ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2019/4/1
     3 ᠳ᠋ᠤᠭᠠᠷ ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠦᠦ ᠵᠧᠨ ᠢᠦᠢ ᠭᠤᠣᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠵᠢᠶᠠ ᠯᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠳᠠᠷᠤᠭ᠎ᠠ ᠪᠣᠥ ᠵᠢᠶᠠᠨ ᠵᠦᠩ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠹᠧᠩ ᠶᠧ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠷᠦᠢ ᠹᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠬᠢᠯᠡᠪᠡ᠃      ᠬᠤᠷᠠᠯ ᠠᠴᠠ ᠤᠢᠢᠯᠠᠭᠠᠬᠰᠠᠨ ᠢᠶᠠᠷ᠂ 2018 ᠣᠨ ᠳᠤ ᠮᠠᠨ ᠤ ᠤᠷᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠ ᠨᠢᠭᠡᠲᠦᠯᠳᠡᠢ ᠲᠦᠯᠦᠪᠵᠢᠭᠦᠯᠦᠨ ᠠᠬᠢᠭᠤᠯᠬᠤ ᠶᠢ ᠪᠦᠭᠦ ᠲᠠᠯ᠎ᠠ ᠪᠠᠷ ᠴᠢᠩᠭᠠᠳᠬᠠᠵᠦ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠦ᠂ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠰᠢᠨ᠎ᠠ ᠠᠬᠢᠴᠠ ᠲᠠᠢ ᠪᠤᠯᠪᠠ᠃      2018 ᠤᠨ ᠳᠤ᠂ ᠦᠪᠡᠷᠳᠡᠭᠡᠨ ᠵᠠᠰᠠᠬᠤ ᠤᠷᠤᠨ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠭᠦ ᠶᠠᠪᠤᠴᠡ ᠳᠤ ᠨᠡᠶᠢᠳᠡᠮ ᠤᠷᠤᠰᠢᠵᠦ ᠪᠠᠶᠢᠬᠤ ᠬᠤᠭᠤᠴᠠᠭ᠎ᠠ ᠨᠢ ᠤᠷᠳᠤ᠂ ᠭᠤᠬᠴᠤᠭ᠎ᠠ ᠨᠢ ᠣᠯᠠᠨ᠂ ᠮᠠᠲ᠋ᠧᠷᠢᠶᠠᠯ ᠣᠯᠠᠨ᠂ ᠰᠦᠢᠳᠭᠡᠯ ᠣᠯᠠᠨ᠂ ᠲᠦᠷᠢᠮ ᠣᠯᠠᠨ ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ︽ᠵᠠᠰᠠᠬ ᠵᠠᠭᠢᠷᠭᠠᠨ ᠤ ᠬᠢᠨᠠᠨ ᠵᠦᠪᠰᠢᠶᠡᠷᠡᠭᠦ ᠲᠦᠷᠢᠮ ᠤᠨ ᠦᠭᠡᠷᠡᠴᠢᠯᠡᠯᠳᠡ ᠶᠢᠨ ᠨᠠᠷᠢᠨ ᠲᠠᠩᠰᠠ ᠶᠢ ᠨᠠᠶᠢᠷᠠᠭᠤᠯᠬᠤ ᠵᠢᠷᠣᠮᠵᠢᠯ︾ ᠵᠡᠷᠭᠡ 4 ᠤᠷᠤᠨ ᠨᠤᠳᠤᠬ ᠤᠨ ᠪᠠᠷᠢᠮᠵᠢᠶ᠎ᠠ ᠳᠣᠭᠳᠠᠭᠠᠵᠣ᠂ ᠵᠠᠰᠠᠬ ᠵᠠᠭᠢᠷᠭᠠᠨ ᠤ ᠡᠷᠭᠡ ᠶᠢᠨ ᠵᠦᠢᠯᠡᠰ ᠢ ᠪᠠᠷᠢᠮᠵᠢᠶᠠᠵᠢᠭᠤᠯᠬᠤ ᠶᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠵᠢᠭᠦᠯᠵᠦ᠂ ᠡᠯ᠎ᠠ ᠬᠦᠷᠢᠶᠡᠨ ᠤ ᠬᠢᠨᠠᠨ ᠵᠦᠪᠰᠢᠶᠡᠷᠡᠭᠦ ᠡᠮᠬᠢ ᠳᠠᠷᠠᠭᠠᠯᠠᠯ ᠢ ᠦᠷᠭᠦᠯᠵᠢᠯᠠᠨ ᠲᠦᠭᠦᠮᠴᠢᠯᠡᠵᠦ ᠰᠢᠯᠢᠳᠡᠭᠵᠢᠭᠦᠯᠪᠡ᠃      2018 ᠣᠨ ᠳᠤ᠂ ᠶᠠᠰᠣ ᠴᠢᠨᠠᠷ ᠢᠶᠠᠷ ᠦᠨᠳᠦᠰᠦ ᠪᠣᠯᠭᠠᠵᠣ᠂ ᠵᠠᠰᠠᠭ ᠤᠨ ᠣᠷᠳᠣᠨ ᠤ ᠬᠠᠣᠯᠢ ᠳᠣᠭᠳᠠᠭᠠᠬᠤ ᠪᠠ ᠵᠢᠷᠣᠮᠵᠢᠯ ᠤᠨ ᠴᠢᠨᠠᠷ ᠲᠠᠢ ᠪᠢᠴᠢᠭ ᠮᠠᠲ᠋ᠧᠷᠢᠶᠠᠯ ᠤᠨ ᠬᠠᠮᠢᠶᠠᠷᠣᠯᠳᠠ ᠶᠢ ᠯᠠᠪᠳᠠᠭᠤᠨ ᠢᠶᠠᠷ ᠠᠬᠢᠭᠤᠯᠪᠠ᠃ ᠪᠦᠭᠦ ᠵᠢᠯ ᠳᠤ13 ᠬᠠᠤᠯᠢ ᠲᠤᠬᠳᠠᠭᠠᠵᠦ᠂ 26 ᠬᠠᠤᠯᠢ ᠲᠣᠭᠳᠠᠭᠠᠯ᠂ ᠲᠦᠷᠢᠮ ᠲᠤᠬᠳᠠᠭᠠᠯ ᠳᠤ ᠵᠠᠰᠠᠪᠤᠷᠢ ᠤᠷᠤᠭᠤᠯᠵᠦ᠂ 10 ᠬᠠᠤᠯᠢ ᠳᠣᠭᠳᠠᠭᠠᠯ᠂ ᠲᠦᠷᠢᠮ ᠲᠤᠬᠳᠠᠭᠠᠯ ᠢ ᠬᠦᠴᠦᠨ ᠦᠭᠡᠢ ᠪᠤᠯᠭᠠᠵᠦ᠂ ︽ᠦᠪᠤᠷ ᠮᠤᠩᠭᠤᠯ ᠤᠨ ᠨᠠᠰᠤᠳᠠᠶᠢᠴᠤᠳ ᠤᠨ ᠡᠷᠭᠡ ᠠᠰᠢᠭ ᠢ ᠪᠠᠳᠤᠯᠠᠬᠤ ᠲᠦᠷᠢᠮ︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠠᠷᠭ᠎ᠠ︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠶᠢᠯᠢ ᠶᠢᠨ ᠤᠷᠤᠯᠭ᠎ᠠ ᠶᠢ ᠪᠠᠳᠤᠯᠠᠬᠤ ᠠᠷᠭ᠎ᠠ︾ ᠵᠡᠷᠭᠡ ᠨᠢ ︽2018 ᠤᠨ ᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠶᠡᠭᠡ ᠬᠠᠤᠯᠢᠵᠢᠯ ᠤᠨ ᠬᠡᠷᠡᠭ ᠶᠠᠪᠤᠳᠠᠯ︾᠎ ᠢᠶᠠᠷ ᠰᠤᠩᠭᠤᠬᠳᠠᠵᠦ᠂ ᠨᠡᠶᠢᠭᠡᠮ ᠤᠨ ᠡᠯ᠎ᠠ ᠡᠳᠡᠭᠡᠳ  ᠤᠨ ᠬᠢᠨ ᠤ ᠦᠨᠳᠦᠷ ᠦᠨᠡᠯᠡᠯᠳᠡ ᠶᠢ ᠤᠯᠪᠠ᠃ ᠡᠭᠦᠨ ᠠᠴᠠ ᠭᠠᠳᠠᠨ᠎ᠠ᠂ ᠵᠢᠷᠣᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠦ᠂ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ ᠶᠢ ᠴᠢᠬᠤᠯᠠ ᠶᠡᠭᠡ ᠵᠠᠰᠠᠬ ᠵᠠᠬᠢᠷᠭᠠᠨ ᠤ ᠰᠢᠢᠳᠪᠤᠷᠢᠳᠤ ᠪᠤᠳᠤᠯᠭ᠎ᠠ ᠶᠢᠨ ᠰᠡᠷᠭᠡᠶᠢᠯᠡᠯᠳᠡ ᠶᠢᠨ ᠱᠤᠭᠤᠮ ᠪᠤᠯᠭᠠᠵᠦ᠂ ᠵᠠᠰᠠᠬ ᠤᠨ ᠤᠷᠳᠤᠨ ᠤ ᠰᠢᠢᠳᠪᠤᠷᠢᠳᠤ ᠪᠤᠳᠤᠯᠭ᠎ᠠ ᠶᠢᠨ ᠬᠠᠤᠯᠢ ᠳᠤ ᠨᠡᠶᠢᠴᠡᠵᠦ ᠬᠦᠴᠦᠨ ᠲᠠᠢ ᠪᠠᠶᠢᠬᠤ ᠶᠢ ᠡᠭᠢ ᠦᠨᠳᠦᠰᠦ ᠠᠴᠠ ᠨᠢ ᠪᠠᠳᠤᠯᠠᠪᠠ᠃      2018 ᠤᠨ ᠳᠤ᠂ ᠠᠷᠠᠳ ᠤᠨ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠰᠠᠨᠠᠯ ᠲᠤᠷᠠᠳᠤᠯᠭ᠎ᠠ ᠶᠢ ᠢᠳᠡᠪᠭᠢᠳᠡᠢ ᠬᠦᠯᠢᠶᠠᠨ ᠠᠪᠴᠤ ᠰᠢᠢᠳᠪᠤᠷᠢᠯᠡᠵᠦ᠂ ᠰᠢᠢᠳᠪᠤᠷᠢᠯᠡᠵᠦ ᠬᠠᠷᠢᠭᠤᠯᠳᠠ ᠦᠭᠭᠦᠭᠰᠡᠨ ᠨᠤᠷᠮ᠎ᠠ 100%᠎ ᠳᠤ ᠬᠦᠷᠴᠠᠢ᠃ ᠵᠠᠬᠢᠳᠠᠯ ᠰᠤᠷᠪᠤᠯᠵᠢᠯᠠᠯ ᠤᠨ ᠭᠤᠣᠯᠳᠠᠯᠭ᠎ᠠ ᠲᠠᠢ ᠠᠰᠠᠭᠤᠳᠠᠯ ᠢ ᠰᠢᠢᠳᠪᠦᠷᠢᠯᠡᠬᠦ ᠪᠠ ᠨᠡᠶᠢᠭᠡᠮ ᠤᠨ ᠵᠦᠷᠢᠴᠡᠯ ᠵᠢᠭᠤᠷᠠᠭᠠᠨ ᠢ ᠪᠠᠶᠢᠴᠠᠭᠠᠨ ᠨᠠᠮᠳᠠᠭᠤᠯᠬᠤ ᠵᠡᠷᠭᠡ ᠳᠣᠰᠬᠠᠢ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠪᠦᠬᠦ ᠣᠷᠣᠨ ᠢᠶᠠᠷ ᠢᠶᠠᠨ 3880 ᠭᠠᠷᠣᠢ ᠵᠦᠷᠢᠴᠡᠯ ᠵᠢᠭᠤᠷᠠᠭᠠᠨ ᠤ ᠬᠡᠷᠡᠭ ᠢ ᠨᠠᠮᠳᠠᠭᠤᠯᠵᠣ᠂4000 ᠭᠠᠷᠣᠢ ᠬᠡᠷᠡᠭ ᠢ ᠰᠢᠢᠳᠪᠦᠷᠢᠯᠡᠨ ᠳᠠᠭᠤᠰᠬᠠᠵᠠᠢ᠃ ᠪᠦᠭᠦ ᠤᠷᠤᠨ ᠤ ᠭᠤᠷᠪᠠᠨ ᠱᠠᠳᠤᠨ ᠤ ᠵᠠᠬᠢᠳᠠᠯ  ᠰᠤᠷᠪᠤᠯᠵᠢᠯᠠᠯ ᠤᠨ ᠶᠡᠷᠦᠩᠭᠡᠢ ᠬᠡᠮᠵᠢᠶ᠎ᠠ 31987 ︵ᠪᠦᠯᠦᠭ︶ ᠤᠳᠠᠭ᠎ᠠ᠂ 67706 ︵ᠬᠦᠮᠦᠨ︶ ᠤᠳᠠᠭ᠎ᠠ ᠳᠤ ᠬᠦᠷᠴᠤ᠂ ᠪᠦᠭᠦ ᠤᠷᠤᠨ ᠤ ᠵᠠᠬᠢᠳᠠᠯ ᠰᠤᠷᠪᠤᠯᠵᠢᠯᠠᠯ ᠤᠨ ᠪᠠᠶᠢᠳᠠᠯ ᠶᠡᠷᠦᠩᠭᠡᠢ ᠳᠤ ᠪᠠᠨ ᠲᠤᠬᠳᠠᠭᠤᠨ᠂ ᠲᠤᠬᠳᠠᠭᠤᠨ ᠤ ᠲᠤᠮᠳᠠ ᠰᠠᠶᠢᠵᠢᠷᠠᠬᠤ ᠪᠠᠶᠢᠳᠠᠯ ᠢᠯᠡᠷᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号