ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠲᠤᠭᠤᠢᠢᠯᠠᠩ ᠬᠤᠪᠢᠶᠠᠵᠤ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠢ ᠶᠠᠷᠢᠯᠴᠠᠪᠠ  ᠷᠧᠨ ᠶᠠ ᠫᠢᠩ ᠨᠠᠷ ᠤᠷᠤᠯᠴᠠᠵᠠᠢ
ᠨᠡᠶᠢᠲᠡᠯᠡᠭᠰᠡᠨ ᠴᠠᠭ᠄
2019/3/8
     3 ᠳ᠋ᠤᠭᠠᠷ ᠰᠠᠷ᠎ᠠ ᠶᠢᠨ 5᠎ ᠤ ᠡᠳᠦᠷ ᠤᠨ ᠦᠳᠡ ᠶᠢᠨ ᠬᠤᠶᠢᠨ᠎ᠠ ᠠᠴᠠ 6᠎ ᠤ ᠡᠳᠦᠷ ᠪᠤᠯᠳᠠᠯ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠳᠤ ᠤᠷᠤᠯᠴᠠᠵᠤ ᠪᠠᠶᠢᠭ᠎ᠠ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠦᠪᠡᠷ ᠦᠪᠡᠷ ᠤᠨ ᠡᠳᠡᠬᠡᠳ ᠤᠨ ᠲᠤᠭᠤᠢᠢᠯᠠᠩ ᠳᠤ ᠪᠠᠨ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠢ ᠶᠠᠷᠢᠯᠴᠠᠪᠠ᠃      ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠦᠮᠦᠨ ᠠᠮᠠ ᠡᠬᠢ ᠪᠠᠶᠠᠯᠢᠬ ᠤᠷᠴᠢᠨ ᠲᠤᠭᠤᠷᠢᠨ ᠎ ᠤ ᠵᠦᠪᠯᠡᠯ ᠤᠨ ᠲᠡᠳ᠋ ᠡᠷᠬᠢᠯᠡᠭᠴᠢ ᠷᠧᠨ ᠶᠠ ᠫᠢᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠦᠷ ᠮᠤᠩᠭᠤᠯ ᠤᠨ ᠴᠡᠷᠢᠭ ᠤᠨ ᠲᠤᠭᠤᠷᠢᠬ ᠤᠨ ᠺᠤᠮᠠᠨᠳ᠋ᠯᠠᠬᠴᠢ ᠯᠧᠩ ᠵᠢᠶᠧ ᠰᠦᠩ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠵᠧᠩ ᠹᠦ᠋ ᠲᠢᠶᠠᠨ᠂ ᠯᠢᠦ ᠰᠢᠨ ᠯᠧ ᠶᠠᠷᠢᠯᠴᠠᠬᠤ ᠳᠤ ᠤᠷᠤᠯᠴᠠᠵᠠᠢ᠃      ᠶᠠᠷᠢᠯᠴᠠᠯᠭ᠎ᠠ ᠶᠢᠨ ᠲᠤᠬᠠᠢ ᠶᠢᠨ ᠲᠠᠯᠠᠪᠠᠢ ᠳᠤ ᠬᠡᠰᠢᠬᠦᠳ ᠦᠪᠡᠷ ᠦᠪᠡᠷ ᠤᠨ ᠠᠵᠢᠯ ᠤᠨ ᠪᠤᠳᠠᠳᠤ ᠪᠠᠶᠢᠳᠠᠯ ᠎ ᠲᠠᠢ ᠪᠠᠨ ᠤᠶᠠᠯᠳᠤᠭᠤᠯᠤᠨ ᠢᠳᠡᠪᠬᠢᠳᠡᠢ ᠪᠠᠷ ᠪᠤᠳᠤᠯ ᠰᠠᠨᠠᠯ ᠢᠶᠠᠨ ᠳᠡᠯᠭᠡᠪᠡ᠃ ᠤᠯᠠᠨ ᠢᠶᠠᠷ ᠢᠶᠠᠨ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠨᠢ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠲᠤᠭᠤᠰᠢᠯᠠᠭᠤᠯᠵᠤ᠂ ᠨᠢᠳᠤᠨᠤᠨ ᠤ ᠠᠵᠢᠯ ᠎ ᠢᠶᠠᠨ ᠳ᠋ᠦᠩᠨᠡᠬᠦ ᠳᠤ ᠪᠠᠨ ᠦᠨᠡᠨ ᠠᠴᠠ ᠵᠦᠪ ᠢ ᠡᠷᠢᠬᠦ ᠠᠷᠭ᠎ᠠ ᠪᠠᠷ ᠪᠤᠰᠤᠳᠴᠢ ᠪᠦᠭᠡᠳ ᠪᠦᠬᠦ ᠲᠠᠯ᠎ᠠ ᠪᠠᠷ ᠳ᠋ᠦᠩᠨᠡᠵᠦ᠂ ᠠᠰᠠᠭᠤᠳᠠᠯ ᠢ ᠵᠠᠳᠠᠯᠬᠤ ᠳᠤ ᠪᠠᠨ ᠬᠦᠷᠦᠯᠴᠡᠬᠦ ᠦᠬᠡᠢ ᠲᠠᠯ᠎ᠠ ᠳᠤ ᠪᠠᠨ ᠰᠢᠭᠤᠳ ᠬᠠᠨᠳᠤᠨ ᠤᠬᠳᠤᠬᠠᠨ ᠴᠤ ᠨᠢᠭᠤᠵᠣ ᠲᠠᠯᠳᠠᠯᠠᠬᠰᠠᠨ ᠦᠬᠡᠢ᠂ ᠡᠨᠡ ᠵᠢᠯ ᠤᠨ ᠠᠵᠢᠯ ᠢᠶᠠᠨ ᠪᠠᠶᠢᠷᠢᠯᠠᠭᠤᠯᠬᠤ ᠳᠤ ᠪᠠᠨ ᠬᠠᠷᠠᠯᠳᠠ ᠲᠤᠳᠤᠷᠬᠠᠢ᠂ ᠭᠤᠤᠯᠳᠠᠯᠭ᠎ᠠ ᠲᠤᠪᠤᠶᠢᠮ᠎ᠠ ᠪᠠᠶᠢᠵᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠵᠦᠢᠯᠡᠰ ᠪᠤᠯᠤᠨ ᠬᠦᠰᠡᠯ ᠡᠷᠡᠮᠡᠯᠵᠡᠯ ᠳᠤ ᠬᠦᠢᠴᠡᠳ ᠬᠠᠷᠢᠭᠤ ᠦᠭᠴᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠢᠯᠡᠷᠡᠬᠦᠯᠵᠦ᠂ ᠤᠯᠤᠰ ᠲᠦᠷᠦ ᠶᠢᠨ ᠵᠤᠬᠰᠤᠴᠠ ᠦᠨᠳᠦᠷ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠪᠤᠳᠠᠳᠠᠢ᠂ ᠠᠰᠠᠭᠤᠳᠠᠯ ᠤᠨ ᠤᠳᠤᠷᠢᠳᠤᠮᠵᠢ ᠲᠤᠳᠤ᠂ ᠠᠷᠠᠳ ᠤᠨ ᠲᠦᠯᠦᠬᠡ ᠬᠡᠬᠦ ᠬᠠᠶᠢᠷ᠎ᠠ ᠰᠡᠳᠬᠢᠯᠬᠡ ᠪᠢᠯᠬᠠᠭᠰᠠᠨ ᠰᠠᠶᠢᠨ ᠢᠯᠡᠳᠬᠡᠯ ᠪᠤᠯᠵᠠᠢ ᠭᠡᠵᠦ ᠦᠵᠡᠵᠡᠭᠡᠪᠡ᠃      ᠲᠡᠮᠡᠴᠡᠪᠡᠯ ᠲᠡᠦᠬᠡ ᠶᠢ ᠪᠦᠳᠦᠬᠡᠨ᠎ᠡ᠂ ᠪᠤᠳᠠᠳᠠᠢ ᠪᠠᠷ ᠠᠵᠢᠯᠯᠠᠪᠠᠯ ᠢᠷᠡᠬᠡᠳᠦᠢ ᠶᠢ ᠪᠦᠳᠦᠬᠡᠨ᠎ᠡ᠃ ᠬᠡᠰᠢᠬᠦᠳ᠂ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠤᠨ ᠵᠤᠷᠢᠬ ᠰᠠᠨᠠᠭ᠎ᠠ ᠶᠢ ᠬᠢᠨᠠᠮᠠᠭᠠᠢ ᠰᠤᠷᠤᠯᠴᠠᠨ ᠤᠢᠢᠯᠠᠭᠠᠵᠤ᠂ ᠤᠯᠤᠰ ᠲᠦᠷᠦ ᠶᠢᠨ ᠵᠦᠪᠯᠡᠯᠬᠡ ᠬᠢᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠲᠦᠷᠦ ᠶᠢᠨ ᠶᠠᠪᠤᠳᠠᠯ ᠳᠤ ᠤᠷᠤᠯᠴᠠᠵᠤ ᠲᠦᠷᠦ ᠶᠢᠨ ᠶᠠᠪᠤᠳᠠᠯ ᠢ ᠵᠦᠪᠯᠡᠬᠦ ᠡᠬᠦᠷᠬᠡ ᠴᠢᠳᠠᠪᠬᠢ ᠪᠠᠨ ᠦᠨᠡᠨ ᠬᠦ ᠰᠠᠶᠢᠳᠤᠷ ᠬᠦᠢᠴᠡᠳᠬᠡᠵᠦ᠂ ᠢᠯᠡᠳᠬᠡᠯ ᠳᠤ ᠲᠤᠷᠠᠳᠤᠬᠰᠠᠨ ᠠᠵᠢᠯ ᠤᠨ ᠭᠤᠤᠯᠳᠠᠯᠭ᠎ᠠ ᠶᠢᠨ ᠲᠤᠭᠤᠷᠢᠨ ᠳᠤ ᠪᠦᠬᠦ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠤ ᠰᠠᠭᠤᠷᠢᠯᠠᠨ ᠦᠪᠦᠷ ᠮᠤᠩᠭᠤᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠵᠠᠰᠠᠬ ᠤᠨ ᠶᠠᠪᠤᠳᠠᠯ ᠳᠤ ᠲᠤᠰᠠᠯᠠᠨ ᠰᠠᠨᠠᠯ ᠰᠠᠨᠠᠭᠤᠯᠭ᠎ᠠ ᠲᠤᠷᠠᠳᠴᠦ᠂ ᠬᠠᠮᠳᠤ ᠶᠢᠨ ᠲᠠᠨᠢᠯᠳᠠ ᠪᠠᠨ ᠨᠢᠬᠳᠠᠷᠠᠭᠤᠯᠵᠤ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠬᠦ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠯᠡᠬᠦ ᠢᠯᠠᠯᠳᠠ ᠶᠢ ᠤᠯᠬᠤ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠬᠦᠨ᠎ᠡ ᠬᠡᠵᠦ ᠢᠯᠡᠳᠬᠡᠵᠡᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号