ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠤᠨ ᠦᠷᠭᠦᠯᠵᠢᠯᠡᠨ | ᠥᠷᠨᠢᠬᠦ ᠶᠢ ᠳᠠᠭᠠᠯᠳᠤᠨ᠂ 2016 ᠣᠨ ᠠᠴᠠ ᠨᠠᠭᠠᠰᠢ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠳᠤᠮᠳᠠᠴᠢ | ᠤᠷᠭᠤᠮᠠᠯ ᠤᠨ ᠬᠤᠴᠢᠯᠭ᠎ᠠ 3 ᠵᠢᠯ ᠳᠠᠷᠠᠭᠠᠯᠠᠨ 44% ᠳᠤ ᠲᠣᠭᠲᠠᠪᠤᠷᠢᠵᠢᠵᠤ᠂ ᠨᠤᠲᠤᠭ ᠪᠡᠯᠴᠢᠭᠡᠷ ᠤᠨ ᠠᠮᠢ | ᠠᠬᠤᠶ ᠮᠠᠭᠤᠲᠠᠬᠤ ᠬᠠᠨᠳᠤᠰᠢ ᠶᠢ ᠶᠡᠷᠦᠩᠬᠡᠶ ᠳᠤ ᠨᠢ ᠬᠤᠷᠢᠭᠯᠠᠵᠤ ᠳᠡᠶᠢᠯᠦᠭᠰᠡᠨ ᠪᠠᠶᠢᠨ᠎ᠠ᠃ | ᠥᠪᠥᠷ ᠮᠣᠩᠭᠤᠯ ᠳᠤ 13.2 ᠳ᠋ᠥᠩᠰᠢᠭᠤᠷ ᠮᠦ ᠨᠤᠲᠤᠭ ᠪᠡᠯᠴᠢᠭᠡᠷ ᠪᠣᠢ᠂ ᠪᠠᠷᠤᠭ ᠪᠦᠬᠦ ᠤᠯᠤᠰ ᠤᠨ | ᠨᠤᠲᠤᠭ ᠪᠡᠯᠴᠢᠭᠡᠷ ᠤᠨ ᠲᠠᠯᠠᠪᠠᠢ ᠶᠢᠨ ᠲᠠᠪᠤᠨ ᠤ ᠨᠢᠭᠡ ᠶᠢ ᠡᠵᠡᠯᠡᠨ᠎ᠡ᠃ ᠳᠡᠭᠡᠳᠦ ᠵᠠᠭᠤᠨ ᠤ ᠶᠡᠷᠡᠭᠡᠳ ᠣᠨ ᠤ | ᠰᠡᠭᠦᠯᠴᠢ ᠪᠠᠷ᠂ ᠵᠢᠯ ᠳᠠᠷᠠᠭᠠᠯᠠᠨ ᠭᠠᠩ ᠬᠠᠭᠤᠷᠠᠶ᠂ ᠬᠡᠳᠦ ᠪᠡᠯᠴᠢᠭᠡᠷᠯᠡᠭᠦᠯᠬᠦ᠂ ᠨᠤᠲᠤᠭ ᠪᠡᠯᠴᠢᠭᠡᠷ ᠤᠨ ᠪᠦᠳᠦᠭᠡᠨ | ᠪᠠᠶᠢᠭᠤᠯᠤᠯᠲᠠ ᠪᠠ ᠬᠠᠮᠠᠭᠠᠯᠠᠯᠲᠠ ᠶᠢᠨ ᠣᠷᠣᠭᠤᠯᠤᠯᠲᠠ ᠳᠤᠲᠠᠮᠠᠭ ᠪᠣᠯᠤᠭᠰᠠᠨ ᠵᠡᠷᠭᠡ ᠰᠢᠯᠲᠠᠭᠠᠨ ᠠᠴᠠ ᠪᠣᠯᠵᠤ᠂ | ᠬᠡᠰᠡᠭ ᠨᠤᠲᠤᠭ ᠪᠡᠯᠴᠢᠭᠡᠷ ᠮᠠᠭᠤᠳᠠᠵᠤ᠂ ᠡᠯᠡᠰᠦᠷᠬᠡᠭᠵᠢᠬᠦ ᠦᠵᠡᠭᠳᠡᠯ ᠬᠡᠴᠡᠭᠦᠳᠡᠭᠰᠡᠨ ᠪᠠᠶᠢᠨ᠎ᠠ᠃ ᠤᠶᠢᠷ᠎ᠠ ᠶᠢᠨ | ᠵᠢᠯ ᠠᠴᠠ ᠨᠠᠭᠠᠰᠢ᠂ ᠲᠥᠪ ᠤᠨ ᠡᠳ᠋ ᠤᠨ ᠵᠠᠰᠠᠭ ᠤᠨ ᠳᠡᠮᠵᠢᠯᠭᠡ ᠳᠣᠤᠷ᠎ᠠ᠂ ᠥᠪᠥᠷ ᠮᠣᠩᠭᠤᠯ ᠳᠤᠮᠳᠠᠳᠤ | ᠤᠯᠤᠰ ᠤᠨ ᠬᠠᠮᠤᠭ ᠤᠨ ᠲᠣᠮᠣ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ | ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠠᠯᠬᠤᠮ ᠠᠯᠬᠤᠮ ᠢᠶᠠᠷ ᠳᠡᠭᠡᠭᠰᠢᠯᠡᠭᠰᠡᠨ ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ | ᠳᠠᠷᠤᠭ᠎ᠠ ᠰᠦᠨ ᠵᠧᠨ ᠶᠦᠨ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠦᠨᠳᠦᠰᠦᠨ ᠲᠠᠷᠢᠶᠠᠨ ᠭᠠᠵᠠᠷ ᠢ | ᠬᠠᠮᠠᠭᠠᠯᠠᠬᠤ ᠲᠠᠢ ᠠᠳᠠᠯᠢ ᠪᠠᠷ ᠦᠨᠳᠦᠰᠦᠨ ᠨᠤᠲᠤᠭ ᠪᠡᠯᠴᠢᠭᠡᠷ ᠬᠠᠮᠠᠭᠠᠯᠠᠵᠤ᠂ ᠪᠦᠬᠦ ᠤᠯᠤᠰ ᠲᠤ ᠡᠩ | ᠲᠡᠷᠢᠭᠦᠨ ᠳᠤ 8.8 