ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠶᠡᠭᠡ ᠪᠠᠶᠢᠴᠠᠭᠠᠯᠲᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠤᠭᠤᠳᠤ ᠬᠤᠳᠠ ᠳᠤ ᠭᠡᠨᠡᠳᠳᠡ ᠶᠢᠨ ᠪᠠᠶᠢᠴᠠᠭᠠᠯᠲᠠ ᠬᠢᠵᠠᠢ
ᠨᠡᠶᠢᠲᠡᠯᠡᠭᠰᠡᠨ ᠴᠠᠭ᠄
2019/3/6
     3 ᠳ᠋ᠤᠭᠠᠷ ᠰᠠᠷ᠎ᠠ ᠶᠢᠨ 4᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠦᠩ ᠢᠶᠠᠷ ᠳᠤᠭᠤᠶᠢᠯᠠᠩ ᠤᠨ ᠳᠠᠷᠤᠭ᠎ᠠ ᠪᠤᠯᠭᠠᠭᠰᠠᠨ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠶᠡᠭᠡ ᠪᠠᠶᠢᠴᠠᠭᠠᠯᠲᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠤᠭᠤᠳᠤ ᠬᠤᠳᠠ ᠳᠤ ᠭᠡᠨᠡᠳᠳᠡ ᠶᠢᠨ ᠪᠠᠶᠢᠴᠠᠭᠠᠯᠲᠠ ᠬᠢᠵᠦ᠂ ᠬᠤᠯᠪᠤᠭᠳᠠᠯ ᠪᠦᠬᠦᠢ ᠠᠵᠢᠯ ᠲᠦᠷᠦᠯ ᠤᠨ ᠠᠶᠤᠯ ᠦᠭᠡᠢ ᠦᠢᠯᠡᠳᠪᠤᠷᠢᠯᠡᠯ ᠤᠨ ᠪᠠᠶᠢᠳᠠᠯ ᠢ ᠪᠤᠳᠠᠳᠠᠢ ᠭᠠᠵᠠᠷ ᠲᠤ ᠨᠢ ᠪᠠᠶᠢᠴᠠᠭᠠᠨ ᠦᠵᠡᠪᠡ᠃      ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠪᠤᠭᠤᠳᠤ ᠬᠤᠳᠠ ᠶᠢᠨ ᠬᠤᠩ ᠳ᠋ᠠ ᠠᠷᠠᠳ ᠤᠨ ᠠᠭᠠᠷ ᠤᠨ ᠰᠡᠷᠭᠡᠶᠢᠯᠡᠯᠲᠡ ᠬᠤᠳᠠᠯᠳᠤᠭᠠᠨ ᠤ ᠵᠡᠭᠡᠯᠢ᠂ ᠬᠦᠨᠳᠡᠯᠡᠨ ᠲᠤᠭᠤᠷᠢᠭ ᠤᠨ ᠠᠶᠠᠨᠴᠢᠳ ᠎ ᠤᠨ ᠵᠦᠭᠡᠭᠡᠪᠦᠷᠢ ᠶᠢᠨ ᠦᠷᠳᠡᠭᠡ ᠪᠠ ᠳᠤᠮᠳᠠᠳᠤ ᠤᠯᠤᠰ ᠤᠨ ᠤᠮᠠᠷᠠᠳᠦ ᠶᠢᠨ ᠬᠤᠪᠤᠷ ᠰᠢᠷᠤᠢ ᠶᠢᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠲᠡᠮᠦᠷᠯᠢᠭ ᠬᠠᠶᠢᠯᠤᠭᠤᠯᠬᠤ ᠬᠤᠪᠢᠶᠠᠷᠢ ᠺᠤᠮᠫᠠᠨᠢ ᠳᠤ ᠬᠦᠷᠴᠦ᠂ ᠬᠦᠮᠦᠨ ᠬᠠᠷ᠎ᠠ ᠨᠢᠬᠳᠠᠷᠠᠭᠰᠠᠨ ᠲᠠᠯᠠᠪᠤᠷ ᠪᠠ ᠦᠢᠯᠡᠳᠪᠤᠷᠢ ᠠᠭᠤᠷᠬᠠᠢ ᠡᠳ᠋ᠰᠢᠬᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠭᠠᠯ ᠰᠡᠷᠭᠡᠶᠢᠯᠡᠵᠦ ᠭᠠᠯ ᠤᠨᠳᠠᠷᠠᠭᠠᠬᠤ᠂ ᠡᠵᠡᠩᠨᠡᠯᠳᠠ ᠶᠢᠨ ᠠᠮᠤᠷ ᠲᠦᠪᠰᠢᠨ᠂ ᠲᠤᠨᠤᠭ ᠲᠦᠬᠦᠭᠡᠷᠤᠮᠵᠢ ᠶᠢᠨ ᠬᠢᠨᠡᠨ ᠰᠢᠯᠭᠠᠯᠳᠠ ᠵᠡᠷᠭᠡ ᠠᠮᠤᠷ ᠲᠦᠪᠰᠢᠨ ᠤ ᠵᠦᠢᠯ ᠳᠤ ᠭᠡᠨᠡᠳᠳᠡ ᠶᠢᠨ ᠪᠠᠶᠢᠴᠠᠭᠠᠯᠲᠠ ᠬᠢᠵᠠᠢ᠃      ᠵᠠᠩ ᠶᠤᠸᠠᠨ ᠵᠦᠩ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠠᠵᠦ ᠠᠬᠤᠶᠢᠯᠠᠯ ᠤᠯᠤᠰ ᠳᠦᠷᠦ ᠶᠢᠨ ᠵᠤᠬᠰᠤᠴᠠ ᠪᠠᠨ ᠴᠢᠨᠠᠬᠰᠢᠳᠠ ᠳᠡᠬᠡᠭᠰᠢᠯᠡᠬᠦᠯᠵᠦ᠂ ︽ᠳᠦᠷᠪᠡᠨ ᠤᠬᠠᠮᠰᠠᠷ︾᠎ ᠢ ᠪᠠᠳᠤ ᠪᠤᠢ ᠪᠤᠯᠭᠠᠨ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠬᠦᠯᠵᠦ᠂ ᠨᠠᠮ ᠤᠨ ᠳᠦᠪ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠎ ᠤᠨ ᠬᠤᠷᠢᠶ᠎ᠠ᠂ ᠵᠠᠰᠠᠬ ᠤᠨ ᠤᠷᠳᠤᠨ ᠤ ᠠᠶᠤᠯ ᠦᠭᠡᠢ ᠦᠢᠯᠡᠳᠪᠤᠷᠢᠯᠡᠯ ᠤᠨ ᠳᠠᠯ᠎ᠠ ᠪᠠᠷ ᠬᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠯᠢ ᠶᠢᠨ ᠭᠤᠤᠯ ᠠᠶᠢᠮᠠᠭ ᠎ ᠤᠨ ᠪᠠᠷᠠᠭᠤᠨ ᠦᠵᠦᠮᠦᠴᠢᠨ ᠬᠤᠰᠢᠭᠤᠨ ᠤ ︽2 · 23︾᠎ ᠤ ᠬᠦᠨᠳᠦ ᠶᠡᠭᠡ ᠠᠳᠡᠯ ᠠᠴᠠ ᠬᠦᠨᠵᠡᠬᠡᠢ ᠰᠤᠷᠭᠠᠮᠵᠢ ᠠᠪᠴᠤ᠂ ᠠᠶᠤᠯ ᠦᠭᠡᠢ ᠦᠢᠯᠡᠳᠪᠤᠷᠢᠯᠡᠯ ᠤᠨ ᠬᠦᠷᠢᠶᠡᠨ ᠤ ᠠᠶᠤᠯ ᠳᠦᠭᠰᠢᠬᠦᠷᠢ ᠶᠢ ᠳᠡᠬᠡᠳᠦ ᠬᠡᠮᠵᠢᠶ᠎ᠠ ᠪᠠᠷ ᠴᠢᠬᠤᠯᠠᠴᠢᠯᠠᠨ ᠰᠡᠷᠭᠡᠶᠢᠯᠡᠵᠦ᠂ ᠠᠶᠤᠯ ᠦᠭᠡᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠡᠷᠡᠰ ᠪᠤᠳᠠᠳᠠᠢ ᠨᠠᠶᠢᠳᠠᠪᠤᠷᠢᠵᠢᠭᠤᠯᠵᠤ᠂ ᠡᠯ᠎ᠠ ᠳᠦᠷᠦᠯ ᠤᠨ ᠦᠢᠯᠡᠳᠪᠤᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠳᠡᠢ᠃ ᠠᠶᠤᠯ ᠦᠭᠡᠢ ᠦᠢᠯᠡᠳᠪᠤᠷᠢᠯᠡᠯ ᠤᠨ ᠬᠢᠨᠠᠯᠳᠠ ᠬᠠᠮᠢᠶᠠᠷᠤᠯᠳᠠ ᠶᠢ ᠴᠠᠬ ᠢᠮᠠᠬᠳᠠ ᠴᠢᠩᠭ᠎ᠠ ᠠᠳᠬᠤᠬᠤ ᠶᠢ ᠪᠠᠷᠢᠮᠳᠠᠯᠠᠵᠦ᠂ ᠨᠡᠬᠦᠷᠡᠰᠦᠨ ᠠᠭᠤᠷᠬᠠᠢ᠂ ᠨᠡᠬᠦᠷᠡᠰᠦᠨ ᠤ ᠪᠤᠰᠤ ᠠᠭᠤᠷᠬᠠᠢ ᠵᠡᠷᠬᠡ ᠭᠤᠤᠯᠳᠠᠯᠭ᠎ᠠ ᠲᠠᠢ ᠠᠵᠢᠯ ᠳᠦᠷᠦᠯ ᠤᠨ ᠠᠮᠤᠷ ᠳᠦᠪᠰᠢᠨ ᠤ ᠠᠶᠤᠯ ᠳᠦᠭᠰᠢᠬᠦᠷᠢ ᠶᠢᠨ ᠬᠡᠮ ᠰᠤᠭᠤᠬ ᠢ ᠪᠠᠶᠢᠴᠠᠭᠠᠨ ᠴᠡᠭᠴᠡᠯᠡᠬᠦ ᠠᠵᠢᠯ ᠢ ᠯᠠᠪᠳᠠᠭᠤᠨ ᠪᠠᠳᠤᠳᠠᠢ ᠬᠢᠵᠦ᠂ ᠤᠷᠢᠳᠴᠢᠯᠡᠨ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠳᠦᠪᠰᠢᠨ ᠢ ᠦᠨᠡᠨ ᠬᠦ ᠪᠠᠳᠤᠯᠠᠬᠤ ᠬᠡᠷᠡᠭᠳᠡᠢ ᠭᠡᠵᠡᠢ᠃      ᠵᠠᠩ ᠶᠤᠸᠠᠨ ᠵᠦᠩ ᠱᠠᠭᠠᠷᠳᠠᠭᠰᠠᠨ ᠨᠢ᠂ ᠪᠦᠬᠦ ᠬᠤᠳᠠ ᠶᠢᠨ ᠡᠯ᠎ᠠ ᠱᠠᠳᠤ ᠡᠯ᠎ᠠ ᠰᠠᠯᠠᠭ᠎ᠠ ᠮᠦᠴᠢᠷ ᠨᠢᠬᠡᠴᠢ ᠠᠵᠦ ᠠᠬᠤᠶᠢᠯᠠᠯ ᠤᠨ ᠬᠢᠨ ᠡᠷᠬᠡᠪᠰᠢ ᠰᠢᠮᠳᠠᠭᠤᠯᠤᠨ ᠵᠢᠯᠤᠭᠤᠳᠬᠤ ᠳᠤᠭᠤᠶᠢᠯᠠᠩ ᠤᠨ ᠠᠶᠤᠯ ᠦᠭᠡᠢ ᠦᠢᠯᠡᠳᠪᠤᠷᠢᠯᠡᠯ ᠤᠨ ᠪᠠᠶᠢᠴᠠᠭᠠᠯᠲᠠ ᠶᠢᠨ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠦ᠂ ᠲᠤᠰ ᠤᠳᠠᠭᠠᠨ ᠤ ᠶᠡᠭᠡ ᠪᠠᠶᠢᠴᠠᠭᠠᠯᠲᠠ ᠪᠠᠷ ᠳᠠᠮᠵᠢᠭᠤᠯᠤᠨ᠂ ᠡᠬᠦᠷᠬᠡ ᠳᠤᠳᠤᠷᠬᠠᠢ᠂ ᠬᠠᠷᠢᠭᠤᠴᠠᠯᠭ᠎ᠠ ᠨᠠᠶᠢᠳᠠᠪᠤᠷᠢᠲᠠᠢ᠂ ᠬᠢᠨᠠᠯᠳᠠ ᠬᠠᠮᠢᠶᠠᠷᠤᠯᠳᠠ ᠬᠦᠢᠴᠡᠳ ᠪᠠᠶᠢᠬᠤ ᠪᠦᠭᠡᠳ ᠠᠰᠠᠭᠤᠳᠠᠯ ᠢ ᠰᠢᠢᠳᠪᠤᠷᠢᠯᠡᠭᠦ ᠶᠢ ᠪᠡᠶᠡᠯᠡᠬᠦᠯᠵᠦ᠂ ᠪᠦᠬᠦ ᠬᠤᠳᠠ ᠶᠢᠨ ᠠᠶᠤᠯ ᠦᠭᠡᠢ ᠦᠢᠯᠡᠳᠪᠤᠷᠢᠯᠡᠯ ᠤᠨ ᠠᠵᠢᠯ ᠤᠨ ᠳᠠᠬᠢᠨᠳᠠ ᠰᠢᠨ᠎ᠠ ᠳᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号