ᠥᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ 736 ᠬᠤᠪᠢ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠭᠦᠯᠬᠦ ᠪᠠᠷ ᠲᠤᠰᠢᠶᠠᠨ ᠥᠭᠪᠡ
ᠨᠡᠶᠢᠲᠡᠯᠡᠭᠰᠡᠨ ᠴᠠᠭ᠄
2019/4/1
     3 ᠳ᠋ᠤᠭᠠᠷ ᠰᠠᠷ᠎ᠠ ᠶᠢᠨ 29᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠶᠢ ᠲᠤᠰᠢᠶᠠᠨ ᠰᠢᠢᠳᠪᠤᠷᠢᠯᠡᠭᠦᠯᠭᠦ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯ ᠤᠨ ᠬᠤᠭᠤᠴᠠᠭᠠᠨ ᠳᠤ ᠲᠦᠯᠦᠭᠡᠯᠡᠭᠴᠢᠳ ᠤᠨ ᠲᠤᠷᠠᠳᠤᠬᠰᠠᠨ 736 ᠬᠤᠪᠢ ᠰᠠᠨᠠᠯ ᠰᠠᠨᠠᠭᠤᠯᠭ᠎ᠠ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠬᠰᠠᠨ 59 ᠭᠤᠤᠯᠳᠠᠯᠭ᠎ᠠ ᠲᠠᠢ ᠰᠢᠮᠳᠠᠭᠤᠯᠤᠨ ᠰᠢᠢᠳᠪᠤᠷᠢᠯᠡᠭᠦᠯᠭᠦ ᠰᠠᠨᠠᠯ ᠰᠠᠨᠠᠭᠤᠯᠭ᠎ᠠ ᠶᠢ ᠨᠢᠭᠡᠲᠦᠯᠳᠡᠢ ᠲᠤᠰᠢᠶᠠᠨ ᠰᠢᠢᠳᠪᠤᠷᠢᠯᠡᠭᠦᠯᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠣᠷᠣᠨ ᠤ ᠪᠠᠶᠢᠡᠭᠭᠤ ᠶᠢᠨ ᠲᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ᠂ ᠦᠪᠡᠷᠳᠡᠭᠡᠨ ᠵᠠᠰᠠᠬᠤ ᠤᠷᠤᠨ ᠤ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠯᠢᠶᠠᠨ ᠰᠤ᠋ ᠬᠤᠷᠠᠯ ᠢ ᠡᠷᠬᠢᠯᠠᠵᠠᠢ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠬᠤᠭᠤᠴᠠᠭᠠᠨ ᠳᠤ᠂ ᠲᠦᠯᠦᠭᠡᠯᠡᠭᠴᠢᠳ 736 ᠬᠤᠪᠢ ᠰᠠᠨᠠᠯ ᠰᠠᠨᠠᠭᠤᠯᠭ᠎ᠠ᠂ ᠰᠢᠭᠦᠮᠵᠢᠯᠠᠯ ᠪᠠ ᠰᠠᠨᠠᠯ ᠲᠤᠰᠢᠶᠠᠵᠦ᠂ ᠭᠤᠷᠪᠠᠨ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠭᠦ᠂ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠵᠡᠷᠭᠡ ᠲᠠᠯ᠎ᠠ ᠳᠤ ᠠᠩᠬᠠᠷᠤᠯ ᠢᠶᠠᠨ ᠭᠤᠤᠯᠳᠠᠯᠭ᠎ᠠ ᠲᠠᠢ ᠲᠦᠪᠯᠡᠷᠡᠭᠦᠯᠵᠠᠢ᠃ ᠰᠠᠨᠠᠯ ᠰᠠᠨᠠᠭᠤᠯᠭ᠎ᠠ ᠶᠢᠨ ᠠᠭᠤᠯᠭ᠎ᠠ ᠪᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠵᠦ᠂ 736 ᠬᠤᠪᠢ ᠰᠠᠨᠠᠯ ᠰᠠᠨᠠᠭᠤᠯᠭ᠎ᠠ ᠶᠢ 97 ᠨᠢᠭᠡᠴᠢ ᠳᠤ ᠲᠤᠰ ᠪᠦᠷᠢ ᠲᠤᠰᠢᠶᠠᠨ ᠦᠭᠴᠦ ᠰᠢᠢᠳᠪᠤᠷᠢᠯᠡᠭᠦᠯᠪᠡ᠃      ᠬᠤᠷᠠᠯ ᠡᠴᠠ‌‍ᠴᠢᠬᠤᠯᠠᠴᠢᠯᠠᠭᠰᠠᠨ ᠨᠢ᠂ ᠡᠯ᠎ᠠ ᠰᠠᠯᠠᠭ᠎ᠠ ᠮᠦᠴᠢᠷ᠂ ᠡᠯ᠎ᠠ ᠨᠢᠭᠡᠴᠢ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠦ᠂ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠠᠶᠢᠳᠤᠷ ᠰᠢᠢᠳᠪᠤᠷᠢᠯᠡᠭᠦ ᠠᠵᠢᠯ ᠎ ᠤᠨ ᠬᠠᠷᠢᠭᠤᠴᠠᠯᠭᠠᠳᠤ ᠰᠡᠳᠭᠢᠯᠭᠡ ᠪᠠᠨ ᠴᠢᠩᠭᠠᠳᠬᠠᠵᠦ᠂ ᠰᠢᠢᠳᠪᠤᠷᠢᠯᠡᠭᠦ ᠴᠢᠨᠠᠷ ᠴᠢᠨᠰᠠᠭ᠎ᠠ ᠪᠠ ᠦᠷ᠎ᠠ ᠪᠦᠲᠦᠮᠵᠢ ᠶᠢ ᠴᠢᠷᠮᠠᠶᠢᠨ ᠲᠡᠭᠡᠭᠰᠢᠯᠡᠭᠦᠯᠭᠦ ᠬᠡᠷᠡᠭᠳᠡᠢ᠃ ᠤᠳᠤᠷᠢᠳᠤᠯᠭ᠎ᠠ ᠪᠠᠨ ᠴᠢᠩᠭᠠᠳᠬᠠᠵᠦ᠂ ᠰᠠᠨᠠᠯ ᠰᠠᠨᠠᠭᠤᠯᠭ᠎ᠠ ᠶᠢ ᠰᠢᠢᠳᠪᠤᠷᠢᠯᠡᠭᠦ ᠠᠵᠢᠯ ᠤᠨ ᠲᠦᠷᠢᠮ ᠪᠠ ᠵᠤᠬᠢᠶᠠᠨ ᠪᠠᠶᠢᠭᠤᠯᠤᠯᠳᠠ ᠶᠢᠨ ᠰᠠᠭᠤᠷᠢ ᠶᠢ ᠪᠠᠭᠢᠯᠡᠵᠦ᠂ ᠰᠢᠢᠳᠪᠤᠷᠢᠯᠡᠭᠦ ᠠᠵᠢᠯ ᠤᠨ ᠲᠤᠳᠠᠭᠤᠳᠠᠯ ᠢᠶᠠᠨ ᠨᠦᠭᠦᠪᠦᠷᠢᠯᠡᠭᠦ ᠬᠡᠷᠡᠭᠳᠡᠢ᠃  ᠰᠢᠮᠳᠠᠭᠤᠯᠤᠨ ᠰᠢᠢᠳᠪᠤᠷᠢᠯᠡᠭᠦᠯᠭᠦ ᠡᠷᠴᠢᠮ ᠢᠶᠠᠨ ᠴᠢᠩᠭᠠᠷᠠᠭᠤᠯᠵᠣ᠂ ᠰᠢᠮᠳᠠᠭᠤᠯᠤᠨ ᠰᠢᠢᠳᠪᠤᠷᠢᠯᠡᠭᠦ ᠠᠷᠭ᠎ᠠ ᠬᠡᠮᠵᠢᠶ᠎ᠡ ᠪᠠᠨ ᠰᠠᠶᠢᠵᠢᠷᠠᠭᠤᠯᠵᠦ᠂ ᠨᠡᠩ ᠶᠡᠭᠡ ᠴᠢᠷᠮᠠᠶᠢᠯᠭ᠎ᠠ ᠭᠠᠷᠭᠠᠵᠦ᠂ ᠬᠠᠷᠢᠯᠴᠠᠭ᠎ᠠ ᠬᠤᠯᠪᠤᠭ᠎ᠠ ᠪᠠᠨ ᠴᠢᠩᠳᠠᠯᠠᠵᠦ᠂ ᠠᠷᠠᠳ ᠲᠦᠮᠡᠨ ᠳᠤ ᠲᠡᠭᠡᠳᠤ ᠬᠡᠮᠵᠢᠶ᠎ᠠ ᠪᠠᠷ ᠬᠠᠷᠢᠭᠤᠴᠠᠬᠤ ᠵᠤᠷᠢᠭ ᠰᠠᠨᠠᠭ᠎ᠠ ᠪᠠᠷ ᠰᠠᠨᠠᠯ ᠰᠠᠨᠠᠭᠤᠯᠭ᠎ᠠ ᠪᠦᠷᠢ ᠶᠢ ᠰᠠᠶᠢᠳᠤᠷ ᠰᠢᠢᠳᠪᠤᠷᠢᠯᠡᠭᠦ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号