ᠨᠢᠳᠤᠨᠤᠨ ᠵᠢᠯ ᠥᠪᠥᠷ ᠮᠤᠩᠭᠤᠯ ᠤᠨ ᠡᠮ ᠤᠨ ᠵᠦᠶᠯ ᠤᠨ ᠠᠮᠤᠷ ᠲᠦᠪᠰᠢᠨ ᠤ ᠪᠠᠶᠢᠳᠠᠯ ᠶᠡᠷᠦᠩᠬᠡᠶ ᠎ ᠳᠤ ᠪᠠᠨ ᠲᠣᠭᠲᠠᠭᠤᠨ ᠪᠤᠯᠪᠠ
ᠨᠡᠶᠢᠲᠡᠯᠡᠭᠰᠡᠨ ᠴᠠᠭ᠄
2019/3/6
     ᠨᠢᠳᠤᠨᠤᠨ᠂ ᠪᠦᠬᠦ ᠣᠷᠣᠨ ᠤ ᠡᠯ᠎ᠡ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭ᠎ᠠ ᠬᠡᠷᠡᠭᠵᠢᠭᠦᠯᠵᠦ᠂ ᠪᠥᠬᠦ ᠣᠷᠣᠨ ᠤ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠲᠣᠭᠲᠠᠭᠤᠨ ᠪᠠᠶᠢᠬᠤ ᠰᠠᠶᠢᠨ ᠪᠠᠶᠢᠳᠠᠯ ᠢ ᠪᠠᠲᠤᠯᠠᠪᠠ᠃      ᠣᠶᠢᠯᠠᠭᠠᠭᠰᠠᠨ ᠢᠶᠠᠷ᠂ 2018 ᠣᠨ ᠳᠤ᠂ ᠪᠦᠬᠦ ᠣᠷᠣᠨ ᠤ ᠡᠯ᠎ᠡ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠦᠬᠦ ᠵᠢᠯ ᠳᠤ ᠡᠮ ᠤᠨ ᠵᠦᠢᠯ ᠢ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠡᠮ ᠨᠠᠶᠢᠷᠠᠬᠤ ᠲᠠᠰᠤᠭ ᠢ 427 ᠡᠷᠦᠬᠡ ᠤᠳᠠᠭ᠎ᠠ᠂ ᠡᠮᠴᠢᠯᠡᠭᠡᠨ ᠤ ᠪᠠᠭᠠᠵᠢ ᠬᠡᠷᠡᠭᠰᠡᠯ ᠦᠢᠯᠡᠳᠪᠦᠷᠢᠯᠡᠬᠦ ᠠᠵᠤ ᠠᠬᠤᠶᠢᠯᠠᠯ ᠢ 108 ᠡᠷᠦᠬᠡ ᠤᠳᠠᠭ᠎ᠠ᠂ ᠡᠮ ᠤᠨ ᠵᠦᠢᠯ ᠤᠨ ᠡᠵᠡᠩᠨᠡᠯᠲᠡ ᠬᠡᠷᠡᠭᠯᠡᠯᠲᠡ ᠶᠢᠨ ᠨᠢᠭᠡᠴᠢ ᠶᠢ 2.4 ᠲᠦᠮᠡᠨ ᠡᠷᠦᠬᠡ ᠤᠳᠠᠭ᠎ᠠ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠬᠡᠷᠡᠭᠯᠡᠯᠲᠡ ᠶᠢᠨ ᠨᠢᠭᠡᠴᠢ ᠶᠢ 3.3 ᠲᠦᠮᠡᠨ ᠡᠷᠦᠬᠡ ᠤᠳᠠᠭ᠎ᠠ᠂ ᠵᠠᠰᠠᠯ ᠴᠢᠮᠡᠭ ᠤᠨ ᠡᠳ᠋ ᠦᠢᠯᠡᠳᠪᠦᠷᠢᠯᠡᠬᠦ ᠡᠵᠡᠩᠨᠡᠯᠲᠡ ᠬᠡᠷᠡᠭᠯᠡᠯᠲᠡ ᠶᠢᠨ ᠨᠢᠭᠡᠴᠢ ᠶᠢ 3.4 ᠲᠦᠮᠡᠨ ᠡᠷᠦᠬᠡ ᠤᠳᠠᠭ᠎ᠠ ᠪᠠᠶᠢᠴᠠᠭᠠᠪᠠ᠃ ᠡᠭᠦᠨ ᠤ ᠵᠡᠷᠭᠡᠴᠡᠭᠡᠪᠡᠷ ᠠᠶᠤᠯ ᠲᠦᠭᠰᠢᠭᠦᠷᠢ ᠶᠢᠨ ᠴᠡᠭ ᠢ ᠡᠷᠢᠵᠦ ᠢᠯᠭᠠᠨ ᠲᠠᠨᠢᠬᠤ ᠠᠵᠢᠯ ᠢ ᠭᠦᠨᠵᠡᠭᠡᠶ ᠥᠷᠨᠢᠭᠦᠯᠵᠦ᠂ ︽ᠬᠤᠶᠠᠷ ᠪᠦᠲᠦᠭᠡᠭᠳᠡᠬᠦᠨ ᠨᠢᠭᠡ ᠪᠠᠭᠠᠵᠢ︾ ᠭᠤᠣᠯᠳᠠᠯᠭ᠎ᠠ ᠲᠠᠢ ᠠᠶᠤᠯ ᠲᠦᠭᠰᠢᠭᠦᠷᠢ ᠶᠢᠨ ᠴᠡᠭ ᠢ 42 ᠡᠮᠬᠢᠯᠡᠭᠰᠡᠨ ᠪᠦᠭᠡᠳ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ ︽ᠠᠶᠤᠯ ᠲᠦᠭᠰᠢᠭᠦᠷᠢ ᠭᠡᠮ ᠰᠤᠭᠤᠭ ᠤᠨ ᠨᠠᠷᠢᠨ ᠬᠠᠭᠤᠳᠠᠰᠤ︾᠂ ︽ᠭᠤᠣᠯᠳᠠᠯᠭ᠎ᠠ ᠲᠠᠢ ᠬᠢᠨᠠᠵᠤ ᠬᠠᠮᠢᠶᠠᠷᠬᠤ ᠠᠵᠤ ᠠᠬᠤᠶᠢᠯᠠᠯ ᠤᠨ ᠨᠡᠷᠡᠰ ᠤᠨ ᠲᠡᠮᠳᠡᠭᠯᠡᠯ︾᠂ ︽ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠬᠢᠨᠠᠨ ᠰᠢᠯᠭᠠᠵᠤ ᠦᠨᠡᠯᠡᠬᠦ ᠠᠷᠭ᠎ᠠ︾ ᠵᠡᠷᠭᠡ ᠶᠢ ᠲᠣᠭᠲᠠᠭᠠᠨ ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠬᠢᠵᠠᠭᠠᠷᠯᠠᠬᠤ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠡᠯ᠎ᠡ ᠳᠦᠷᠦᠯ ᠤᠨ ᠪᠠᠶᠢᠴᠠᠭᠠᠯᠲᠠ᠂ ᠡᠮᠴᠢᠯᠡᠭᠡᠨ ᠤ ᠪᠠᠶᠢᠭᠤᠯᠤᠮᠵᠢ ᠶᠢᠨ ᠰᠠᠴᠤᠷᠠᠭ ᠴᠢᠨᠠᠷᠲᠠᠶ ᠡᠮ ᠨᠠᠶᠢᠷᠠᠭᠤᠯᠵᠤ ᠬᠡᠷᠡᠭᠯᠡᠬᠦ ᠪᠠ ᠬᠢᠲᠠᠳ ᠡᠮ ᠤᠨ ᠮᠠᠲ᠋ᠧᠷᠢᠶᠠᠯ ᠤᠨ ᠤᠤᠭᠤᠬᠤ ᠡᠮ᠂ ᠠᠶᠤᠯ ᠲᠦᠭᠰᠢᠭᠦᠷᠢ ᠶᠡᠬᠡᠲᠡᠶ ᠣᠨᠴᠠᠭᠠᠶ ᠬᠡᠷᠡᠭᠴᠡᠭᠡᠨ ᠤ ᠵᠠᠰᠠᠯ ᠴᠢᠮᠡᠭ ᠤᠨ ᠡᠳ᠋᠂ ᠪᠠᠺᠲ᠋ᠧᠷᠢ ᠦᠭᠡᠢ ᠪᠠ ᠬᠦᠮᠦᠨ ᠤ ᠪᠡᠶᠡᠨ ᠳᠤ ᠲᠠᠷᠢᠵᠤ ᠤᠷᠤᠭᠤᠯᠬᠤ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠲᠤᠰᠬᠠᠶ ᠵᠦᠢᠯ ᠤᠨ ᠴᠡᠭᠴᠡᠯᠡᠨ ᠵᠠᠰᠠᠯᠲᠠ ᠶᠢ ᠵᠤᠬᠢᠶᠠᠨ ᠪᠠᠶᠢᠭᠤᠯᠤᠨ ᠦᠷᠨᠢᠭᠦᠯᠪᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ ︽ᠬᠤᠶᠠᠷ ᠪᠦᠲᠦᠭᠡᠭᠳᠡᠬᠦᠨ ᠨᠢᠭᠡ ᠪᠠᠭᠠᠵᠢ︾ ︵ᠡᠮ ᠤᠨ ᠵᠦᠶᠯ᠂ ᠵᠠᠰᠠᠯ ᠴᠢᠮᠡᠭ ᠤᠨ ᠡᠳ᠋᠂ ᠡᠮᠴᠢᠯᠡᠭᠡᠨ ᠤ ᠪᠠᠭᠠᠵᠢ ᠬᠡᠷᠡᠭᠰᠡᠯ︶᠎ ᠶᠢᠨ ᠦᠯᠢᠭᠡᠷ ᠠᠪᠬᠤ᠂ ᠰᠢᠯᠭᠠᠨ ᠪᠠᠶᠢᠴᠠᠭᠠᠬᠤ ᠡᠭᠦᠷᠭᠡ ᠶᠢ 4582 ᠪᠦᠯᠦᠭ ᠤᠳᠠᠭ᠎ᠠ ᠪᠡᠶᠡᠯᠡᠭᠦᠯᠡᠵᠢ︔ ᠬᠢᠨᠠᠨ ᠬᠡᠮᠵᠢᠭᠰᠡᠨ ᠡᠮ ᠪᠠ ᠵᠠᠰᠠᠯ ᠴᠢᠮᠡᠭ ᠤᠨ ᠡᠳ᠋ ᠤᠨ ᠡᠷᠡᠭᠦᠯ ᠪᠤᠰᠤ ᠲᠤᠰᠬᠠᠯ᠂ ᠡᠮᠴᠢᠯᠡᠭᠡ ᠶᠢᠨ ᠪᠠᠭᠠᠵᠢ ᠬᠡᠷᠡᠭᠰᠡᠯ ᠤᠨ ᠮᠠᠭᠤ ᠬᠡᠷᠡᠭ ᠶᠠᠪᠤᠳᠠᠯ ᠢ 28966 ᠬᠤᠪᠢ ᠳᠡᠭᠡᠭᠰᠢ ᠮᠡᠳᠡᠭᠦᠯᠵᠡᠢ︔ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ 2128 ᠬᠡᠷᠡᠭ ᠢ ᠳᠡᠩᠰᠡᠯᠡᠵᠦ ᠪᠠᠶᠢᠴᠠᠭᠠᠨ ᠰᠢᠶᠳᠪᠦᠷᠢᠯᠡᠵᠦ᠂ 47 ᠡᠷᠦᠬᠡ ᠶᠢ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠤᠭᠰᠤᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ 33 ᠬᠡᠷᠡᠭ ᠢ ᠰᠢᠯᠵᠢᠭᠦᠯᠦᠨ ᠬᠦᠷᠭᠡᠵᠦ᠂ 1 ᠬᠡᠷᠡᠭ ᠢ ᠡᠷᠡᠭᠦᠦ ᠶᠢᠨ ᠬᠡᠷᠡᠭ ᠢᠶᠠᠷ ᠰᠢᠭᠦᠨ ᠲᠠᠰᠤᠯᠵᠤ᠂ 4 ᠬᠦᠮᠦᠨ ᠢ ᠡᠷᠡᠭᠦᠦ ᠶᠢᠨ ᠰᠢᠳᠬᠡᠯ ᠢᠶᠠᠷ ᠰᠢᠢᠳᠬᠡᠪᠡ᠃      ᠡᠭᠦᠨ ᠠᠴᠠ ᠭᠠᠳᠠᠨ᠎ᠠ᠂ ᠨᠢᠳᠤᠨᠤᠨ ᠮᠠᠨ ᠤ ᠣᠷᠣᠨ ᠪᠠᠰᠠ ᠡᠮ ᠤᠨ ᠵᠦᠶᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠮᠠᠨ ᠤ ᠣᠷᠣᠨ ᠤ ᠸᠠᠺᠼᠢᠨ ᠤ ᠬᠠᠳᠠᠭᠠᠯᠠᠯᠲᠠ᠂ ᠲᠡᠭᠡᠭᠡᠪᠦᠷᠢ ᠪᠠ ᠬᠡᠷᠡᠭᠯᠡᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠵᠠᠢ᠃ ︽ᠬᠤᠶᠠᠷ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠰᠢᠰᠲ᠋ᠧᠮ ᠢ ᠪᠦᠷᠢᠨᠰᠢᠭᠦᠯᠵᠦ᠂ ᠰᠦᠯᠵᠢᠶᠡᠨ ᠳᠡᠭᠡᠷ᠎ᠡ ᠭᠤᠶᠤᠴᠢᠯᠠᠬᠤ᠂ ᠬᠦᠯᠢᠶᠡᠨ ᠠᠪᠴᠤ ᠰᠢᠶᠳᠪᠦᠷᠢᠯᠡᠬᠦ᠂ ᠬᠢᠨᠠᠵᠤ ᠦᠨᠡᠯᠡᠬᠦ᠂ ᠬᠢᠨᠠᠨ ᠵᠥᠪᠰᠢᠶᠡᠷᠡᠬᠦ᠂ ᠦᠨᠡᠮᠯᠡᠯ ᠤᠯᠭᠤᠬᠤ ᠶᠢ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 1/3᠎ ᠪᠠᠷ ᠪᠤᠭᠤᠨᠢᠰᠬᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号