ᠯᠢ ᠵᠢᠢ ᠾᠧᠩ ᠲᠦᠯᠦᠭᠡᠯᠡᠭᠴᠢ᠄ ᠦᠨᠳᠦᠰᠦᠳᠡᠨ ᠨᠦᠭᠦᠳ ᠤᠨ ᠠᠷᠠᠳ ᠲᠦᠮᠡᠨ ᠤ ᠪᠤᠬᠢᠷᠳᠤᠯ ᠦᠭᠡᠢ ᠠᠵᠠ ᠵᠢᠷᠭᠠᠯ ᠢ ᠨᠡᠮᠡᠭᠳᠡᠬᠦᠯᠦᠨ᠎ᠠ
ᠨᠡᠶᠢᠲᠡᠯᠡᠭᠰᠡᠨ ᠴᠠᠭ᠄
2019/3/8
     ᠯᠢ ᠵᠢᠢ ᠾᠧᠩ ᠲᠦᠯᠦᠭᠡᠯᠡᠭᠴᠢ ︵ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ︶      ᠠᠮᠢ ᠠᠬᠤᠢ ᠤᠷᠴᠢᠨ ᠲᠤᠭᠤᠷᠢᠨ ᠢ ᠦᠷᠡᠭᠳᠡᠭᠦᠯᠵᠤ ᠪᠠᠶᠢᠭᠠᠳ ᠠᠵᠤ ᠠᠬᠤᠢ ᠶᠢᠨ ᠲᠦᠷ ᠴᠠᠬ ᠤᠨ ᠨᠡᠮᠡᠭᠳᠡᠯ ᠢ ᠶᠠᠭᠠᠬᠢᠭᠰᠠᠨ ᠴᠦ ᠰᠤᠯᠢᠵᠤ ᠠᠪᠬᠤ ᠦᠬᠡᠢ᠂ ᠬᠡᠯᠪᠡᠷᠢ ᠶᠢ ᠬᠤᠪᠢᠷᠠᠭᠤᠯᠬᠤ ᠪᠤᠭᠤᠮᠳᠠ ᠳᠡᠰ ᠳᠡᠪᠰᠢᠭᠦᠯᠬᠦ ᠳᠠᠪᠠᠭ᠎ᠠ ᠶᠢ ᠰᠢᠳᠤ ᠵᠠᠭᠤᠵᠤ ᠢᠯᠠᠨ ᠳᠠᠪᠠᠨ᠎ᠠ᠃      ᠥᠪᠦᠷ ᠮᠤᠩᠭᠤᠯ ᠪᠤᠯ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠎ ᠤ ᠬᠠᠯᠬᠠᠪᠴᠢ ᠮᠦᠨ᠃ ᠦᠪᠦᠷ ᠮᠤᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ ᠪᠦᠬᠦ ᠤᠷᠤᠨ ᠤ ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠷᠤᠰᠢᠯ ᠲᠤᠭᠳᠠᠨᠢᠯ ᠪᠠ ᠬᠦᠭᠵᠢᠯᠳᠡ ᠲᠠᠢ ᠬᠤᠯᠪᠤᠭᠳᠠᠬᠤ ᠪᠠᠷ ᠪᠠᠷᠠᠬᠤ ᠦᠭᠡᠢ ᠤᠮᠠᠷᠠᠳᠤ ᠤᠷᠤᠨ᠂ ᠵᠡᠭᠦᠨ ᠬᠤᠶᠢᠲᠤ ᠤᠷᠤᠨ᠂ ᠪᠠᠷᠠᠭᠤᠨ ᠬᠤᠶᠢᠲᠤ ᠤᠷᠤᠨ᠂ ᠴᠢᠨᠠᠭᠰᠢᠯᠠᠪᠠᠯ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠤᠭᠳᠠᠵᠤ ᠪᠠᠶᠢᠳᠠᠭ᠃ ᠥᠪᠦᠷ ᠮᠤᠩᠭᠤᠯ ᠤᠨ ᠡᠨᠡ ᠬᠦ ᠨᠤᠮᠢᠨ ᠨᠤᠭᠤᠭᠠᠨ᠂ ᠡᠨᠡ ᠬᠦ ᠬᠦᠭᠡ ᠴᠡᠩᠭᠡᠷ᠂ ᠡᠨᠡ ᠬᠦ ᠴᠡᠪᠡᠷ ᠠᠷᠢᠭᠤᠨ ᠢ ᠰᠠᠶᠢᠲᠤᠷ ᠰᠠᠬᠢᠨ ᠬᠠᠮᠠᠭᠠᠯᠠᠬᠤ ᠪᠤᠯ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠦ ᠶᠢᠨ ᠬᠦᠰᠡᠯ ᠡᠷᠡᠮᠡᠯᠵᠡᠯ ᠪᠤᠯᠬᠤ ᠪᠦᠬᠡᠳ ᠮᠦᠨ ᠴᠦ ᠪᠢᠳᠠᠨ ᠤ ︽ᠲᠦᠷᠪᠡᠨ ᠤᠬᠠᠮᠰᠠᠷ︾᠎ ᠢ ᠴᠢᠩᠭᠠᠳᠬᠠᠨ ︽ᠲᠦᠷᠪᠡᠨ ᠢᠳᠡᠭᠡᠯ︾᠎ ᠢ ᠪᠠᠳᠤᠳᠬᠠᠵᠤ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠬᠦᠯᠬᠦ ᠴᠢᠬᠤᠯᠠ ᠦᠢᠯᠡᠳᠦᠯᠭᠡ ᠮᠦᠨ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠦᠪᠦᠷ ᠮᠤᠩᠭᠤᠯ ᠤᠨ ᠬᠢᠨ ᠰᠢ ᠶᠢᠨ ᠫᠢᠩ ᠎ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠲᠡᠤᠬᠡᠳᠤ ᠴᠢᠨᠠᠷᠳᠠᠢ ᠦᠷ᠎ᠠ ᠪᠦᠲᠦᠮᠵᠢ ᠤᠯᠵᠤ᠂ ᠵᠠᠷᠢᠮ ᠭᠠᠵᠠᠷ ᠤᠷᠤᠨ ᠳᠤ ︽ᠡᠪᠡᠰᠦᠨ ᠤ ᠲᠤᠯᠤᠭᠠᠢ ᠰᠠᠯᠬᠢᠨ ᠳᠤ ᠨᠠᠶᠢᠭᠤᠬᠤᠶ᠎ᠠ ᠦᠬᠡᠷ ᠬᠤᠨᠢᠳ ᠤᠨ ᠵᠤ ᠢᠷᠡᠯᠵᠠᠬᠰᠠᠨ︾ ᠦᠵᠡᠰᠭᠦᠯᠡᠩᠳᠤ ᠰᠠᠶᠢᠬᠠᠨ ᠦᠵᠡᠮᠵᠢ ᠠᠬᠤᠢ ᠳᠠᠬᠢᠨ ᠢᠯᠡᠷᠡᠯ᠎ᠠ᠃ ᠪᠢᠳᠡ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢᠶᠠᠨ ᠪᠠᠷᠢᠮᠳᠠᠯᠠᠵᠤ᠂ ᠬᠦᠭᠵᠢᠯᠳᠡ ᠪᠠ ᠬᠠᠮᠠᠭᠠᠯᠠᠯᠳᠠ ᠶᠢᠨ ᠬᠠᠷᠢᠴᠠᠭᠠᠨ ᠤ ᠠᠰᠠᠭᠤᠳᠠᠯ ᠳᠡᠭᠡᠷ᠎ᠠ ᠢᠮᠠᠭᠳᠠ ᠲᠦᠢᠯ ᠤᠨ ᠰᠡᠷᠭᠡᠭ᠂ ᠲᠦᠢᠯ ᠤᠨ ᠲᠤᠭᠳᠠᠭᠤᠨ᠂ ᠲᠦᠢᠯ ᠤᠨ ᠤᠶᠤᠨᠯᠢᠬ ᠪᠠᠶᠢᠵᠤ᠂ ᠠᠮᠢ ᠠᠬᠤᠢ ᠤᠷᠴᠢᠨ ᠲᠤᠭᠤᠷᠢᠨ ᠢ ᠦᠷᠡᠭᠳᠡᠭᠦᠯᠵᠤ ᠪᠠᠶᠢᠭᠠᠳ ᠲᠦᠷ ᠴᠠᠬ ᠤᠨ ᠠᠵᠤ ᠠᠬᠤᠢ ᠶᠢᠨ ᠨᠡᠮᠡᠭᠳᠡᠯ ᠢ ᠶᠠᠭᠠᠬᠢᠭᠰᠠᠨ ᠴᠦ ᠰᠤᠯᠢᠵᠤ ᠠᠪᠬᠤ ᠦᠬᠡᠢ᠂ ᠬᠡᠯᠪᠡᠷᠢ ᠶᠢ ᠬᠤᠪᠢᠷᠠᠭᠤᠯᠬᠤ ᠪᠤᠭᠤᠮᠳᠠ ᠳᠡᠰ ᠳᠡᠪᠰᠢᠭᠦᠯᠬᠦ ᠳᠠᠪᠠᠭ᠎ᠠ ᠶᠢ ᠰᠢᠳᠤ ᠵᠠᠭᠤᠵᠤ ᠢᠯᠠᠨ ᠳᠠᠪᠠᠨ᠎ᠠ᠃      ᠪᠢᠳᠡ ᠰᠢᠨ᠎ᠠ ᠬᠦᠭᠵᠢᠯᠲᠡ ᠶᠢᠨ ᠤᠨᠤᠯᠵᠢᠬᠤᠨ ᠢ ᠪᠠᠲᠤ ᠪᠤᠢ ᠪᠤᠯᠭᠠᠨ ᠬᠤᠴᠤᠷᠤᠩᠭᠤᠢ᠂ ᠲᠤᠤᠷ᠎ᠠ ᠲᠦᠪᠰᠢᠨ᠂ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠡᠷᠡᠰ ᠲᠠᠶᠠᠬᠳᠠᠭᠤᠯᠵᠦ᠂ ᠤᠯᠠᠮᠵᠢᠯᠠᠯᠲᠤ ᠠᠷᠭ᠎ᠠ ᠵᠠᠮ ᠢ ᠲᠦᠰᠢᠭᠯᠡᠬᠦ ᠠᠴᠠ ᠬᠦᠴᠦᠯᠡᠨ ᠮᠤᠯᠳᠤᠷᠠᠵᠤ᠂ ᠨᠡᠭᠦᠷᠡᠰᠦ ᠮᠠᠯᠲᠠᠵᠤ ᠨᠡᠭᠦᠷᠡᠰᠦ ᠪᠠᠨ ᠬᠤᠳᠠᠯᠳᠤᠬᠤ ᠰᠢᠷᠤᠢ ᠮᠠᠯᠳᠠᠵᠤ ᠰᠢᠷᠤᠢ ᠪᠠᠨ ᠬᠤᠳᠠᠯᠳᠤᠬᠤ ᠪᠦᠳᠦᠭᠦᠯᠢᠭ ᠬᠡᠯᠪᠡᠷᠢ ᠶᠢᠨ ᠡᠬᠢ ᠪᠠᠶᠠᠯᠢᠬ ᠢ ᠨᠡᠭᠡᠭᠡᠨ ᠬᠦᠭᠵᠢᠭᠦᠯᠬᠦ ᠵᠠᠬᠪᠤᠷ ᠢᠶᠠᠨ ᠬᠤᠪᠢᠷᠠᠭᠤᠯᠵᠤ᠂ ᠡᠬᠢ ᠪᠠᠶᠠᠯᠢᠬ ᠢ ᠠᠷᠪᠢᠯᠡᠨ ᠭᠠᠮᠨᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠤᠷᠤᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠭᠡᠨ ᠪᠦᠷᠢᠯᠳᠦᠭᠦᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠲᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠠ ᠠᠷᠭ᠎ᠠ ᠵᠠᠮ ᠢᠶᠠᠷ ᠵᠠᠮᠨᠠᠨ᠎ᠠ᠃      ᠶᠡᠭᠡ ᠨᠤᠳᠤᠭ ᠪᠡᠯᠴᠢᠭᠡᠷ᠂ ᠶᠡᠭᠡ ᠤᠢ ᠰᠢᠭᠤᠢ᠂ ᠶᠡᠭᠡ ᠨᠠᠭᠤᠷ ᠴᠦᠬᠦᠷᠤᠮ᠂ ᠶᠡᠭᠡ ᠨᠤᠭᠤ ᠭᠠᠵᠠᠷ᠂ ᠶᠡᠭᠡ ᠡᠯᠡᠰᠦ ᠮᠠᠩᠬ᠎ᠠ ᠨᠢ ᠨᠢᠭᠡᠲᠦᠯᠲᠡᠢ ᠤᠯᠠᠨ ᠬᠡᠯᠪᠡᠷᠢ ᠪᠠᠶᠢᠳᠠᠯ ᠤᠨ ᠠᠮᠢ ᠠᠬᠤᠢ ᠶᠢᠨ ᠰᠢᠰᠲ᠋ᠧᠮ ᠢ ᠪᠦᠷᠢᠯᠳᠦᠭᠦᠯᠦᠭᠰᠡᠨ ᠪᠦᠭᠡᠳ ᠪᠠᠰᠠ ᠡᠬᠡ ᠤᠯᠤᠰ ᠤᠨ ᠤᠮᠠᠷᠠᠳᠤ ᠶᠢᠨ ᠬᠦᠮᠦᠨ ᠬᠢᠬᠡᠳ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠲᠤ ᠪᠠᠷ ᠤᠷᠤᠰᠢᠬᠤ ᠰᠦᠷ ᠪᠠᠳᠠᠷᠠᠭᠤᠨ ᠵᠢᠷᠤᠭ ᠳᠦᠷᠰᠦ ᠶᠢ ᠪᠦᠷᠢᠯᠳᠦᠭᠦᠯᠪᠡ᠃ ᠪᠢᠳᠡ ᠠᠮᠢ ᠠᠬᠤᠢ ᠶᠢᠨ ᠰᠢᠰᠲ᠋ᠧᠮ ᠤᠨ ᠳᠤᠲᠤᠭᠠᠳᠤ ᠵᠢᠮ᠎ᠠ ᠬᠠᠤᠯᠢ ᠪᠠ ᠵᠢᠮ᠎ᠠ ᠶᠤᠰᠤ ᠶᠢ ᠵᠢᠷᠦᠮᠯᠡᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ ᠠᠶᠠᠨᠳᠠᠭᠠᠨ ᠤ ᠰᠡᠷᠭᠦᠭᠡᠯᠲᠡ ᠪᠠᠷ ᠭᠤᠤᠯ ᠪᠤᠯᠭᠠᠬᠤ ᠴᠢᠭᠯᠡᠯᠲᠡ ᠶᠢ ᠪᠠᠷᠢᠮᠲᠠᠯᠠᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠢ ᠰᠢᠰᠲ᠋ᠧᠮ ᠲᠠᠢ ᠪᠠᠷ ᠵᠠᠰᠠᠬᠤ ᠶᠢ ᠨᠢᠭᠡᠲᠦᠯᠲᠡᠢ ᠲᠦᠯᠦᠪᠵᠢᠭᠦᠯᠵᠦ᠂ ᠭᠠᠵᠠᠷ ᠤᠷᠤᠨ ᠤ ᠪᠤᠳᠠᠳᠤ ᠪᠠᠶᠢᠳᠠᠯ ᠢᠶᠠᠨ ᠦᠨᠳᠤᠰᠤᠯᠡᠨ ᠴᠢᠬᠤᠯᠠ ᠶᠡᠭᠡ ᠠᠮᠢ ᠠᠬᠤᠢ ᠶᠢ ᠰᠡᠷᠭᠦᠭᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠡᠬᠡ ᠪᠠᠶᠢᠭᠠᠯᠢ ᠶᠢᠨ ᠨᠠᠮ ᠰᠡᠯᠡᠭᠦᠦ᠂ ᠡᠶ᠎ᠡ ᠵᠤᠬᠢᠴᠠᠩᠭᠤᠢ᠂ ᠦᠵᠡᠰᠭᠦᠯᠡᠩᠲᠦ ᠰᠠᠶᠢᠬᠠᠨ ᠪᠠᠶᠢᠳᠠᠯ ᠢ ᠰᠡᠷᠭᠦᠭᠡᠨ᠎ᠠ᠃      ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠤᠯ ᠴᠢᠬᠤᠯᠠ ᠶᠡᠭᠡ ᠤᠯᠤᠰ ᠲᠦᠷᠤ ᠶᠢᠨ ᠠᠰᠠᠭᠤᠳᠠᠯ᠂ ᠠᠵᠤ ᠠᠬᠤᠢ ᠶᠢᠨ ᠠᠰᠠᠭᠤᠳᠠᠯ ᠪᠤᠯᠬᠤ ᠪᠦᠬᠡᠳ ᠪᠠᠰᠠ ᠴᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ᠂ ᠨᠡᠶᠢᠭᠡᠮ ᠤᠨ ᠠᠰᠠᠭᠤᠳᠠᠯ ᠪᠤᠯᠬᠤ ᠶᠤᠮ᠃ ᠪᠢᠳᠠ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠨ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠬᠦᠭᠡ ᠤᠬᠳᠠᠷᠭᠤᠢ ᠴᠡᠩᠬᠡᠭ ᠤᠰᠤ ᠴᠡᠪᠡᠷ ᠬᠦᠷᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠯᠠᠪᠳᠠᠭᠤᠨ ᠪᠠᠳᠤᠳᠠᠢ ᠠᠬᠢᠭᠤᠯᠵᠤ᠂ ᠬᠦᠯᠤᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠢ ᠶᠡᠷᠦᠩᠬᠡᠶᠢᠯᠡᠨ ᠵᠠᠰᠠᠬᠤ ᠠᠵᠢᠯ ᠢ ᠳᠤᠪᠤᠶᠢᠮ᠎ᠠ  ᠰᠠᠶᠢᠲᠤᠷ  ᠠᠳᠬᠤᠨ᠂ ᠬᠦᠳᠡᠭᠡ ᠲᠤᠰᠬᠤᠨ ᠮᠠᠯᠵᠢᠬᠤ ᠤᠷᠤᠨ᠂ ᠰᠢᠭᠤᠶᠢᠲᠤ ᠤᠷᠤᠨ᠂ ᠠᠳᠠᠷ  ᠬᠠᠭᠠᠯᠪᠤᠷᠢᠯᠠᠯᠳᠠ  ᠶᠢᠨ  ᠤᠷᠤᠨ᠂ ᠠᠭᠤᠷᠬᠠᠢ ᠶᠢᠨ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠬᠦᠴᠦᠯᠡᠴᠡ ᠪᠠᠨ ᠴᠢᠩᠭᠠᠳᠬᠠᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠤᠷᠢᠯᠠᠵᠤ᠂ ᠦᠨᠳᠤᠰᠤᠳᠠᠨ ᠨᠦᠭᠦᠳ ᠤᠨ ᠠᠷᠠᠳ ᠲᠦᠮᠡᠨ ᠤ ᠪᠤᠬᠢᠷᠳᠤᠯ ᠦᠬᠡᠢ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠬᠦᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号