| | 3 ᠳ᠋ᠤᠭᠠᠷ ᠰᠠᠷ᠎ᠠ ᠶᠢᠨ 5 ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ | ᠬᠤᠷᠠᠯ ᠤᠨ ᠳᠠᠩᠬᠢᠮ ᠳᠤ ᠡᠬᠢᠯᠡᠪᠡ᠃ ᠨᠠᠮ ᠪᠠ ᠤᠯᠤᠰ ᠤᠨ ᠤᠳᠤᠷᠢᠳᠤᠯᠭ᠎ᠠ ᠰᠢ ᠶᠢᠨ ᠫᠢᠩ᠂ ᠯᠢ ᠺᠧ ᠴᠢᠶᠠᠩ᠂ | ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠬᠤᠷᠠᠯ ᠳᠤ ᠤᠷᠤᠯᠴᠠᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠡ | | | 3 ᠳ᠋ᠤᠭᠠᠷ ᠰᠠᠷ᠎ᠠ ᠶᠢᠨ 5 ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ | ᠬᠤᠷᠠᠯ ᠤᠨ ᠳᠠᠩᠬᠢᠮ ᠳᠤ ᠡᠬᠢᠯᠡᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ | ᠵᠠᠰᠠᠬ ᠤᠨ ᠤᠷᠳᠤᠨ ᠤ ᠠᠵᠢᠯ ᠤᠨ ᠢᠯᠡᠳᠬᠡᠯ ᠬᠢᠵᠠᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠫᠠᠩ ᠰᠢᠩ | ᠯᠸᠢ ᠰᠡᠬᠦᠳᠡᠷᠯᠡᠪᠡ | | | 3 ᠳ᠋ᠤᠭᠠᠷ ᠰᠠᠷ᠎ᠠ ᠶᠢᠨ 5 ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ | ᠬᠤᠷᠠᠯ ᠤᠨ ᠳᠠᠩᠬᠢᠮ ᠳᠤ ᠡᠬᠢᠯᠡᠪᠡ᠃ ᠯᠢ ᠵᠠᠨ ᠱᠦ ᠬᠤᠷᠠᠯ ᠢ ᠡᠷᠬᠢᠯᠡᠵᠠᠢ᠃ ᠰᠢᠨᠬᠤᠸᠠ ᠬᠤᠷᠢᠶᠠᠨ ᠤ | ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠡ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ 5 ᠤ ᠡᠳᠦᠷ ᠤᠨ ᠦᠳᠡ ᠶᠢᠨ ᠡᠮᠤᠨ᠎ᠡ ᠠᠷᠠᠳ ᠤᠨ ᠶᠡᠭᠡ ᠬᠤᠷᠠᠯ ᠤᠨ | ᠳᠠᠩᠬᠢᠮ ᠳᠤ ᠡᠬᠢᠯᠡᠪᠡ᠃ 3000 ᠰᠢᠬᠠᠮ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ | ᠬᠤᠷᠠᠯ ᠤᠨ ᠳᠦᠯᠦᠬᠡᠯᠡᠭᠴᠢ ᠠᠷᠠᠳ ᠳᠦᠮᠡᠨ ᠤ ᠬᠦᠨᠳᠤ ᠨᠠᠶᠢᠳᠠᠯᠭ᠎ᠠ ᠶᠢ ᠡᠬᠦᠷᠬᠡᠯᠡᠨ ᠦᠪᠡᠳᠡᠭᠰᠢ ᠬᠤᠷᠠᠯ ᠳᠤ | ᠤᠷᠤᠯᠴᠠᠵᠥ᠂ ᠦᠨᠳᠦᠰᠦᠨ ᠬᠠᠤᠯᠢ ᠪᠤᠯᠤᠨ ᠬᠠᠤᠯᠢ ᠴᠠᠭᠠᠵᠠ ᠠᠴᠠ ᠤᠯᠭᠤᠬᠰᠠᠨ ᠳᠠᠷᠬᠠᠨ ᠡᠬᠦᠷᠬᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠨ᠎ᠡ᠃ | ᠤᠷᠢᠬᠠᠨ ᠬᠠᠪᠤᠷ ᠰᠠᠭᠠᠳᠠᠵᠤ᠂ ᠳᠦᠮᠡᠨ ᠪᠤᠳᠠᠰ ᠠᠮᠢᠯᠠᠨ ᠲᠦᠯᠵᠢᠨᠠ᠃ ᠠᠷᠠᠳ ᠤᠨ ᠶᠡᠭᠡ ᠬᠤᠷᠠᠯ ᠤᠨ | ᠳᠠᠩᠬᠢᠮ ᠤᠨ ᠲᠦᠮᠡᠨ ᠬᠦᠮᠦᠨ ᠤ ᠶᠤᠰᠤᠯᠠᠯ ᠤᠨ ᠲᠠᠩᠬᠢᠮ ᠲᠦᠪ ᠬᠢᠴᠢᠶᠡᠩᠬᠦᠢ ᠪᠦᠭᠡᠳ ᠬᠦᠷ ᠬᠦᠭᠵᠢᠶᠡᠨ ᠢᠶᠠᠷ | ᠪᠢᠯᠬᠠᠵᠦ᠂ ᠲᠡᠷᠢᠬᠦᠯᠡᠭᠴᠢᠳ ᠤᠨ ᠲᠠᠶᠢᠰᠠᠨ ᠤ ᠭᠤᠤᠯ ᠭᠡᠰᠡᠭ ᠲᠤ ᠡᠯᠬᠦᠭᠰᠡᠨ ᠤᠯᠤᠰ ᠤᠨ ᠰᠦᠯᠳᠠ ᠬᠤᠷᠴᠠ | ᠤᠯᠠᠭᠠᠨ ᠲᠤᠭ ᠯᠤᠭ᠎ᠠ ᠦᠩᠬᠡ ᠢᠯᠭᠠᠷᠠᠨ ᠭᠡᠷᠡᠯ ᠰᠠᠴᠤᠷᠠᠩᠬᠠᠨ ᠬᠠᠷᠠᠭᠳᠠᠨ᠎ᠠ᠃ | ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ᠂ ᠬᠦᠢᠴᠡᠳᠭᠡᠭᠴᠢ | ᠲᠡᠷᠢᠬᠦᠯᠡᠭᠴᠢ ᠯᠢ ᠵᠠᠨ ᠱᠦ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ | ᠪᠠᠶᠢᠩᠭᠤ ᠶᠢᠨ ᠲᠡᠷᠢᠬᠦᠯᠡᠭᠴᠢ᠂ ᠬᠦᠢᠴᠡᠳᠭᠡᠭᠴᠢ ᠲᠡᠷᠢᠬᠦᠯᠡᠭᠴᠢ ᠸᠠᠩ ᠴᠧᠨ᠂ ᠼᠤᠤ ᠵᠢᠶᠠᠨ ᠮᠢᠩ᠂ ᠵᠠᠩ ᠴᠦᠨ | ᠰᠢᠶᠠᠨ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠨ ᠡᠸ᠋ ᠰᠢᠶᠠᠩ᠂ ᠴᠧᠨ | ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠡᠤ ᠸᠧᠢ | ᠬᠤᠸᠠ᠂ ᠶᠠᠩ ᠵᠧᠨ ᠡᠤ ᠲᠡᠷᠢᠬᠦᠯᠡᠭᠴᠢᠳ ᠤᠨ ᠲᠠᠶᠢᠰᠠᠨ ᠤ ᠬᠦᠢᠴᠡᠳᠭᠡᠭᠴᠢ ᠲᠡᠷᠢᠬᠦᠯᠡᠭᠴᠢ ᠶᠢᠨ ᠰᠠᠭᠤᠳᠠᠯ ᠳᠤ | ᠰᠠᠭᠠᠳᠠᠪᠠ᠃ | ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ | ᠴᠢ ᠱᠠᠨ ᠪᠤᠯᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠬᠦᠯᠡᠭᠴᠢᠳ ᠤᠨ | ᠲᠠᠶᠢᠰᠠᠨ ᠳᠤ ᠰᠠᠭᠠᠳᠠᠪᠠ᠃ | ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠶᠠᠲᠤᠭᠠᠷ ᠬᠤᠷᠠᠯ ᠳᠤ 2975 ᠬᠦᠮᠦᠨ ᠤᠷᠤᠯᠴᠠᠬᠤ ᠶᠤᠰᠤᠲᠠᠢ᠃ 5 ᠤ ᠡᠳᠦᠷ ᠤᠨ ᠦᠲᠡ ᠶᠢᠨ | ᠡᠮᠦᠨᠡᠬᠢ ᠬᠤᠷᠠᠯ ᠳᠤ 2948 ᠬᠦᠮᠦᠠ ᠤᠷᠤᠯᠴᠠᠵᠦ᠂ 27 ᠬᠦᠮᠦᠨ ᠤᠷᠤᠯᠴᠠᠭᠰᠠᠠ ᠦᠭᠡᠢ᠂ ᠤᠷᠤᠯᠴᠠᠭᠰᠠᠠ | ᠬᠦᠮᠦᠨ ᠤ ᠲᠤᠭ᠎ᠠ ᠬᠠᠤᠯᠢ ᠳᠤ ᠲᠤᠭᠲᠠᠭᠠᠭᠰᠠᠠ ᠬᠦᠮᠦᠨ ᠤ ᠲᠤᠭ᠎ᠠ ᠳᠤ ᠨᠡᠶᠢᠴᠡᠨ᠎ᠠ᠃ | ᠦᠲᠡ ᠶᠢᠨ ᠡᠮᠦᠨᠡᠬᠢ 9 ᠴᠠᠭ ᠲᠤ ᠯᠢ ᠵᠠᠠ ᠱᠦ᠄ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠲᠤᠭᠠᠷ ᠬᠤᠷᠠᠯ ᠡᠬᠢᠯᠡᠯ᠎ᠠ ᠭᠡᠵᠦ ᠨᠡᠶᠢᠲᠡᠯᠡᠪᠡ᠃ ᠪᠦᠬᠦᠲᠡᠭᠡᠷ ᠢᠶᠠᠨ ᠪᠤᠰᠴᠤ ᠵᠤᠭᠰᠤᠨ ᠤᠯᠤᠰ ᠤᠨ ᠰᠦᠯᠲᠠ | ᠲᠠᠭᠤᠤ ᠶᠢ ᠬᠠᠩᠭᠢᠨᠠᠲᠠᠯ᠎ᠠ ᠲᠠᠭᠤᠯᠠᠪᠠ᠃ | ᠬᠤᠷᠠᠯ ᠤᠨ ᠵᠦᠪᠯᠡᠬᠦ ᠵᠦᠢᠯ ᠢ ᠦᠨᠲᠦᠰᠦᠯᠡᠨ ᠯᠢ ᠺᠧ ᠴᠢᠶᠠᠩ ᠲᠦᠷᠦ ᠶᠢᠨ ᠶᠠᠪᠤᠲᠠᠯ ᠤᠨ ᠬᠤᠷᠢᠶᠠᠨ ᠤ | ᠡᠮᠦᠨ᠎ᠠ ᠠᠴᠠ ᠶᠡᠭᠡ ᠬᠤᠷᠠᠯ ᠳᠡᠭᠡᠷ᠎ᠠ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠬᠢᠵᠠᠢ᠃ ᠢᠯᠡᠳᠭᠡᠯ ᠨᠢ | ᠭᠤᠷᠪᠠᠠ ᠭᠡᠰᠡᠭ ᠢᠶᠠᠷ ᠪᠦᠷᠢᠯᠲᠦᠪᠠ᠄ ᠨᠢᠭᠡ᠂ 2018 ᠤᠨ ᠤ ᠠᠵᠢᠯ ᠤᠨ ᠡᠷᠬᠢᠴᠡᠭᠦᠯᠦᠯ︔ ᠬᠤᠶᠠᠷ᠂ 2019 | ᠤᠨ ᠤ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠶᠡᠷᠦᠩᠭᠡᠢ ᠱᠠᠭᠠᠷᠲᠠᠯᠭ᠎ᠠ ᠪᠤᠯᠤᠨ ᠲᠦᠷᠦ ᠶᠢᠨ ᠪᠤᠲᠤᠯᠭ᠎ᠠ ᠶᠢᠨ | ᠬᠠᠨᠳᠤᠰᠢ︔ ᠭᠤᠷᠪᠠ᠂ 2019 ᠤᠨ ᠤ ᠵᠠᠰᠠᠭ ᠤᠨ ᠤᠷᠲᠤᠨ ᠤ ᠠᠵᠢᠯ ᠡᠬᠦᠷᠭᠡ᠃ | ᠯᠢ ᠺᠧ ᠴᠢᠶᠠᠩ᠂ ᠦᠩᠭᠡᠷᠡᠭᠰᠡᠡ ᠨᠢᠭᠡ ᠵᠢᠯ ᠳᠤ ᠮᠠᠠ ᠤ ᠤᠯᠤᠰ ᠤᠨ ᠬᠦᠭᠵᠢᠯᠲᠠ ᠤᠯᠠᠠ ᠵᠢᠯ ᠤᠨ ᠲᠤᠷᠰᠢ | ᠬᠤᠪᠤᠷ ᠲᠤᠬᠢᠶᠠᠯᠲᠤᠬᠤ ᠤᠯᠤᠰ ᠤᠨ ᠲᠤᠲᠤᠭᠠᠲᠤ ᠭᠠᠲᠠᠭᠠᠲᠤ ᠶᠢᠨ ᠨᠠᠷᠢᠨ ᠪᠤᠲᠤᠯᠢᠶᠠᠠᠲᠠᠢ ᠬᠦᠨᠳᠤ ᠭᠡᠴᠡᠭᠦᠦ | ᠪᠠᠶᠢᠲᠠᠯ ᠳᠤ ᠲᠤᠯᠭᠠᠷᠠᠵᠦ᠂ ᠠᠵᠦ ᠠᠬᠤᠢ ᠳᠤ ᠰᠢᠨ᠎ᠠ ᠤᠷᠤᠭᠤᠳᠠᠯ ᠤᠨ ᠳᠠᠷᠤᠭᠠᠰᠤ ᠢᠯᠡᠷᠡᠵᠠᠢ᠃ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠠ ᠤ ᠪᠠᠳᠤ ᠴᠢᠩᠭ᠎ᠠ ᠤᠲᠤᠷᠢᠲᠤᠯᠭ᠎ᠠ ᠲᠤᠤᠷ᠎ᠠ᠂ ᠪᠦᠬᠦ | ᠤᠯᠤᠰ ᠤᠨ ᠦᠨᠲᠦᠰᠦᠲᠡᠡ ᠨᠦᠭᠦᠳ ᠤᠨ ᠠᠷᠠᠳ ᠳᠦᠮᠡᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠠ᠂ ᠡᠷᠡᠮᠡᠭᠡᠶᠢᠯᠡᠡ | ᠤᠷᠤᠭᠰᠢᠯᠠᠵᠦ᠂ ᠬᠦᠴᠢᠷ ᠢ ᠲᠤᠭᠤᠯᠤᠨ ᠪᠡᠷᠭᠡ ᠶᠢ ᠲᠠᠪᠠᠵᠤ᠂ ᠪᠦᠬᠦ ᠵᠢᠯ ᠤᠨ ᠠᠵᠦ ᠠᠬᠤᠢ ᠨᠡᠶᠢᠭᠡᠮ ᠤᠨ | ᠬᠦᠭᠵᠢᠯᠲᠠ ᠶᠢᠨ ᠭᠤᠤᠯ ᠬᠠᠷᠠᠯᠲᠠᠲᠦ ᠡᠬᠦᠷᠭᠡ ᠪᠠᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠲᠠᠯ᠎ᠠ ᠪᠠᠷ ᠪᠠᠰᠠ ᠴᠢᠬᠤᠯᠠ ᠶᠡᠭᠡ ᠰᠢᠨ᠎ᠠ ᠠᠬᠢᠯᠲᠠ ᠲᠠᠢ ᠪᠤᠯᠵᠠᠢ | ᠬᠡᠪᠡ᠃ | ᠯᠢ ᠺᠧ ᠴᠢᠶᠠᠩ ᠨᠠᠢᠮᠠᠨ ᠲᠠᠯ᠎ᠠ ᠠᠴᠠ ᠦᠡᠭᠭᠡᠷᠡᠭᠰᠡᠨ ᠨᠢᠭᠡ ᠵᠢᠯ ᠤᠨ ᠠᠵᠢᠯ ᠢ ᠡᠷᠬᠢᠴᠡᠭᠦᠯᠪᠡ᠄ ᠬᠤᠷᠸ᠎ᠠ | ᠡᠵᠡᠮᠰᠢᠯ ᠳᠤᠬᠢᠷᠠᠭᠤᠯᠭ᠎ᠠ ᠳᠤ ᠰᠢᠨ᠎ᠠ ᠶᠢ ᠡᠭᠦᠳᠦᠨ ᠲᠡᠭᠦᠯᠳᠡᠷᠵᠢᠭᠦᠯᠵᠤ᠂ ᠠᠵᠤ ᠠᠬᠤᠢ ᠶᠢᠨ ᠡᠷᠬᠢᠯᠳᠡ ᠳᠤᠭᠳᠠᠭᠤᠨ | ᠪᠠᠶᠢᠬᠤ ᠶᠢ ᠪᠠᠳᠤᠯᠠᠪᠠ︔ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠯᠠᠪᠳᠠᠭᠤᠨ ᠪᠠᠳᠤᠳᠠᠢ ᠰᠠᠶᠢᠳᠤᠷ | ᠬᠢᠵᠤ᠂ ᠭᠤᠤᠯᠳᠠᠯᠭᠠᠳᠤ ᠡᠭᠦᠷᠭᠡ ᠳᠤ ᠢᠳᠡᠪᠬᠢᠳᠠᠢ ᠠᠬᠢᠴᠠ ᠭᠠᠷᠭᠠᠪᠠ︔ ᠬᠠᠨᠭ᠍ᠭᠠᠯᠭ᠎ᠠ ᠶᠢᠨ ᠲᠠᠯ᠎ᠠ ᠶᠢᠨ | ᠪᠦᠳᠤᠴᠠ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠪᠤᠳᠠᠳᠤ ᠴᠤᠭᠴᠠ ᠶᠢᠨ ᠠᠵᠤ ᠠᠬᠤᠢ ᠶᠢᠨ | ᠠᠮᠢᠵᠢᠷᠠᠯ ᠤᠨ ᠭᠦᠴᠤᠨ ᠢ ᠲᠠᠰᠤᠷᠠᠯᠳᠠ ᠦᠭᠡᠢ ᠬᠦᠭᠵᠢᠭᠡᠪᠡ︔ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ | ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠭᠡᠷᠡᠭᠵᠢᠭᠦᠯᠵᠤ᠂ ᠰᠢᠨ᠎ᠠ ᠶᠢ ᠡᠭᠦᠳᠭᠦ ᠴᠢᠳᠠᠪᠤᠷᠢ ᠪᠤᠯᠤᠨ | ᠦᠷ᠎ᠠ ᠪᠦᠳᠤᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ︔ ᠦᠭᠡᠷᠡᠴᠢᠯᠠᠯᠳᠠ ᠨᠡᠭᠡᠭᠡᠯᠳᠠ ᠬᠢᠬᠦ ᠡᠷᠴᠢᠮ ᠢᠶᠠᠨ | ᠴᠢᠩᠭᠠᠷᠠᠭᠤᠯᠵᠤ᠂ ᠭᠦᠭᠵᠢᠯᠳᠠ ᠶᠢᠨ ᠭᠦᠳᠡᠯᠭᠡᠭᠦ ᠭᠦᠴᠤᠨ ᠢ ᠦᠷᠭᠦᠯᠵᠢᠯᠡᠨ ᠴᠢᠩᠭᠠᠷᠠᠭᠤᠯᠪᠠ︔ ᠬᠤᠳᠠ ᠭᠦᠳᠡᠭᠡ | ᠤᠷᠤᠨ ᠪᠦᠰᠡ ᠶᠢᠨ ᠭᠦᠭᠵᠢᠯᠳᠠ ᠶᠢ ᠨᠢᠭᠡᠳᠦᠯᠲᠡᠢ ᠲᠦᠯᠦᠪᠵᠢᠭᠦᠯᠵᠤ᠂ ᠰᠠᠶᠢᠨ ᠰᠠᠶᠢᠬᠠᠨ ᠬᠠᠮᠳᠤᠷᠠᠯᠴᠠᠭ᠎ᠠ | ᠬᠤᠷᠰᠢᠯᠴᠠᠭ᠎ᠠ ᠶᠢᠨ ᠪᠠᠶᠢᠳᠠᠯ ᠢ ᠲᠦᠷᠭᠡᠪᠴᠢᠯᠠᠨ ᠪᠦᠷᠢᠯᠳᠤᠭᠦᠯᠪᠠ︔ ᠭᠦᠭᠵᠢᠯᠳᠠ ᠶᠢᠨ ᠳᠤᠮᠳᠠ ᠠᠷᠠᠳ ᠤᠨ | ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠵᠤ᠂ ᠦᠭᠡᠷᠡᠴᠢᠯᠠᠯᠳᠠ ᠭᠦᠭᠵᠢᠯᠳᠠ ᠶᠢᠨ ᠦᠷ᠎ᠠ ᠪᠦᠲᠦᠭᠡᠯ ᠢ | ᠤᠯᠠᠨ ᠲᠦᠮᠡᠨ ᠳᠤ ᠨᠡᠩ ᠤᠯᠠᠨ ᠨᠡᠩ ᠡᠷᠭᠡ ᠲᠡᠭᠰᠢ ᠪᠠᠷ ᠭᠦᠷᠳᠠᠭᠡᠪᠡ︔ ᠬᠠᠤᠯᠢᠵᠢᠯ ᠤᠨ ᠵᠠᠰᠠᠭ ᠤᠨ ᠤᠷᠳᠤᠨ ᠤ | ᠪᠠᠶᠢᠭᠤᠯᠤᠯᠳᠠ ᠪᠤᠯᠤᠨ ᠵᠠᠰᠠᠯᠳᠠ ᠶᠢᠨ ᠰᠢᠨ᠎ᠠ ᠶᠢ ᠡᠭᠦᠳᠭᠦ ᠶᠢ ᠠᠬᠢᠭᠤᠯᠵᠤ᠂ ᠨᠡᠶᠢᠭᠡᠮ ᠤᠨ ᠡᠶ᠎ᠡ ᠵᠤᠬᠢᠴᠠᠩᠭᠤᠢ | ᠠᠮᠦᠷ ᠲᠤᠭᠳᠠᠭᠤᠨ ᠢ ᠪᠠᠳᠤᠯᠠᠪᠠ᠃ | ᠯᠢ ᠺᠧ ᠴᠢᠶᠠᠩ ᠵᠢᠭᠠᠵᠤ ᠭᠠᠷᠭᠠᠭᠰᠠᠨ ᠨᠢ᠂ ᠠᠶᠤᠯ ᠲᠦᠭᠰᠢᠭᠦᠷᠢ ᠶᠢ ᠰᠡᠷᠡᠵᠦ ᠮᠡᠳᠡᠭᠦᠶᠠ ᠠᠮᠦᠷ | ᠲᠦᠪᠰᠢᠨ ᠢ ᠪᠠᠳᠤᠯᠠᠵᠤ ᠴᠢᠳᠠᠮᠤᠢ᠃ ᠠᠮᠵᠢᠯᠳᠠ ᠪᠠᠨ ᠭᠦᠢᠴᠡᠳ ᠨᠤᠳᠠᠯᠠᠬᠤ ᠶᠢᠨ ᠬᠠᠮᠳᠤ ᠪᠢᠳᠡ ᠪᠠᠰᠠ ᠮᠠᠨ ᠤ | ᠤᠯᠤᠰ ᠤᠨ ᠭᠦᠭᠵᠢᠯᠳᠠ ᠳᠤ ᠲᠤᠯᠭᠠᠷᠠᠵᠤ ᠪᠠᠶᠢᠭ᠎ᠠ ᠠᠰᠠᠭᠤᠳᠠᠯ ᠪᠤᠯᠤᠨ ᠦᠷᠢᠰᠤᠯᠳᠤᠭᠡᠨ ᠢ ᠰᠡᠷᠭᠡᠭ ᠢᠶᠠᠷ ᠤᠯᠵᠤ | ᠬᠠᠷᠠᠬᠤ ᠭᠡᠷᠡᠭᠳᠠᠢ᠃ ᠪᠢᠳᠠ ᠡᠷᠬᠡᠪᠰᠢ ᠠᠰᠠᠭᠤᠳᠠᠯ ᠪᠤᠯᠤᠨ ᠦᠷᠢᠰᠤᠯᠳᠤᠭᠡᠨ ᠳᠤ ᠰᠢᠭᠤᠳ ᠬᠠᠨᠳᠤᠵᠥ᠂ | ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠨ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠭᠡᠵᠤ᠂ ᠪᠦᠬᠦ | ᠬᠦᠴᠦᠨ ᠪᠦᠬᠦ ᠴᠢᠳᠠᠯ ᠢᠶᠠᠷ ᠢᠶᠠᠨ ᠠᠵᠢᠯ ᠢᠶᠠᠨ ᠰᠠᠶᠢᠳᠤᠷ ᠬᠢᠵᠤ᠂ ᠠᠷᠠᠳ ᠲᠦᠮᠡᠨ ᠤ ᠭᠦᠰᠡᠯ ᠨᠠᠶᠢᠳᠠᠯᠭ᠎ᠠ ᠶᠢ | ᠬᠡᠷᠬᠢᠪᠡᠴᠤ ᠭᠦᠰᠡᠷᠳᠡᠭᠦᠯᠵᠤ ᠪᠤᠯᠬᠤ ᠦᠭᠡᠢ ᠭᠡᠵᠡᠢ᠃ | ᠯᠢ ᠺᠧ ᠴᠢᠶᠠᠩ ᠬᠡᠯᠡᠭᠰᠡᠨ ᠨᠢ᠂ 2019 ᠤᠨ ᠤ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ | ᠵᠢᠱᠢᠭᠰᠡᠡ ᠬᠠᠷᠠᠯᠳᠡ ᠪᠤᠯ᠄ ᠤᠯᠤᠰ ᠤᠨ ᠲᠤᠳᠤᠭᠠᠳᠤ ᠶᠢᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠢ 6% | — 6.5% ᠨᠡᠮᠡᠭᠳᠡᠬᠦᠯᠥᠨ᠎ᠡ︔ ᠬᠤᠳᠠ ᠪᠠᠯᠭᠠᠰᠤ ᠶᠢᠨ ᠰᠢᠨ᠎ᠠ ᠪᠠᠷ ᠨᠡᠮᠡᠭᠳᠡᠭᠰᠡᠨ ᠠᠵᠢᠯ ᠤᠯᠭᠤᠯᠳᠠ ᠶᠢ | 1100 ᠲᠦᠮᠡᠨ ᠬᠦᠮᠥᠨ ᠠᠴᠠ ᠳᠡᠭᠡᠭᠰᠢ ᠪᠠᠶᠢᠯᠭᠠᠵᠤ᠂ ᠬᠤᠳᠠ ᠪᠠᠯᠭᠠᠰᠤ ᠶᠢᠨ ᠪᠠᠶᠢᠴᠠᠭᠠᠭᠰᠠᠠ ᠠᠵᠢᠯ | ᠠᠯᠳᠠᠯᠳᠠ ᠶᠢᠨ ᠨᠤᠷᠮ᠎ᠡ ᠶᠢ 5.5% ᠤᠷᠴᠢᠮ ᠳᠤ ᠪᠠᠶᠢᠯᠭᠠᠵᠥ᠂ ᠬᠤᠳᠠ ᠪᠠᠯᠭᠠᠰᠤ ᠶᠢᠨ ᠲᠠᠩᠰᠠᠯᠠᠭᠰᠠᠨ ᠠᠵᠢᠯ | ᠠᠯᠳᠠᠯᠳᠠ ᠶᠢᠨ ᠨᠤᠷᠮ᠎ᠡ ᠶᠢ 4.5% ᠶᠢᠨ ᠲᠤᠳᠤᠷ᠎ᠠ ᠬᠢᠵᠠᠭᠠᠷᠯᠠᠨ᠎ᠠ︔ ᠰᠠᠭᠤᠭᠠᠯᠢ ᠠᠷᠠᠳ ᠤᠨ ᠬᠡᠷᠡᠭᠯᠡᠬᠡᠨ ᠤ | ᠦᠨ᠎ᠠ ᠬᠠᠩᠰᠢ ᠶᠢᠨ ᠦᠰᠦᠯᠳᠡ ᠶᠢ 3% ᠤᠷᠴᠢᠮ ᠳᠤ ᠬᠢᠵᠠᠭᠠᠷᠯᠠᠨ᠎ᠠ︔ ᠤᠯᠠᠨ ᠤᠯᠤᠰ ᠤᠨ ᠤᠷᠤᠯᠭ᠎ᠠ | ᠵᠠᠷᠤᠯᠭ᠎ᠠ ᠶᠢ ᠦᠨᠳᠦᠰᠦᠨ ᠳᠤ ᠪᠠᠨ ᠲᠡᠩᠴᠡᠬᠦᠷᠢᠳᠠᠢ ᠪᠠᠶᠢᠯᠭᠠᠵᠥ᠂ ᠭᠠᠳᠠᠭᠠᠳᠤ ᠤᠷᠤᠭᠤᠯᠤᠯᠳᠠ ᠭᠠᠳᠠᠭᠠᠳᠦ | ᠭᠠᠷᠭᠠᠯᠳᠠ ᠶᠢ ᠲᠤᠭᠳᠠᠭᠤᠨ ᠤ ᠲᠤᠮᠳᠠ ᠴᠢᠨᠠᠷ ᠢ ᠨᠢ ᠲᠡᠭᠡᠭᠰᠢᠯᠡᠬᠦᠯᠥᠨ᠎ᠡ︔ ᠬᠤᠷᠸ᠎ᠠ ᠬᠦᠰᠢᠬᠦᠷᠬᠡ ᠶᠢᠨ ᠨᠤᠷᠮ᠎ᠡ ᠶᠢ | ᠦᠨᠳᠦᠰᠦᠨ ᠳᠤ ᠪᠠᠨ ᠲᠤᠭᠳᠠᠭᠤᠨ ᠪᠠᠶᠢᠯᠭᠠᠵᠥ᠂ ᠮᠥᠩᠬᠦᠨ ᠬᠦᠢᠯᠬᠡᠬᠡᠨ ᠡᠳ᠋ ᠤᠨ ᠵᠠᠰᠠᠭ ᠤᠨ ᠠᠶᠤᠯ | ᠲᠦᠭᠰᠢᠬᠦᠷᠢ ᠶᠢ ᠪᠦᠳᠦᠮᠵᠢᠳᠡᠢ ᠰᠡᠷᠬᠡᠶᠢᠯᠡᠨ ᠡᠵᠡᠮᠳᠡᠨ᠎ᠡ︔ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠡᠢ ᠬᠦᠮᠥᠨ | ᠠᠮᠠ ᠶᠢᠨ ᠲᠤᠭ᠎ᠠ ᠶᠢ 1000 ᠲᠦᠮᠡ ᠠᠴᠠ ᠲᠠᠬᠡᠭᠰᠢ ᠪᠠᠭᠠᠰᠬᠠᠵᠥ᠂ ᠰᠠᠭᠤᠭᠠᠯᠢ ᠠᠷᠠᠳ ᠤᠨ ᠤᠷᠤᠯᠭ᠎ᠠ ᠶᠢᠨ | ᠨᠡᠮᠡᠭᠳᠡᠯ ᠪᠤᠯᠤᠨ ᠠᠵᠥ ᠠᠬᠤᠢ ᠶᠢᠨ ᠨᠡᠮᠡᠭᠳᠡᠯ ᠢ ᠦᠨᠳᠦᠰᠦᠨ ᠳᠤ ᠪᠠᠨ ᠢᠵᠢᠯ ᠠᠯᠬᠤᠮ ᠲᠠᠢ ᠪᠠᠶᠢᠯᠭᠠᠨ᠎ᠠ︔ ᠠᠮᠢ | ᠠᠬᠤᠢ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠥ᠂ ᠨᠢᠬᠡᠴᠢ ᠤᠯᠤᠰ ᠤᠨ ᠲᠤᠳᠤᠭᠠᠳᠤ ᠶᠢᠨ | ᠦᠢᠯᠡᠳᠪᠤᠷᠢᠯᠡᠯ ᠤᠨ ᠶᠡᠷᠤᠩᠬᠡᠢ ᠦᠷᠳᠡᠭ ᠤᠨ ᠡᠨᠧᠷᠬᠢ ᠶᠢᠨ ᠬᠤᠷᠤᠭᠳᠠᠭᠤᠯᠤᠯ ᠢ 3% ᠤᠷᠴᠢᠮ ᠪᠠᠭᠤᠷᠠᠭᠤᠯᠵᠥ᠂ | ᠭᠤᠤᠯ ᠪᠤᠯᠬᠤ ᠪᠤᠬᠢᠷᠳᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠬᠦᠯᠵᠢᠯᠡᠨ ᠪᠠᠭᠤᠷᠠᠭᠤᠯᠤᠨ᠎ᠠ ᠬᠡᠵᠠᠢ᠃ | ᠯᠢ ᠺᠧ ᠴᠢᠶᠠᠩ ᠢᠯᠡᠳᠬᠡᠯ ᠳᠤ ᠪᠠᠨ᠂ 2019 ᠤᠨ ᠤ ᠵᠠᠰᠠᠬ ᠤᠨ ᠤᠷᠳᠤᠨ ᠤ ᠠᠵᠢᠯ ᠢ ᠰᠠᠶᠢᠳᠤᠷ | ᠬᠢᠬᠦ ᠳᠤ ᠳᠤᠤᠷᠠᠬᠢ ᠬᠠᠷᠢᠴᠠᠭ᠎ᠠ ᠶᠢ ᠴᠢᠬᠤᠯᠠᠴᠢᠯᠠᠨ ᠰᠠᠶᠢᠳᠤᠷ ᠡᠵᠡᠮᠰᠢᠬᠦ ᠬᠡᠷᠡᠭᠲᠡᠢ ᠭᠡᠵᠦ ᠳᠤᠷᠠᠳᠴᠠᠢ᠄ ᠨᠢᠭᠡ ᠳᠤ᠂ | ᠤᠯᠤᠰ ᠤᠨ ᠲᠤᠳᠤᠭᠠᠳᠤ ᠪᠤᠯᠤᠨ ᠳᠡᠯᠡᠬᠡᠢ ᠶᠢᠨ ᠬᠠᠷᠢᠴᠠᠭ᠎ᠠ ᠶᠢ ᠰᠠᠶᠢᠳᠦᠷ ᠨᠢᠭᠡᠳᠦᠯᠲᠡᠢ ᠲᠦᠯᠦᠪᠵᠢᠭᠦᠯᠵᠦ᠂ | ᠰᠡᠳᠬᠢᠯ ᠨᠢᠭᠡᠳᠤᠨ ᠬᠦᠴᠦ ᠪᠠᠨ ᠬᠠᠮᠲᠤᠳᠬᠠᠵᠤ ᠦᠪᠡᠷ ᠤᠨ ᠶᠠᠪᠤᠳᠠᠯ ᠢᠶᠠᠨ ᠰᠠᠶᠢᠳᠤᠷ ᠬᠢᠬᠦ ᠬᠡᠷᠡᠭᠲᠡᠢ︔ | ᠬᠤᠶᠠᠷ ᠲᠤ᠂ ᠨᠡᠮᠡᠭᠳᠡᠯ ᠢ ᠳᠤᠭᠳᠠᠪᠤᠷᠢᠵᠢᠭᠤᠯᠬᠤ ᠪᠤᠯᠤᠨ ᠠᠶᠤᠯ ᠲᠦᠭᠰᠢᠭᠦᠷᠢ ᠶᠢ ᠰᠡᠷᠬᠡᠶᠢᠯᠡᠨ ᠡᠵᠡᠮᠳᠡᠬᠦ | ᠬᠠᠷᠢᠴᠠᠭ᠎ᠠ ᠶᠢ ᠰᠠᠶᠢᠳᠤᠷ ᠲᠡᠩᠴᠡᠭᠦᠷᠢᠰᠢᠭᠦᠯᠵᠦ᠂ ᠠᠵᠤ ᠠᠬᠤᠢ ᠶᠢᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠶᠢ | ᠪᠠᠲᠤᠯᠠᠬᠤ ᠬᠡᠷᠡᠭᠲᠡᠢ︔ ᠭᠤᠷᠪᠠ ᠳᠤ᠂ ᠵᠠᠰᠠᠬ ᠤᠨ ᠤᠷᠳᠤᠨ ᠪᠤᠯᠤᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ | ᠰᠠᠶᠢᠳᠤᠷ ᠰᠢᠢᠳᠪᠦᠷᠢᠯᠡᠵᠦ᠂ ᠦᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ ᠵᠠᠬ᠎ᠠ ᠳᠡᠯᠭᠡᠭᠦᠷ ᠤᠨ ᠭᠤᠤᠯ | ᠴᠤᠬᠴᠠ ᠶᠢᠨ ᠠᠮᠢᠵᠢᠷᠠᠯ ᠤᠨ ᠬᠦᠴᠦᠨ ᠢ ᠬᠦᠭᠵᠢᠬᠡᠬᠦ ᠬᠡᠷᠡᠭᠲᠡᠢ ᠭᠡᠵᠡᠢ᠃ | ᠯᠢ ᠺᠧ ᠴᠢᠶᠠᠩ ᠬᠡᠯᠡᠭᠰᠡᠨ ᠨᠢ᠂ 2019 ᠤᠨ ᠳᠤ ᠭᠤᠤᠯᠳᠠᠯᠭ᠎ᠠ ᠶᠢ ᠳᠤᠪᠤᠶᠢᠯᠭᠠᠨ ᠵᠠᠩᠬᠢᠯᠠᠭ᠎ᠠ ᠶᠢ | ᠠᠳᠬᠤᠵᠤ᠂ ᠠᠷᠪᠠᠨ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠲᠡᠢ ᠭᠡᠪᠡ᠄ ᠨᠢᠭᠡ ᠳᠤ᠂ | ᠬᠤᠷᠸ᠎ᠠ ᠡᠵᠡᠮᠰᠢᠯ ᠲᠤᠬᠢᠷᠠᠭᠤᠯᠭ᠎ᠠ ᠳᠤ ᠦᠷᠬᠦᠯᠵᠢᠯᠡᠨ ᠰᠢᠨ᠎ᠠ ᠶᠢ ᠡᠭᠦᠳᠦᠨ ᠲᠡᠭᠦᠯᠳᠡᠷᠵᠢᠭᠦᠯᠵᠦ᠂ ᠠᠵᠤ | ᠠᠬᠤᠢ ᠶᠢᠨ ᠡᠷᠬᠢᠯᠳᠡ ᠵᠤᠬᠢᠰᠲᠠᠢ ᠬᠡᠪᠴᠢᠶᠡᠨ ᠲᠤᠳᠤᠷ᠎ᠠ ᠪᠠᠶᠢᠬᠤ ᠶᠢ ᠪᠠᠲᠤᠯᠠᠨ᠎ᠠ︔ ᠬᠤᠶᠠᠷ ᠲᠤ᠂ ᠵᠠᠬ᠎ᠠ | ᠳᠡᠯᠭᠡᠭᠦᠷ ᠤᠨ ᠭᠤᠤᠯ ᠴᠤᠬᠴᠠ ᠶᠢᠨ ᠠᠮᠢᠵᠢᠷᠠᠯ ᠤᠨ ᠬᠦᠴᠦᠨ ᠢ ᠬᠦᠭᠵᠢᠬᠡᠵᠦ᠂ ᠠᠷᠠᠯᠵᠢᠶ᠎ᠠ ᠡᠵᠡᠩᠨᠡᠬᠦ ᠤᠷᠴᠢᠨ ᠢ | ᠬᠦᠴᠦᠯᠡᠨ ᠰᠢᠯᠢᠳᠡᠭᠵᠢᠭᠦᠯᠦᠨ᠎ᠡ︔ ᠭᠤᠷᠪᠠ ᠳᠤ᠂ ᠰᠢᠨ᠎ᠠ ᠶᠢ ᠡᠭᠦᠳᠬᠦ ᠪᠠᠷ ᠬᠦᠭᠵᠢᠯᠲᠡ ᠶᠢ ᠳᠠᠭᠠᠭᠤᠯᠬᠤ ᠶᠢ | ᠪᠠᠷᠢᠮᠲᠠᠯᠠᠵᠤ᠂ ᠰᠢᠨ᠎ᠡ ᠬᠦᠳᠡᠯᠭᠡᠬᠦ ᠡᠨᠧᠷᠬᠢ ᠶᠢ ᠪᠤᠶᠢᠵᠢᠭᠤᠯᠤᠨ ᠪᠤᠵᠠᠭᠠᠢᠢᠷᠠᠭᠤᠯᠤᠨ᠎ᠠ︔ ᠳᠦᠷᠪᠡ ᠳᠤ᠂ ᠬᠦᠴᠦᠷᠬᠡᠭ | ᠶᠡᠭᠡ ᠤᠯᠤᠰ ᠤᠨ ᠲᠤᠳᠤᠭᠠᠳᠤ ᠶᠢᠨ ᠵᠠᠬ᠎ᠠ ᠳᠡᠯᠭᠡᠭᠦᠷ ᠤᠨ ᠪᠦᠷᠢᠯᠳᠦᠬᠦ ᠶᠢ ᠠᠬᠢᠭᠤᠯᠵᠤ᠂ ᠲᠤᠳᠤᠭᠠᠳᠤ | ᠬᠡᠷᠡᠭᠴᠡᠭᠡᠨ ᠤ ᠳᠠᠯᠲᠠ ᠬᠦᠴᠦᠨ ᠢ ᠦᠷᠬᠦᠯᠵᠢᠯᠡᠨ ᠪᠠᠳᠠᠷᠠᠭᠤᠯᠤᠨ᠎ᠠ︔ ᠲᠠᠪᠤ ᠳᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠡᠭᠦᠷᠭᠡ ᠪᠠᠷ ᠪᠠᠷᠢᠮᠵᠢᠶᠠᠯᠠᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠪᠠ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠳᠤᠳᠠᠢ ᠠᠬᠢᠭᠤᠯᠤᠨ᠎ᠠ︔ ᠵᠢᠷᠭᠤᠭ᠎ᠠ ᠳᠤ᠂ ᠤᠷᠤᠨ | ᠪᠦᠰᠠ ᠶᠢᠨ ᠵᠤᠬᠢᠴᠠᠩᠭᠤᠢ ᠬᠦᠭᠵᠢᠯᠳᠠ ᠶᠢ ᠠᠬᠢᠭᠤᠯᠵᠤ᠂ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ | ᠶᠠᠰᠤ ᠴᠢᠨᠠᠷ ᠢ ᠲᠡᠭᠡᠭᠰᠢᠯᠡᠬᠦᠯᠤᠨ᠎ᠠ︔ ᠲᠤᠯᠤᠭ᠎ᠠ ᠳᠤ᠂ ᠪᠤᠬᠢᠷᠳᠤᠯ ᠢ ᠰᠡᠷᠬᠡᠶᠢᠯᠠᠨ ᠵᠠᠰᠠᠬᠤ ᠪᠤᠯᠤᠨ ᠠᠮᠢ ᠠᠬᠤᠢ ᠶᠢᠨ | ᠪᠦᠳᠤᠬᠡᠨ ᠪᠠᠶᠢᠭᠤᠯᠤᠯᠳᠠ ᠶᠢ ᠴᠢᠩᠭᠠᠳᠬᠠᠵᠤ᠂ ᠪᠤᠬᠢᠷᠳᠤᠯ ᠦᠬᠡᠢ ᠬᠦᠭᠵᠢᠯᠳᠠ ᠶᠢ ᠶᠡᠭᠡ ᠪᠠᠷ ᠠᠬᠢᠭᠤᠯᠤᠨ᠎ᠠ︔ | ᠨᠠᠢᠮᠠ ᠳᠤ᠂ ᠭᠤᠤᠯᠳᠠᠯᠭ᠎ᠠ ᠲᠠᠢ ᠬᠦᠷᠢᠶᠠᠨ ᠤ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠵᠠᠬ᠎ᠠ ᠲᠡᠯᠬᠡᠬᠦᠷ ᠤᠨ | ᠲᠤᠭᠳᠠᠴᠠ ᠶᠢ ᠰᠢᠮᠳᠠᠭᠤᠯᠤᠨ ᠲᠡᠬᠦᠯᠳᠡᠷᠵᠢᠬᠦᠯᠤᠨ᠎ᠠ︔ ᠶᠢᠰᠤ ᠳᠤ᠂ ᠪᠦᠬᠦ ᠲᠠᠯ᠎ᠠ ᠶᠢᠨ ᠭᠠᠳᠠᠭᠠᠳᠤ ᠨᠡᠬᠡᠬᠡᠯᠳᠠ ᠶᠢ | ᠠᠬᠢᠭᠤᠯᠵᠤ᠂ ᠤᠯᠠᠨ ᠤᠯᠤᠰ ᠤᠨ ᠠᠵᠤ ᠠᠬᠤᠢ ᠶᠢᠨ ᠬᠠᠮᠳᠤᠷᠠᠯᠴᠠᠭ᠎ᠠ ᠪᠤᠯᠤᠨ ᠦᠷᠢᠰᠤᠯᠳᠤᠬᠡᠨ ᠤ ᠰᠢᠨ᠎ᠠ | ᠲᠠᠪᠠᠭᠤᠯᠢᠬ ᠢ ᠪᠤᠢ ᠪᠤᠯᠭᠠᠨ᠎ᠠ︔ ᠠᠷᠪᠠ ᠳᠤ᠂ ᠨᠡᠶᠢᠬᠡᠮ ᠤᠨ ᠤᠢᠢᠯᠡᠰ ᠤᠨ ᠬᠦᠭᠵᠢᠯᠳᠠ ᠶᠢ ᠲᠦᠷᠬᠡᠳᠬᠡᠵᠤ᠂ | ᠠᠷᠠᠳ ᠤᠨ ᠠᠮᠢᠳᠤᠷᠠᠯ ᠢ ᠨᠡᠩ ᠰᠠᠶᠢᠨ ᠪᠠᠳᠤᠯᠠᠨ ᠰᠠᠶᠢᠵᠢᠷᠠᠭᠤᠯᠤᠨ᠎ᠠ᠃ | ᠯᠢ ᠺᠧ ᠴᠢᠶᠠᠩ ᠪᠠᠰᠠ ᠵᠠᠰᠠᠬ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠴᠢᠩᠭᠠᠳᠬᠠᠬᠤ᠂ | ᠦᠨᠳᠤᠰᠤᠳᠠᠨ ᠱᠠᠰᠢᠨ ᠰᠤᠷᠳᠠᠬᠤᠨ ᠪᠤᠯᠤᠨ ᠬᠠᠷᠢᠶᠠᠳᠤ ᠨᠠᠷ ᠤᠨ ᠠᠵᠢᠯ᠂ ᠤᠯᠤᠰ ᠤᠨ ᠪᠠᠳᠤᠯᠠᠨ ᠬᠠᠮᠠᠭᠠᠯᠠᠯᠳᠠ | ᠪᠤᠯᠤᠨ ᠴᠡᠷᠢᠭ ᠠᠩᠬᠢ ᠶᠢᠨ ᠪᠠᠶᠢᠭᠤᠯᠤᠯᠳᠠ᠂ ᠰᠢᠶᠠᠩᠭᠠᠩ ᠤᠤᠮᠧᠨ ᠤ ᠬᠦᠭᠵᠢᠯᠳᠠ ᠪᠤᠯᠤᠨ ᠲᠠᠶᠢᠸᠠᠨ | ᠬᠤᠭᠤᠯᠠᠢ ᠶᠢᠨ ᠬᠤᠶᠠᠷ ᠬᠦᠪᠡᠬᠡᠨ ᠤ ᠬᠠᠷᠢᠴᠠᠭ᠎ᠠ ᠵᠢᠴᠢ ᠮᠠᠨ ᠤ ᠤᠯᠤᠰ ᠤᠨ ᠭᠠᠳᠠᠭᠠᠳᠤ ᠲᠦᠷᠤ ᠶᠢᠨ | ᠪᠤᠳᠤᠯᠭ᠎ᠠ ᠶᠢᠨ ᠲᠤᠬᠠᠢ ᠲᠤᠳᠤᠷᠬᠠᠢᠢᠯᠠᠨ ᠦᠬᠦᠯᠡᠪᠡ᠃ | ᠬᠤᠷᠠᠯ ᠤᠨ ᠵᠦᠪᠯᠡᠬᠦ ᠵᠦᠢᠯ ᠢ ᠦᠨᠳᠤᠰᠤᠯᠠᠪᠠᠯ᠂ ᠶᠡᠭᠡ ᠬᠤᠷᠠᠯ ᠠᠴᠠ ᠲᠦᠷᠤ ᠶᠢᠨ ᠶᠠᠪᠤᠳᠠᠯ ᠤᠨ | ᠬᠤᠷᠢᠶᠠᠨ ᠤ 2018 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠬᠡᠮ ᠤᠨ ᠬᠦᠭᠵᠢᠯᠳᠠ ᠶᠢᠨ | ᠲᠦᠯᠤᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠬᠡᠳ 2019 ᠤᠨ ᠤ ᠤᠯᠤᠰ ᠠᠷᠠᠳ ᠤᠨ ᠠᠵᠤ ᠠᠬᠤᠢ ᠪᠤᠯᠤᠨ | ᠨᠡᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠤᠨ ᠮᠡᠳᠡᠬᠦᠯᠤᠯᠳᠠ ᠵᠢᠴᠢ 2019 ᠤᠨ ᠤ | ᠲᠦᠯᠤᠪᠯᠡᠭᠡ ᠶᠢᠨ ᠲᠦᠰᠤᠯ᠂ 2018 ᠤᠨ ᠤ ᠲᠦᠪ ᠤᠨ ᠪᠠ ᠤᠷᠤᠨ ᠨᠤᠳᠤᠬ ᠤᠨ ᠲᠦᠰᠤᠪ ᠢ | ᠬᠡᠷᠡᠭᠵᠢᠭᠦᠯᠦᠭᠰᠡᠨ ᠪᠠᠶᠢᠳᠠᠯ ᠬᠢᠬᠡᠳ 2019 ᠤᠨ ᠤ ᠲᠦᠪ ᠤᠨ ᠪᠠ ᠤᠷᠤᠨ ᠨᠤᠳᠤᠬ ᠤᠨ ᠲᠦᠰᠤᠪ ᠤᠨ | ᠲᠦᠰᠤᠯ ᠤᠨ ᠮᠡᠳᠡᠬᠦᠯᠤᠯᠳᠠ ᠵᠢᠴᠢ 2019 ᠤᠨ ᠤ ᠪᠦᠬᠦ ᠤᠯᠤᠰ ᠤᠨ ᠲᠦᠰᠤᠪ ᠤᠨ ᠲᠦᠰᠤᠯ ᠢ ᠬᠢᠨᠠᠨ | ᠪᠠᠶᠢᠴᠠᠭᠠᠨ᠎ᠠ᠃ | ᠲᠠᠷᠢᠬᠦᠯᠡᠭᠴᠢᠳ ᠤᠨ ᠲᠠᠶᠢᠰᠠᠨ ᠳᠤ ᠰᠠᠭᠠᠳᠠᠬᠰᠡᠳ ᠲᠤ ᠪᠠᠰᠠ᠄ ᠳ᠋ᠢᠩ ᠰᠢᠤᠸᠠᠢ ᠰᠢᠶᠠᠩ᠂ ᠯᠢᠤ ᠾᠧ᠂ | ᠰᠢᠤᠢ ᠴᠢ ᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠬᠤᠩ ᠵᠦᠩ᠂ ᠶᠠᠩ ᠵᠢᠶᠧ ᠤᠣᠢ᠂ ᠶᠠᠩ | ᠰᠢᠶᠤᠤ ᠳ᠋ᠦ᠋᠂ ᠵᠠᠩ ᠶᠢᠤ ᠰᠢᠶᠠ᠂ ᠴᠧᠨ ᠰᠢ᠂ ᠴᠧᠨ ᠴᠢᠤᠸᠠᠨ ᠬᠦᠸᠧ᠂ ᠴᠧᠨ ᠮᠢᠨ ᠡᠯ᠂ ᠬᠤ᠋ ᠴᠦᠨ ᠬᠤᠸ᠋ᠨ᠂ | ᠬᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠶᠢᠤ ᠴᠢᠤᠸᠠᠨ᠂ ᠸᠧᠢ ᠹᠧᠩ ᠾᠧ᠂ ᠸᠠᠩ ᠶᠦᠩ᠂ | ᠸᠠᠩ ᠢ᠂ ᠰᠢᠶᠤᠤ ᠵᠢᠶᠧ᠂ ᠵᠤᠤ ᠺᠧ ᡁᠢ᠂ ᠵᠸᠤ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠤ ᠴᠢ ᠪᠤᠤ᠂ | ᠫᠠᠪᠠᠯᠠ · ᠭᠧᠯᠧᠭᠨᠠᠮᠵᠢᠯ᠂ ᠳ᠋ᠦᠩ ᠵᠢᠶᠠᠨ ᠬᠤᠸ᠋ᠨ᠂ ᠸᠠᠨ ᠭᠠᠩ᠂ ᠾᠧ ᠾᠸᠤ ᠬᠤᠸᠠ᠂ ᠯᠤ᠋ ᠵᠠᠨ ᠬᠦᠩ᠂ ᠸᠠᠩ | ᠵᠧᠩ ᠸᠧᠢ᠂ ᠮᠠ ᠪᠢᠶᠤᠤ᠂ ᠴᠸᠠ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠤᠤ ᠯᠦᠩ᠂ ᠶᠠᠩ ᠴᠤᠸᠠᠨ | ᠲᠠᠩ᠂ ᠯᠢ ᠪᠢᠨ᠂ ᠪᠠᠭᠠᠳᠤᠷ᠂ ᠸᠠᠩ ᠶᠦᠩ ᠴᠢᠩ᠂ ᠾᠧ ᠯᠢ ᠹᠧᠩ᠂ ᠰᠤ᠋ ᠬᠤᠢ᠂ ᠵᠧᠩ ᠵᠢᠶᠠᠨ ᠪᠠᠩ᠂ ᠬᠦ᠋ | ᠱᠧᠩ ᠽᠤ᠋᠂ ᠯᠢᠤ ᠰᠢᠨ ᠴᠧᠩ᠂ ᠾᠧ ᠸᠧᠢ᠂ ᠱᠤᠤ ᠬᠤᠩ᠂ ᠭᠤᠤ ᠶᠦᠨ ᠯᠦᠩ ᠵᠢᠴᠢ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠭᠡᠰᠢᠬᠦᠨ ᠯᠢ ᠽᠦᠸᠧ ᠴᠧᠩ᠂ ᠮᠢᠶᠤᠤ ᠬᠤᠸᠠ᠂ ᠵᠠᠩ ᠱᠧᠩ ᠮᠢᠨ ᠨᠠᠷ ᠪᠤᠢ᠃ | ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠵᠠᠬᠢᠷᠭᠠᠨ ᠤ ᠲᠠᠷᠤᠭ᠎ᠠ ᠯᠢᠨ ᠵᠧᠩ ᠶᠤᠸᠠᠢ | ᠡᠸ᠋᠂ ᠤᠤᠮᠸᠠ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠵᠠᠬᠢᠷᠭᠠᠨ ᠤ ᠲᠠᠷᠤᠭ᠎ᠠ ᠼᠦᠢ ᠱᠢ ᠠᠨ | ᠬᠤᠷᠠᠯ ᠳᠤ ᠰᠤᠯᠠ ᠤᠷᠤᠯᠴᠠᠵᠤ ᠲᠠᠷᠢᠬᠦᠯᠡᠭᠴᠢᠳ ᠤᠨ ᠲᠠᠶᠢᠰᠠᠨ ᠳᠤ ᠰᠠᠭᠠᠳᠠᠪᠠ᠃ | ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠡᠨ ᠭᠤᠷᠪᠠᠳᠤᠭᠠᠷ ᠬᠤᠭᠤᠴᠠᠭᠠᠨ ᠤ | ᠬᠤᠷᠢᠶᠠᠨ ᠤ ᠬᠤᠶᠠᠳᠤᠭᠠᠷ ᠬᠤᠷᠠᠯ ᠳᠤ ᠤᠷᠤᠯᠴᠠᠵᠤ ᠪᠠᠶᠢᠭ᠎ᠠ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ | ᠬᠤᠷᠠᠯ ᠳᠤ ᠰᠤᠯᠠ ᠤᠷᠤᠯᠴᠠᠵᠠᠢ᠃ | ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ᠂ ᠴᠢᠯᠦᠭᠡᠯᠡᠬᠦ ᠴᠡᠷᠢᠭ ᠤᠨ | ᠬᠠᠮᠢᠶ᠎ᠠ ᠪᠦᠬᠦᠢ ᠨᠢᠭᠡᠴᠢ᠂ ᠡᠯ᠎ᠡ ᠠᠷᠠᠳ ᠤᠨ ᠪᠦᠯᠬᠦᠮ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠰᠤᠯᠠ | ᠤᠷᠤᠯᠴᠠᠬᠰᠡᠨ ᠪᠤᠶᠤ ᠶᠡᠭᠡ ᠬᠤᠷᠠᠯ ᠢ ᠰᠤᠯᠠ ᠰᠤᠨᠤᠰᠴᠠᠢ᠃ | ᠲᠤᠮᠳᠠᠳᠤ ᠤᠯᠤᠰ ᠲᠤ ᠰᠠᠭᠤᠭ᠎ᠠ ᠡᠯ᠎ᠡ ᠤᠯᠤᠰ ᠤᠨ ᠡᠯᠴᠢᠨ ᠰᠠᠶᠢᠳ ᠶᠡᠭᠡ ᠬᠤᠷᠠᠯ ᠢ ᠰᠤᠯᠠ ᠰᠤᠨᠤᠰᠴᠠᠢ᠃ | | |