ᠯᠢ ᠵᠢᠢ ᠾᠧᠩ᠄ ᠲᠦᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2019/4/1
     ᠯᠢ ᠵᠢᠢ ᠾᠧᠩ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠳᠦᠷᠦᠯ ᠤᠨ ᠲᠣᠭᠤᠷᠢᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠨᠠᠮ ᠎ ᠤᠨ ᠬᠤᠷᠢᠶᠠᠨ ᠤ ᠱᠦᠵᠢ ᠶᠢᠨ ᠲᠤᠰᠢᠶᠠᠯ ᠤᠨ ᠮᠡᠳᠡᠭᠦᠯᠦᠯᠲᠡ ᠬᠢᠵᠦ ᠰᠠᠨᠠᠯ ᠰᠣᠯᠢᠯᠴᠠᠬᠤ ᠬᠠᠷᠠᠭᠠᠨ ᠳᠠᠪᠲᠠᠮᠵᠢᠲᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ      ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ︽ᠬᠤᠶᠠᠷ ᠬᠤᠷᠠᠯ︾᠎ ᠤᠨ ᠬᠤᠭᠤᠴᠠᠭᠠᠨ ᠳᠠᠬᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠲᠦᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠭᠡᠵᠡᠢ      ᠪᠦ᠋ ᠰᠢᠶᠤᠤ ᠯᠢᠨ ᠬᠤᠷᠠᠯ ᠡᠷᠬᠢᠯᠡᠵᠤ ᠯᠢ ᠰᠢᠦ ᠯᠢᠩ ᠤᠷᠤᠯᠴᠠᠪᠠ
     3 ᠳ᠋ᠤᠭᠠᠷ ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠳᠦᠷᠦᠯ ᠤᠨ ᠲᠣᠭᠤᠷᠢᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠨᠠᠮ ᠎ ᠤᠨ ᠬᠤᠷᠢᠶᠠᠨ ᠤ ᠱᠦᠵᠢ ᠶᠢᠨ ᠲᠤᠰᠢᠶᠠᠯ ᠤᠨ ᠮᠡᠳᠡᠭᠦᠯᠦᠯᠲᠡ ᠬᠢᠵᠦ ᠰᠠᠨᠠᠯ ᠰᠤᠯᠢᠯᠴᠠᠬᠤ ᠬᠠᠷᠠᠭᠠᠨ ᠳᠠᠪᠲᠠᠮᠵᠢᠲᠤ ᠬᠤᠷᠠᠯ ᠬᠦᠬᠡᠬᠤᠲᠠ ᠳᠤ ᠬᠤᠷᠠᠯᠳᠤᠪᠠ᠃      3 ᠳ᠋ᠤᠭᠠᠷ ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠳᠦᠷᠦᠯ ᠤᠨ ᠲᠣᠭᠤᠷᠢᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠨᠠᠮ ᠎ ᠤᠨ ᠬᠤᠷᠢᠶᠠᠨ ᠤ ᠱᠦᠵᠢ ᠶᠢᠨ ᠲᠤᠰᠢᠶᠠᠯ ᠤᠨ ᠮᠡᠳᠡᠭᠦᠯᠦᠯᠲᠡ ᠬᠢᠵᠦ ᠰᠠᠨᠠᠯ ᠰᠣᠯᠢᠯᠴᠠᠬᠤ ᠬᠠᠷᠠᠭᠠᠨ ᠳᠠᠪᠲᠠᠮᠵᠢᠲᠤ ᠬᠤᠷᠠᠯ ᠬᠦᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ︽ᠬᠤᠶᠠᠷ ᠬᠤᠷᠠᠯ︾᠎ ᠤᠨ ᠬᠤᠭᠤᠴᠠᠭᠠᠨ ᠳᠠᠬᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠵᠠᠩᠭᠢᠯᠠᠭ᠎ᠠ ᠶᠢᠨ ᠨᠢᠭᠡ ᠵᠢᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠨᠡᠩ ᠰᠠᠶᠢᠲᠤᠷ ᠬᠢᠬᠦ ᠬᠡᠷᠡᠭᠲᠡᠶ ᠬᠡᠵᠥ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠦ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠬᠤᠷᠠᠯ ᠠᠴᠠ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠣᠭᠤᠷᠢᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠵᠠᠷᠯᠠᠪᠠ᠃ ᠤᠯᠠᠭᠠᠨᠬᠠᠳᠠ ᠬᠤᠳᠠ᠂ ᠬᠢᠩᠭᠠᠨ ᠠᠶᠢᠮᠠᠭ᠂ ᠤᠯᠠᠭᠠᠨᠴᠠᠪ ᠬᠤᠳᠠ ᠪᠠ ᠨᠠᠢᠮᠠᠨ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠰᠢᠯᠤᠭᠤᠨ ᠬᠦᠬᠡ ᠬᠤᠰᠢᠭᠤ᠂ ᠬᠠᠩᠭᠢᠨ ᠬᠤᠰᠢᠭᠤᠨ ᠤ ᠬᠠᠷᠢᠭᠤᠴᠠᠯᠭᠠᠲᠠᠨ ᠨᠥᠬᠦᠷ ᠦᠭᠡ ᠬᠡᠯᠡᠪᠡ᠃ ᠯᠢ ᠵᠢᠢ ᠾᠧᠩ 3 ᠠᠶᠢᠮᠠᠭ ᠬᠤᠳᠠ ᠪᠤᠯᠤᠨ 4 ᠬᠤᠰᠢᠭᠤ ᠰᠢᠶᠠᠨ ᠤ ᠠᠵᠢᠯ ᠢ ᠨᠢᠭᠡ ᠨᠢᠭᠡ ᠪᠠᠷ ᠦᠨᠡᠯᠡᠵᠡᠢ᠃      ᠯᠢ ᠵᠢᠢ ᠾᠧᠩ ᠵᠢᠭᠠᠭᠰᠠᠨ ᠨᠢ᠂ ᠡᠨᠡ ᠵᠢᠯ ᠤᠨ ᠪᠦᠬᠦ ᠤᠯᠤᠰ ᠤᠨ ︽ᠬᠤᠶᠠᠷ ᠬᠤᠷᠠᠯ︾᠎ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠤᠷᠤᠯᠴᠠᠬᠤ ᠳᠤ ᠪᠠᠨ᠂ ︽ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠠᠩᠬᠠᠷᠤᠯ ᠢᠶᠠᠨ ᠳᠦᠪᠯᠡᠷᠡᠬᠦᠯᠵᠥ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠬᠦᠯᠵᠢᠯᠡᠨ ᠰᠠᠶᠢᠲᠤᠷ ᠬᠢᠬᠦ ᠬᠡᠷᠡᠭᠳᠡᠢ︾ ᠬᠡᠵᠥ ᠪᠢᠳᠡᠨ ᠳᠤ ᠱᠠᠭᠠᠷᠳᠠᠵᠥ᠂ ᠭᠠᠨᠰᠦ᠂ ᠡᠾᠧᠨᠠᠨ᠂ ᠹᠦᠵᠢᠶᠠᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠳᠤ ᠪᠠᠨ ᠪᠦᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠴᠢᠬᠤᠯᠠ ᠵᠢᠭᠠᠪᠤᠷᠢ ᠥᠭᠴᠦ᠂ ᠢᠯᠠᠩᠭᠤᠶ᠎ᠠ ᠭᠠᠨᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠪᠠᠨ ᠲᠤᠰᠬᠠᠶᠢᠯᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠤᠬᠠᠢ ᠭᠦᠨᠵᠡᠭᠡᠶ ᠥᠭᠦᠯᠡᠯᠳᠡ ᠬᠢᠵᠥ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠥ ᠢᠯᠠᠯᠳᠠ ᠤᠯᠬᠤ ᠳᠤ ᠤᠷᠤᠭᠰᠢᠯᠠᠬᠤ ᠴᠢᠭᠯᠡᠯ ᠢ ᠤᠯᠠᠮ ᠳᠤᠳᠤᠷᠬᠠᠢ ᠵᠢᠭᠠᠵᠤ ᠥᠭᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠮᠤᠭ ᠤᠨ ᠰᠢᠨ᠎ᠡ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠰᠠᠶᠢᠲᠤᠷ ᠬᠡᠷᠡᠭᠯᠡᠵᠦ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠳᠤᠯᠠᠬᠤ︾ ᠪᠠᠷᠢᠮᠵᠢᠶ᠎ᠠ ᠶᠢ ᠪᠠᠷᠢᠮᠲᠠᠯᠠᠵᠤ᠂ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠠᠩᠬᠠᠷᠤᠯ ᠢᠶᠠᠨ ᠳᠦᠪᠯᠡᠷᠡᠬᠦᠯᠵᠥ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠤᠳᠤᠯᠭ᠎ᠠ ᠶᠢ ᠰᠠᠶᠢᠲᠤᠷ ᠳᠤᠭᠤᠰᠢᠯᠠᠭᠤᠯᠵᠥ᠂ ᠭᠠᠪᠰᠢᠭᠠᠶᠢᠯᠠᠨ ᠲᠡᠮᠡᠴᠡᠵᠤ᠂ ᠦᠨᠡᠨ ᠬᠦ ᠠᠳᠬᠤᠨ ᠪᠤᠳᠠᠳᠠᠢ ᠠᠵᠢᠯᠯᠠᠵᠥ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠲᠣᠭᠲᠠᠭᠰᠠᠨ ᠴᠠᠭ ᠲᠤ ᠪᠠᠨ ᠴᠢᠨᠠᠷ ᠰᠠᠶᠢᠲᠠᠢ ᠪᠡᠶᠡᠯᠡᠬᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠡᠭᠦᠷᠭᠡ ᠶᠢᠨ ᠨᠠᠷᠢᠨ ᠳᠠᠩᠰᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠎ ᠶᠢ  ᠨᠢᠬᠳᠠ  ᠠᠩᠬᠠᠷᠴᠤ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠴᠢᠩᠭ᠎ᠠ ᠬᠦᠴᠦᠲᠡᠶ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦᠨ ᠢᠶᠠᠷ ᠢᠶᠠᠨ ᠪᠤᠳᠠᠳᠠᠢ ᠳᠤ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠦᠷ᠎ᠡ ᠪᠦᠲᠦᠮᠵᠢ ᠤᠯᠬᠤ ᠶᠢ ᠦᠨᠡᠨ ᠬᠦ ᠪᠠᠳᠤᠯᠠᠬᠤ ᠬᠡᠷᠡᠭᠲᠡᠶ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠮᠢ ᠠᠬᠤᠢ ᠪᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠵᠡᠷᠭᠡ ᠠᠵᠢᠯ ᠢ ᠦᠨᠡᠨ ᠬᠦ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠲᠥᠪ ᠤᠨ ᠨᠢᠭᠡᠴᠢ ᠪᠣᠯᠤᠨ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠴᠡᠭ ᠲᠤᠬᠳᠠᠭᠠᠵᠤ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠳᠡᠳᠬᠦᠬᠦ︾ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠶᠡᠭᠡ ᠬᠦᠴᠦᠨ ᠢᠶᠠᠷ ᠠᠬᠢᠭᠤᠯᠵᠥ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠦᠴᠦᠷᠬᠡᠭ ᠶᠡᠭᠡ ᠬᠠᠮᠳᠤᠷᠠᠯ ᠬᠦᠴᠦᠨ ᠢ ᠤᠯᠠᠮ ᠴᠢᠨᠠᠬᠰᠢᠳᠠ ᠨᠢᠭᠲᠠᠷᠠᠭᠤᠯᠬᠤ ᠬᠡᠷᠡᠭᠳᠡᠢ ᠭᠡᠵᠡᠢ᠃      ᠪᠦ᠋ ᠰᠢᠶᠤᠤ ᠯᠢᠨ ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠦᠴᠢᠷ ᠤᠳ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠡᠬᠦᠷᠬᠡᠯᠡᠯ ᠢᠶᠠᠨ ᠴᠢᠩᠭᠠᠳᠬᠠᠵᠥ᠂ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠥᠪ ᠴᠢᠭᠯᠡᠯ ᠢ ᠡᠵᠡᠮᠳᠡᠵᠦ᠂ ᠬᠠᠷᠠᠯᠲᠠ ᠪᠠᠨ ᠬᠤᠪᠢᠷᠠᠭᠤᠯᠬᠤ ᠦᠭᠡᠢ᠂ ᠭᠤᠤᠯᠳᠠᠯᠭ᠎ᠠ ᠶᠢ ᠬᠤᠪᠢᠷᠠᠭᠤᠯᠬᠤ ᠥᠬᠡᠶ ᠪᠠᠶᠢᠬᠤ ᠶᠢ ᠪᠡᠶᠡᠯᠡᠬᠦᠯᠬᠦ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠡᠨᠡ ᠵᠢᠯ ᠪᠠ ᠢᠷᠡᠬᠦ ᠵᠢᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠ ᠡᠭᠦᠷᠭᠡ ᠲᠠᠢ ᠤᠶᠠᠯᠳᠤᠭᠤᠯᠤᠨ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠷᠭ᠎ᠠ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠮᠤᠬ ᠳᠡᠬᠦᠯᠳᠡᠷ ᠲᠡᠮᠡᠴᠡᠯ ᠤᠨ ᠵᠣᠷᠢᠭ ᠪᠤᠯᠤᠨ ᠬᠡᠬᠦᠳᠡᠭ ᠳᠦᠬᠦᠷᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨᠲᠠᠷᠠᠰᠢ ᠦᠭᠡᠢ ᠰᠠᠶᠢᠲᠤᠷ ᠠᠵᠢᠯᠯᠠᠵᠥ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠰᠢᠯᠢᠳᠡᠭ ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号