ᠪᠠ ᠰᠢᠨᠵᠢ ᠴᠢᠨᠠᠷ ᠠᠴᠠ ᠲᠤᠬᠲᠠᠭᠠᠬᠳᠠᠵᠠᠢ᠃ ᠮᠠᠨ ᠤ ᠤᠯᠤᠰ ᠬᠦᠭᠵᠢᠭᠡᠳ ᠶᠠᠮᠠᠷ | ᠲᠦᠪᠰᠢᠨ ᠳᠤ ᠬᠦᠷᠦᠭᠰᠡᠨ ᠴᠦ᠂ ᠠᠷᠠᠳ ᠲᠦᠮᠡᠨ ᠤ ᠠᠮᠢᠳᠤᠷᠠᠯ ᠰᠠᠶᠢᠵᠢᠷᠠᠭᠠᠳ ᠶᠠᠮᠠᠷ ᠬᠡᠮᠵᠢᠶᠡᠨ ᠳᠤ ᠬᠦᠷᠦᠭᠰᠡᠨ | ᠴᠤ ᠰᠢᠷᠭᠠᠭᠤ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠮᠢᠳᠤᠷᠠᠬᠤ ᠦᠵᠡᠯ ᠰᠠᠨᠠᠭ᠎ᠠ ᠪᠠᠨ | ᠡᠭᠦᠷᠢᠲᠡ ᠤᠷᠬᠢᠵᠤ ᠪᠤᠯᠬᠤ ᠦᠭᠡᠢ᠃ ᠰᠢᠷᠭᠠᠭᠤ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠷ | ᠠᠮᠢᠳᠤᠷᠠᠬᠤ ᠨᠢ ᠪᠢᠳᠡᠨ ᠤ ᠤᠯᠠᠨ ᠵᠢᠯ ᠤᠨ ᠲᠤᠷᠰᠢ ᠬᠦᠭᠵᠢᠨ ᠪᠤᠵᠠᠭᠠᠢᠢᠷᠠᠵᠤ ᠢᠷᠡᠭᠰᠡᠨ ᠤ ᠴᠢᠬᠤᠯᠠ ᠪᠠᠲᠤᠯᠠᠭ᠎ᠠ | ᠪᠤᠯᠬᠤ ᠪᠠᠷ ᠪᠠᠷᠠᠬᠤ ᠦᠭᠡᠢ᠂ ᠪᠠᠰᠠ ᠴᠤ ᠪᠢᠳᠡᠨ ᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠬᠡᠬᠡᠵᠦ᠂ | ᠲᠠᠬᠢᠨ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠶᠢᠨ ᠴᠢᠬᠤᠯᠠ ᠪᠠᠲᠤᠯᠠᠭ᠎ᠠ ᠪᠤᠯᠬᠤ ᠶᠤᠮ ᠭᠡᠪᠠ᠃ |