ᠥᠪᠥᠷ ᠮᠣᠩᠭᠤᠯ ᠤᠨ ᠤᠯᠤᠰ ᠤᠨ ᠲᠡᠰ ᠤᠨ 31 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠳᠥᠷᠪᠡᠨ ᠲᠦᠷᠦᠯ ᠤᠨ ᠡᠪᠡᠳᠴᠢᠨ ᠲᠠᠢ ᠬᠡᠦᠬᠡᠳ ᠬᠠᠮᠤᠭ ᠤᠨ ᠦᠨᠳᠦᠷ ᠲᠤ ᠪᠠᠨ 6 ᠲᠦᠮᠡᠨ ᠲᠥᠭᠦᠷᠢᠭ ᠤᠨ ᠡᠮᠴᠢᠯᠡᠭᠡᠨ ᠤ ᠨᠦᠬᠦᠪᠦᠷᠢ ᠤᠯᠤᠨ᠎ᠠ
ᠨᠡᠶᠢᠲᠡᠯᠡᠭᠰᠡᠨ ᠴᠠᠭ᠄
2019/3/8
     3 ᠳ᠋ᠤᠭᠠᠷ ᠰᠠᠷ᠎ᠠ ᠶᠢᠨ 6᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠠᠴᠠ ᠣᠶᠢᠯᠠᠭᠠᠭᠰᠠᠨ ᠢᠶᠠᠷ᠂ ︽ᠪᠥᠬᠦ ᠣᠷᠣᠨ ᠤ ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠦᠨᠳᠦ ᠡᠪᠡᠳᠴᠢᠨ ᠡᠮᠬᠡᠭ ᠲᠠᠢ ᠬᠡᠤᠬᠡᠳ ᠢ ᠨᠢᠭᠦᠯᠡᠰᠦᠩᠭᠦᠶ ᠶᠢᠨ ᠠᠷᠭ᠎ᠠ ᠪᠠᠷ ᠠᠪᠤᠷᠠᠨ ᠲᠤᠰᠠᠯᠠᠬᠤ ᠲᠤᠰᠬᠠᠶ ᠰᠠᠭᠤᠷᠢ ᠮᠥᠩᠭᠦ︾᠎ ᠶᠢᠨ ᠲᠥᠷᠥᠯ ᠵᠦᠶᠯ ᠤᠨ 2019 ᠣᠨ ᠤ ᠠᠪᠤᠷᠠᠨ ᠲᠤᠰᠠᠯᠠᠬᠤ ᠠᠵᠢᠯ ᠢ ᠵᠢᠩᠬᠢᠨᠢ ᠪᠠᠷ ᠡᠬᠢᠯᠡᠭᠦᠯᠪᠡ᠃ ᠡᠨᠡ ᠵᠢᠯ᠂ ᠲᠤᠰ ᠲᠥᠷᠥᠯ ᠵᠦᠢᠯ ᠨᠢ ᠮᠠᠨ ᠤ ᠣᠷᠣᠨ ᠤ ᠤᠯᠤᠰ ᠤᠨ ᠲᠡᠰ ᠤᠨ 31 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢᠨ 0 ~ 18 ᠪᠦᠬᠦᠯᠢ ᠨᠠᠰᠤᠨ ᠤ ᠲᠥᠷᠥᠯᠬᠢ ᠵᠢᠷᠦᠬᠡᠨ ᠡᠪᠡᠳᠴᠢᠨ᠂ ᠴᠢᠰᠤ ᠴᠠᠶᠢᠬᠤ ᠡᠪᠡᠳᠴᠢᠨ᠂ ᠪᠥᠭᠡᠷᠡᠨ ᠡᠪᠡᠳᠴᠢᠨ᠂ ᠬᠤᠣᠷᠲᠤ ᠬᠠᠪᠤᠳᠠᠷ ᠡᠪᠡᠳᠴᠢᠨ ᠲᠠᠢ ᠬᠡᠤᠬᠡᠳ ᠲᠤ ᠴᠢᠭᠯᠡᠭᠦᠯᠦᠨ ᠨᠢᠭᠦᠯᠡᠰᠦᠩᠭᠦᠶ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠣᠯᠭᠤᠨ᠎ᠠ᠃ ᠲᠦᠷᠦᠯ ᠵᠦᠢᠯ ᠨᠢ ᠡᠪᠡᠳᠴᠢᠨ ᠲᠠᠢ ᠬᠡᠦᠬᠡᠳ ᠤᠨ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢᠨ ᠪᠠᠶᠢᠳᠠᠯ ᠪᠣᠯᠤᠨ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠵᠠᠷᠤᠯᠭ᠎ᠠ ᠶᠢᠨ ᠪᠠᠶᠢᠳᠠᠯ ᠢ ᠦᠨᠳᠦᠰᠦᠯᠡᠨ᠂ 1 ~ 6 ᠲᠦᠮᠡᠨ ᠲᠥᠭᠦᠷᠢᠭ ᠤᠨ ᠡᠮᠴᠢᠯᠡᠭᠡᠨ ᠤ ᠨᠥᠬᠦᠪᠥᠷᠢ ᠤᠯᠭᠤᠨ᠎ᠠ᠃      ᠣᠶᠢᠯᠠᠭᠠᠭᠰᠠᠨ ᠢᠶᠠᠷ᠂ ︽ᠪᠥᠬᠦ ᠣᠷᠣᠨ ᠤ ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠦᠨᠳᠦ ᠡᠪᠡᠳᠴᠢᠨ ᠡᠮᠭᠡᠭ ᠲᠠᠢ ᠬᠡᠤᠬᠡᠳ ᠢ ᠨᠢᠭᠦᠯᠡᠰᠦᠩᠭᠦᠶ ᠶᠢᠨ ᠠᠷᠭ᠎ᠠ ᠪᠠᠷ ᠠᠪᠤᠷᠠᠨ ᠲᠤᠰᠠᠯᠠᠬᠤ ᠲᠤᠰᠬᠠᠶ ᠰᠠᠭᠤᠷᠢ ᠮᠥᠩᠭᠦ︾᠎ ᠶᠢᠨ ᠲᠥᠷᠥᠯ ᠵᠦᠢᠯ ᠢ 2012 ᠤᠨ ᠠᠴᠠ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠬᠡᠷᠡᠭᠵᠢᠭᠦᠯᠦᠭᠰᠡᠨ ᠠᠴᠠ ᠨᠠᠭᠠᠰᠢ ᠣᠲᠣ ᠪᠣᠯᠲᠠᠯ᠎ᠠ᠂ ᠨᠢᠭᠡᠨᠲᠡ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠬᠦᠨᠳᠦ ᠡᠪᠡᠳᠴᠢᠨ ᠲᠠᠢ 440 ᠬᠡᠤᠬᠡᠳ ᠢ ᠠᠪᠤᠷᠠᠨ ᠲᠤᠰᠠᠯᠠᠵᠤ᠂  ᠨᠡᠶᠢᠲᠡ 1123 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠪᠡᠯᠡ ᠮᠥᠩᠭᠦ ᠤᠯᠭᠤᠪᠠ᠃      ︽ᠪᠥᠬᠦ ᠣᠷᠣᠨ ᠤ ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠡᠤᠬᠡᠳ ᠤᠨ ᠬᠦᠨᠳᠦ ᠶᠡᠭᠡ ᠡᠪᠡᠳᠴᠢᠨ ᠡᠮᠭᠡᠭ ᠲᠠᠢ ᠬᠡᠤᠬᠡᠳ ᠢ ᠨᠢᠭᠦᠯᠡᠰᠦᠩᠭᠦᠶ ᠶᠢᠨ ᠠᠷᠭ᠎ᠠ ᠪᠠᠷ ᠠᠪᠤᠷᠠᠨ ᠲᠤᠰᠠᠯᠠᠬᠤ ᠲᠤᠰᠬᠠᠶ ᠰᠠᠭᠤᠷᠢ ᠮᠥᠩᠭᠦ︾᠎ ᠶᠢᠨ ᠲᠥᠷᠥᠯ ᠵᠦᠶᠯ ᠢ ᠭᠤᠶᠤᠴᠢᠯᠠᠬᠤ ᠭᠡᠷ ᠪᠦᠯᠢ ᠶᠢᠨ ᠪᠦᠷᠢᠯᠳᠦᠬᠦᠨ ᠵᠢᠴᠢ ᠬᠤᠪᠢ ᠬᠥᠮᠦᠨ᠂ ᠡᠷᠬᠡᠪᠰᠢ ᠪᠡᠶ᠎ᠡ ᠶᠢᠨ ᠦᠨᠡᠮᠯᠡᠯ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷᠡᠴᠢ᠂ ᠡᠮᠴᠢᠯᠡᠭᠡᠨ ᠤ ᠤᠨᠤᠰᠢᠯᠠᠯ ᠤᠨ ᠭᠡᠷᠡᠴᠢ᠂ ᠣᠨᠣᠰᠢᠯᠠᠨ ᠡᠮᠨᠡᠭᠰᠡᠨ ᠫᠢᠶᠣᠣ ᠪᠠᠷᠢᠮᠲᠠ ᠶᠢᠨ ᠪᠠᠭᠤᠯᠭᠠᠪᠤᠷᠢ᠂ ᠭᠡᠷᠡᠯ ᠵᠢᠷᠤᠭ ᠵᠡᠷᠭᠡ ᠪᠢᠴᠢᠭ ᠮᠠᠲ᠋ᠧᠷᠢᠶᠠᠯ ᠢᠶᠠᠨ ᠠᠪᠴᠤ᠂ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠶᠡᠷᠦᠩᠬᠡᠶ ᠡᠪᠯᠡᠯ ᠳᠤ ᠠᠪᠤᠷᠠᠨ ᠲᠤᠰᠠᠯᠠᠭᠤᠯᠬᠤ ᠪᠠᠷ ᠭᠤᠶᠤᠴᠢᠯᠠᠨ᠎ᠠ᠂ ᠲᠦᠷᠦᠯ ᠵᠦᠢᠯ ᠤᠨ ᠰᠢᠭᠤᠳ ᠤᠲᠠᠰᠤ᠄ 0471 — 4698430᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号