ᠥᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠲᠠᠪᠤᠳᠤᠭᠠᠷ  ᠰᠢᠮᠳᠠᠭᠤᠯᠤᠨ  ᠪᠠᠶᠢᠴᠠᠭᠠᠬᠤ ᠳᠤᠭᠤᠢᠢᠯᠠᠩ ᠲᠦᠩᠯᠢᠶᠤᠤ ᠬᠤᠳᠠ ᠳᠤ ᠤᠷᠤᠵᠤ ᠰᠠᠭᠤᠪᠠ
ᠨᠡᠶᠢᠲᠡᠯᠡᠭᠰᠡᠨ ᠴᠠᠭ᠄
2019/3/6
     3 ᠳ᠋ᠤᠭᠠᠷ ᠰᠠᠷ᠎ᠠ ᠶᠢᠨ 3᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠦᠩᠯᠢᠶᠤᠤ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠵᠢᠶᠧ ᠰᠢᠶᠠᠩ ᠢᠶᠠᠷ ᠳᠤᠭᠤᠢᠢᠯᠠᠩ ᠤᠨ ᠳᠠᠷᠤᠭ᠎ᠠ ᠪᠤᠯᠭᠠᠭᠰᠠᠨ ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠲᠠᠪᠤᠳᠤᠭᠠᠷ ᠳᠤᠭᠤᠢᠢᠯᠠᠩ ᠲᠦᠩᠯᠢᠶᠤᠤ ᠬᠤᠳᠠ ᠳᠤ ᠬᠦᠷᠴᠤ ᠰᠢᠮᠳᠠᠭᠤᠯᠤᠨ ᠪᠠᠶᠢᠴᠠᠭᠠᠬᠤ ᠠᠵᠢᠯ ᠢᠶᠠᠨ ᠡᠬᠢᠯᠡᠭᠦᠯᠦᠭᠰᠡᠨ ᠪᠦᠭᠡᠳ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠠᠢ ᠠᠭᠤᠯᠵᠠᠨ ᠤᠯᠤᠯᠴᠠᠬᠤ ᠬᠤᠷᠠᠯ ᠬᠤᠷᠠᠯᠳᠤᠭᠤᠯᠵᠠᠢ᠃ ᠯᠢ ᠵᠢᠶᠧ ᠰᠢᠶᠠᠩ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃      ᠯᠢ ᠵᠢᠶᠧ ᠰᠢᠶᠠᠩ ᠵᠢᠭᠠᠵᠤ ᠭᠠᠷᠭᠠᠭᠰᠠᠨ ᠨᠢ᠂ ᠠᠶᠤᠯ ᠦᠭᠡᠢ ᠦᠢᠯᠡᠳᠪᠦᠷᠢᠯᠡᠯ ᠠᠯᠢᠪᠠ ᠠᠴᠠ ᠴᠢᠬᠤᠯᠠ ᠶᠤᠮ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠲᠠᠢ ᠬᠤᠯᠪᠤᠭᠳᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠶᠢᠨ ᠮᠠᠨ ᠠᠭᠤᠷᠬᠠᠢ ᠶᠢᠨ ᠺᠤᠮᠫᠠᠨᠢ ᠶᠢᠨ ︽2 · 23︾᠎ ᠤ ᠬᠦᠨᠳᠦ ᠶᠡᠭᠡ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠮᠢ ᠨᠠᠰᠤ ᠶᠢ ᠡᠷᠬᠢᠮᠯᠡᠨ ᠨᠠᠨᠳᠢᠩᠨᠠᠵᠤ᠂ ᠠᠶᠤᠯ ᠦᠭᠡᠢ  ᠬᠥᠭᠵᠢᠭᠦᠯᠬᠦ ᠣᠨᠣᠯᠵᠢᠬᠤᠨ ᠢ ᠪᠠᠳᠤᠳᠠᠢ ᠪᠤᠢ ᠪᠤᠯᠭᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠢᠮᠠᠭᠳᠠ ᠲᠤᠭᠤᠰᠢᠯᠠᠭᠤᠯᠵᠤ᠂ ᠪᠤᠬᠢᠷᠳᠤᠯ ᠦᠭᠡᠢ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠭᠦᠢᠴᠡᠳ ᠲᠤᠭᠤᠰᠢᠯᠠᠭᠤᠯᠬᠤ ᠬᠡᠷᠡᠭᠳᠠᠢ ᠭᠡᠵᠡᠢ᠃      ᠯᠢ ᠵᠢᠶᠧ ᠰᠢᠶᠠᠩ ᠴᠢᠬᠤᠯᠠᠴᠢᠯᠠᠭᠰᠠᠨ ᠨᠢ᠂ ᠲᠦᠡᠭᠯᠢᠶᠤᠤ ᠬᠤᠲᠠ ᠲᠦᠪ ᠤᠨ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢᠢᠯᠠᠯ ᠤᠨ ᠭᠤᠤᠯ ᠴᠤᠬᠴᠠ ᠶᠢᠨ ᠬᠠᠷᠢᠭᠤᠴᠠᠯᠭ᠎ᠠ᠂ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠤᠯᠤᠨ ᠬᠠᠷᠢᠶ᠎ᠠ ᠤᠷᠤᠨ ᠨᠢ ᠬᠠᠮᠢᠶᠠᠷᠬᠤ ᠬᠠᠷᠢᠭᠤᠴᠠᠯᠭ᠎ᠠ ᠪᠠᠨ ᠤᠯᠠᠮ ᠴᠢᠨᠠᠬᠰᠢᠲᠠ ᠲᠤᠳᠤᠷᠬᠠᠢᠢᠯᠠᠨ᠂ ᠨᠠᠶᠢᠳᠠᠪᠤᠷᠢᠵᠢᠭᠤᠯᠤᠨ᠂ ᠪᠤᠳᠠᠲᠠᠶᠢᠵᠢᠭᠤᠯᠵᠤ᠂ ︽ᠳᠡᠭᠡᠳᠦ ᠳᠤᠤᠷᠠᠳᠤ ᠱᠠᠲᠤ ᠪᠤᠯᠤᠨ ᠠᠳᠠᠯᠢ ᠱᠠᠲᠤ ᠪᠠᠷ ᠢᠶᠠᠨ᠂ ᠵᠠᠢ ᠵᠠᠪᠰᠠᠷ ᠦᠨᠴᠦᠭ ᠪᠤᠯᠤᠩ ᠦᠯᠡᠳᠡᠭᠡᠬᠦ ᠦᠭᠡᠢ︾ ᠪᠢᠲᠡᠭᠦᠦ ᠭᠤᠬᠴᠤᠭᠠᠲᠤ ᠬᠠᠷᠢᠭᠤᠴᠠᠯᠭ᠎ᠠ ᠶᠢᠨ ᠬᠡᠯᠬᠢᠶ᠎ᠠ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠠᠶᠤᠯ ᠦᠭᠡᠢ ᠦᠢᠯᠡᠳᠪᠦᠷᠢᠯᠠᠯ ᠤᠨ ᠪᠦᠬᠦ ᠪᠠᠶᠢᠳᠠᠯ ᠢ ᠤᠢᠢᠯᠠᠭᠠᠨ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠵᠦᠪ ᠢᠶᠠᠷ ᠦᠨᠡᠯᠡᠵᠦ᠂ ᠲᠤᠰᠬᠠᠢᠢᠵᠢᠬᠰᠠᠨ᠂ ᠪᠦᠬᠦᠨ ᠢ ᠬᠠᠮᠤᠷᠤᠬᠰᠠᠨ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠦᠷᠨᠢᠭᠦᠯᠵᠦ᠂ ᠠᠳᠡᠯ ᠤᠨ ᠭᠡᠮ ᠰᠣᠭᠤᠭ ᠪᠤᠯᠤᠨ ᠪᠠᠭᠤᠷᠠᠢ ᠭᠤᠬᠴᠤᠭ᠎ᠠ ᠶᠢ ᠪᠦᠬᠦ ᠲᠠᠯ᠎ᠠ ᠪᠠᠷ ᠰᠢᠭᠰᠢᠨ ᠴᠡᠭᠴᠡᠯᠡᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ᠂ ᠬᠢᠨᠠᠨ ᠬᠠᠮᠢᠶᠠᠷᠤᠯᠲᠠ ᠪᠠᠷ ᠳᠤᠲᠠᠮᠠᠭ᠂ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ ᠲᠡᠷᠡᠴᠢᠯᠡᠨ ᠡᠭᠦᠷᠭᠡ ᠬᠠᠷᠢᠭᠤᠴᠠᠯᠭ᠎ᠠ ᠳᠤ ᠪᠠᠨ ᠤᠰᠤᠯᠳᠠᠬᠰᠠᠳ ᠠᠴᠠ ᠬᠠᠤᠯᠢ ᠲᠤᠬᠲᠠᠭᠠᠯ ᠶᠤᠰᠤᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ ᠪᠠᠶᠢᠴᠠᠭᠠᠭᠠᠳ ᠴᠢᠬᠤᠯᠠ ᠶᠡᠭᠡ ᠭᠡᠮ ᠰᠣᠭᠤᠭ ᠤᠷᠤᠰᠢᠵᠤ᠂ ᠠᠶᠤᠯ ᠦᠭᠡᠢ ᠦᠢᠯᠡᠳᠪᠦᠷᠢᠯᠡᠯ ᠢ ᠪᠠᠲᠤᠯᠠᠵᠤ ᠳᠡᠶᠢᠯᠬᠦ ᠦᠭᠡᠢ ᠪᠠᠶᠢᠳᠠᠯ ᠢ ᠢᠯᠡᠷᠡᠭᠦᠯᠪᠡᠯ ᠤᠬᠲᠤ ᠠᠭᠤᠴᠢᠯᠠᠬᠤ ᠦᠭᠡᠢ ᠤᠪᠤᠷ ᠢᠶᠠᠷ ᠦᠢᠯᠡᠳᠪᠦᠷᠢᠯᠡᠯ ᠢ ᠨᠢ ᠵᠤᠬᠰᠤᠭᠠᠬᠤ ᠶᠢ ᠨᠢ ᠵᠤᠬᠰᠤᠭᠠᠵᠤ᠂ ᠡᠭᠦᠳᠡ ᠨᠢ ᠬᠠᠭᠠᠯᠭᠠᠬᠤ ᠶᠢ ᠨᠢ ᠬᠠᠭᠠᠯᠭᠠᠬᠤ ᠬᠡᠷᠡᠭᠲᠡᠢ᠂ ᠤᠬᠲᠤᠬᠠᠨ ᠴᠤ ᠨᠠᠶᠢᠷ ᠬᠠᠶᠠᠵᠤ ᠪᠤᠯᠬᠤ ᠦᠭᠡᠢ᠃ ᠪᠠᠶᠢᠴᠠᠭᠠᠬᠤ ᠳᠤᠭᠤᠢᠢᠯᠠᠩ ᠤᠨ ᠠᠵᠢᠯ ᠦᠷᠨᠢᠭᠦᠯᠬᠦ ᠳᠤ ᠪᠦᠬᠦ ᠬᠦᠴᠦᠨ ᠢᠶᠠᠷ ᠳᠡᠮᠵᠢᠨ ᠬᠠᠮᠵᠢᠯᠴᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠯᠠᠪᠳᠠᠭᠤᠨ ᠪᠠᠲᠤᠲᠠᠢ ᠨᠠᠷᠢᠯᠢᠭ ᠬᠢᠵᠦ᠂ ᠪᠠᠶᠢᠴᠠᠭᠠᠬᠤ ᠠᠵᠢᠯ ᠤᠨ ᠤᠷᠤᠬᠰᠢᠲᠠᠢ ᠦᠷᠨᠢᠵᠦ᠂ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ ᠭᠡᠵᠡᠢ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号