ᠳ᠋ᠦᠩᠰᠢᠭᠤᠷ ᠮᠦ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠠᠵᠢᠯ ᠢ | ᠪᠡᠶᠡᠯᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠲᠠᠯᠡᠪᠡᠢ 4.05 ᠳ᠋ᠦᠩᠰᠢᠭᠤᠷ ᠮᠦ᠂ ᠪᠡᠯᠴᠢᠭᠡᠷ ᠮᠠᠯ ᠢ | ᠲᠡᠩᠴᠡᠭᠦᠷᠢ ᠲᠠᠢ ᠪᠠᠶᠢᠯᠭᠠᠭᠰᠠᠨ ᠲᠠᠯᠠᠪᠠᠢ 6.15 ᠳ᠋ᠦᠩᠰᠢᠭᠤᠷ ᠮᠦ ᠪᠠᠶᠢᠵᠤ᠂ ᠲᠠᠷᠢᠶᠠᠯᠠᠬᠤ ᠶᠢ ᠵᠣᠭᠰᠣᠭᠠᠵᠤ ᠤᠢ | ᠰᠢᠭᠤᠶ ᠶᠢ ᠰᠡᠷᠭᠦᠭᠡᠬᠦ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠶ ᠶᠢᠨ ᠢᠨᠵᠧᠨᠧᠷᠢᠩ ᠢ 164 ᠲᠦᠮᠡᠨ ᠮᠦ | ᠬᠡᠷᠡᠭᠵᠢᠭᠦᠯᠵᠦ᠂ ᠬᠥᠮᠦᠨ ᠤ ᠬᠦᠴᠦ ᠪᠠᠷ ᠡᠪᠡᠰᠦ ᠲᠠᠷᠢᠭᠰᠠᠨ ᠲᠠᠯᠠᠪᠠᠶ ᠨᠢ 3 ᠵᠢᠯ ᠳᠠᠷᠠᠭᠠᠯᠠᠨ 3000 ᠲᠦᠮᠡᠨ | ᠮᠥ ᠠᠴᠠ ᠳᠠᠪᠠᠵᠤ᠂ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ 44% ᠳᠤ ᠬᠦᠷᠴᠦ᠂ | ᠳᠡᠭᠡᠷ᠎ᠡ ᠵᠠᠭᠤᠨ ᠤ ᠳᠤᠮᠳᠠᠴᠢ ᠥᠶ᠎ᠡ ᠶᠢᠨ ᠬᠢᠷᠢ ᠲᠥᠪᠰᠢᠨ ᠳᠤ ᠬᠦᠷᠦᠭᠰᠡᠨ ᠪᠠᠶᠢᠨ᠎ᠠ᠃ | ᠲᠥᠪ ᠤᠨ ᠲᠤᠰᠬᠠᠶ ᠪᠠᠯᠠ ᠮᠦᠩᠭᠦᠨ ᠤ ᠳᠡᠮᠵᠢᠯᠭᠡ ᠶᠢᠨ ᠳᠣᠣᠷ᠎ᠠ᠂ ᠥᠪᠥᠷ ᠮᠣᠩᠭᠤᠯ ᠮᠠᠯᠵᠢᠬᠤ ᠶᠢ | ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠪᠡᠭᠡᠵᠢᠩ ᠲᠢᠶᠠᠨᠵᠢᠨ ᠤ ᠰᠠᠯᠬᠢ ᠲᠣᠭᠤᠰᠣᠨ ᠤ ᠡᠬᠢ ᠶᠢ ᠵᠠᠰᠠᠬᠤ᠂ | ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠶ ᠶᠢᠨ | ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ | ᠲᠣᠭᠤᠷᠢᠨ ᠮᠡᠳᠡᠭᠳᠡᠮ᠎ᠡ ᠰᠠᠶᠢᠵᠢᠷᠠᠵᠤ᠂ ᠨᠤᠲᠤᠭ ᠪᠡᠯᠴᠢᠭᠡᠷ ᠤᠨ ᠥᠪᠡᠷ ᠢ ᠪᠠᠨ ᠰᠢᠨᠡᠳᠬᠡᠵᠦ ᠵᠠᠰᠠᠨ ᠰᠡᠷᠭᠦᠭᠡᠬᠦ | ᠴᠢᠳᠠᠪᠤᠷᠢ ᠢᠯᠡᠳᠲᠡ ᠳᠡᠭᠡᠭᠰᠢᠯᠡᠵᠦ᠂ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ 2010 | ᠣᠨ ᠳᠤ 37.08% ᠪᠠᠶᠢᠭᠰᠠᠨ ᠠᠴᠠ 7 ᠵᠠᠭᠤᠨ ᠤ ᠴᠡᠭ ᠣᠷᠴᠢᠮ ᠳᠡᠭᠡᠭᠰᠢᠯᠡᠵᠦ᠂ 2000 ᠣᠨ ᠳᠤ 30% | ᠪᠠᠶᠢᠭᠰᠠᠨ ᠠᠴᠠ 14 ᠵᠠᠭᠤᠨ ᠤ ᠴᠡᠭ ᠳᠡᠭᠡᠭᠰᠢᠯᠡᠪᠡ᠃ | ᠥᠪᠥᠷ ᠮᠣᠩᠭᠤᠯ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠨᠥᠬᠦᠪᠦᠷᠢ | ᠱᠠᠩᠨᠠᠯ ᠤᠨ ᠪᠡᠯᠡ ᠮᠥᠩᠭᠦ ᠣᠯᠭᠤᠬᠤ ᠲᠠᠷᠢᠶᠠᠴᠢᠨ ᠮᠠᠯᠴᠢᠳ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ | ᠮᠠᠯ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠬᠡᠷᠡᠭᠵᠢᠭᠦᠯᠬᠦ ᠵᠡᠷᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ | ᠪᠠᠶᠢᠭ᠎ᠠ ᠪᠠᠶᠢᠳᠠᠯ ᠯᠦᠭᠡ ᠬᠠᠷᠢᠯᠴᠠᠨ ᠬᠤᠯᠪᠣᠭᠳᠠᠭᠤᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠤᠨ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢ ᠵᠦᠢ ᠵᠣᠬᠢᠰᠲᠠᠶ ᠬᠤᠪᠢᠶᠠᠷᠢᠯᠠᠵᠤ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠦᠶᠡᠯᠡᠯ ᠤᠨ ᠬᠤᠭᠤᠴᠠᠭ᠎ᠠ ᠶᠢ 5 ᠵᠢᠯ ᠢᠶᠠᠷ ᠲᠣᠭᠲᠠᠭᠠᠨ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ ᠳᠤ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠬᠦ ᠶᠢ ᠴᠠᠭᠠᠵᠠᠯᠠᠵᠠᠢ᠃ | ᠥᠪᠥᠷ ᠮᠣᠩᠭᠤᠯ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠢ ᠡᠪᠳᠡᠭᠰᠡᠨ ᠬᠡᠷᠡᠭ ᠢ ᠴᠡᠭᠴᠡᠯᠡᠨ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ | ᠲᠠᠲᠠᠪᠤᠷᠢᠯᠠᠨ ᠬᠡᠷᠡᠭᠯᠡᠬᠦ ᠵᠦᠢᠯᠡᠰ ᠢ ᠢᠯᠭᠠᠷᠠᠭᠤᠯᠤᠨ ᠴᠡᠭᠴᠡᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢ ᠬᠦᠴᠦᠲᠡᠢ ᠠᠬᠢᠭᠤᠯᠪᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ︽13·5︾ ᠶᠢᠨ ᠰᠡᠭᠦᠯᠴᠢ ᠪᠣᠯᠬᠤ ᠳᠤ᠂ ᠨᠤᠲᠤᠭ | ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ ᠶᠢ 46% ᠣᠷᠴᠢᠮ ᠲᠣᠭᠲᠠᠪᠤᠷᠢᠵᠢᠭᠤᠯᠬᠤ ᠪᠠᠷ ᠴᠢᠷᠮᠠᠶᠢᠵᠤ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠶᠠᠰᠤ | ᠴᠢᠨᠠᠷ ᠢ ᠢᠯᠡᠳᠲᠡ ᠰᠠᠶᠢᠵᠢᠷᠠᠭᠤᠯᠬᠤ ᠪᠠᠷ ᠪᠠᠶᠢᠨ᠎ᠠ᠃ |