ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠤ 7 ᠰᠠᠩᠴᠢ ᠠᠵᠢᠯᠲᠠᠨ ᠢ ᠰᠢᠨ᠎ᠡ ᠪᠠᠷ ᠤᠷᠢᠪᠠ  ᠪᠦ᠋ ᠰᠢᠶᠤᠤ ᠯᠢᠨ ᠰᠢᠨ᠎ᠡ ᠪᠠᠷ ᠤᠷᠢᠬᠰᠠᠨ ᠰᠠᠩᠴᠢ ᠳᠤ ᠤᠷᠢᠵᠥ ᠳᠤᠮᠢᠯᠠᠬᠤ ᠦᠨᠡᠮᠯᠡᠯ ᠭᠠᠷᠳᠠᠭᠤᠯᠪᠠ
ᠨᠡᠶᠢᠲᠡᠯᠡᠭᠰᠡᠨ ᠴᠠᠭ᠄
2019/4/1
     3 ᠳ᠋ᠤᠭᠠᠷ ᠰᠠᠷ᠎ᠠ ᠶᠢᠨ 29᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠎ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠤ ᠠᠵᠢᠯᠲᠠᠨ ᠢ ᠤᠷᠢᠵᠥ ᠲᠣᠮᠢᠯᠠᠬᠤ ᠶᠣᠰᠣᠯᠠᠯ ᠬᠢᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤᠷᠢᠵᠥ ᠳᠤᠮᠢᠯᠬᠠᠤ ᠶᠤᠰᠤᠯᠠᠯ ᠳᠤ ᠤᠷᠤᠯᠴᠠᠬᠰᠠᠨ ᠪᠦᠬᠡᠳ ᠵᠢᠶᠤᠤ ᠰᠢᠤᠸᠠᠢ ᠳ᠋ᠠᠢ᠂ ᠯᠢᠶᠠᠨ ᠰᠢᠨ᠂ ᠵᠠᠩ ᠶᠢᠦ ᠡᠸ᠋ᠨ᠂ ᠵᠤᠤ ᠰᠢᠨ ᠮᠢᠨ᠂ ᠰᠢᠤᠢ ᠶᠢᠩ᠂ ᠠᠭᠤᠯᠠᠲᠠᠶ᠂ ᠪᠠᠢ ᠯᠠᠨ ᠵᠡᠷᠭᠡ 7 ᠰᠢᠨ᠎ᠡ ᠪᠠᠷ ᠤᠷᠢᠭᠳᠠᠭᠰᠠᠨ ᠰᠠᠩᠴᠢ ᠠᠵᠢᠯᠲᠠᠨ ᠳᠤ ᠤᠷᠢᠵᠥ ᠲᠣᠮᠢᠯᠠᠬᠤ ᠦᠨᠡᠮᠯᠡᠯ ᠭᠠᠷᠳᠠᠭᠤᠯᠪᠠ᠃      ᠨᠠᠰᠤᠲᠠᠳ ᠢ ᠬᠦᠨᠳᠦᠳᠬᠡᠨ ᠰᠤᠶᠤᠯ ᠢ ᠡᠷᠬᠢᠮᠯᠡᠵᠤ᠂ ᠨᠠᠮ ᠤᠨ ᠨᠢᠭᠡᠳᠦᠮᠡᠯ ᠹᠷᠣᠨᠲ ᠤᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠎ ᠤᠨ ᠬᠤᠷᠢᠶᠠᠨ ᠠᠴᠠ ᠰᠣᠶᠣᠯ ᠲᠡᠦᠬᠡ ᠰᠤᠳᠤᠯᠬᠤ ᠤᠷᠳᠤᠨ ᠳᠤ ᠤᠯᠭᠤᠬᠰᠠᠨ ᠲᠡᠦᠬᠡᠲᠦ ᠡᠭᠦᠷᠭᠡ ᠮᠥᠨ᠃ ᠤᠯᠠᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠰᠤᠳᠤᠯᠭᠠᠨ ᠤ ᠤᠷᠳᠤᠨ ᠪᠠ ᠪᠦᠬᠦ ᠰᠠᠩᠴᠢ ᠠᠵᠢᠯᠳᠠᠨ ᠡᠨᠡ ᠬᠦ ᠭᠤᠣᠯ ᠡᠭᠦᠷᠭᠡ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠠᠵᠢᠯᠯᠠᠵᠤ᠂ ᠲᠡᠦᠬᠡ ᠶᠢ ᠲᠡᠮᠳᠡᠭᠯᠡᠨ ᠦᠯᠡᠳᠡᠭᠡᠵᠤ ᠵᠠᠰᠠᠭ ᠲᠤ ᠳᠤᠰᠠᠯᠠᠬᠤ᠂ ᠰᠣᠶᠣᠯ ᠤᠨ ᠪᠠᠶᠢᠭᠤᠯᠤᠯᠲᠠ᠂ ᠨᠢᠭᠡᠳᠦᠮᠡᠯ ᠹᠷᠣᠨᠲ ᠤᠨ ᠨᠥᠬᠦᠷᠯᠡᠯ ᠵᠡᠷᠭᠡ ᠲᠠᠯ᠎ᠠ ᠪᠠᠷ ᠥᠪᠡᠷᠮᠢᠴᠡ ᠦᠢᠯᠡᠳᠦᠯ ᠢᠶᠠᠨ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠳᠡᠥᠬᠡ ᠰᠤᠶᠤᠯ ᠤᠨ ᠰᠤᠳᠤᠯᠭᠠᠨ ᠤ ᠤᠷᠳᠤᠨ ᠤ ᠰᠠᠩᠴᠢ ᠠᠵᠢᠯᠳᠠᠨ ᠤ ᠦᠨᠳᠦᠰᠦᠲᠡᠨ ᠤ ᠣᠮᠣᠭᠰᠢᠯᠳᠤ ᠰᠡᠳᠬᠢᠯᠬᠡ ᠪᠠ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠠᠷᠦᠩᠬᠡᠶᠢᠯᠡᠨ ᠵᠢᠯᠤᠭᠤᠳᠤᠭᠤᠯᠵᠤ᠂ ᠰᠣᠶᠣᠯ ᠲᠡᠦᠬᠡ ᠶᠢᠨ ᠰᠤᠳᠤᠯᠭᠠᠨ᠂ ᠤᠷᠠᠯᠢᠭ ᠤᠨ ᠪᠦᠳᠦᠬᠡᠯ ᠪᠤᠯᠤᠨ ᠨᠢᠬᠡᠳᠦᠮᠡᠯ ᠹᠷᠤᠨᠲ ᠎ ᠤᠨ ᠨᠦᠬᠦᠷᠯᠡᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠦᠪᠦᠷ ᠮᠤᠩᠭᠤᠯ ᠤᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠬᠤ ᠪᠠ ᠪᠠᠳᠠᠷᠠᠭᠤᠯᠤᠨ ᠰᠢᠨᠡᠴᠢᠯᠡᠬᠦ ᠳᠠᠯ᠎ᠠ ᠪᠠᠷ ᠰᠠᠨᠠᠯ ᠰᠠᠨᠠᠭᠤᠯᠭ᠎ᠠ ᠭᠠᠷᠭᠠᠨ᠂ ᠠᠷᠭ᠎ᠠ ᠪᠤᠳᠤᠯᠭ᠎ᠠ ᠳᠡᠪᠰᠢᠬᠦᠯᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠤᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠬᠤ ᠪᠤᠯᠳᠤᠭᠠᠢ ᠭᠡᠵᠤ ᠬᠦᠰᠡᠪᠡ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠦᠦ ᠵᠧᠨ ᠢᠦᠢ ᠤᠷᠢᠵᠥ ᠲᠣᠮᠢᠯᠠᠬᠤ ᠶᠣᠰᠣᠯᠠᠯ ᠢ ᠡᠷᠬᠢᠯᠡᠵᠥ᠂ ᠵᠤᠤ ᠰᠢᠨ ᠮᠢᠨ ᠰᠢᠨ᠎ᠡ ᠪᠠᠷ ᠤᠷᠢᠬᠳᠠᠬᠰᠠᠨ ᠰᠠᠩᠴᠢ ᠠᠵᠢᠯᠲᠠᠨ ᠢ ᠳᠦᠯᠦᠬᠡᠯᠡᠨ ᠦᠬᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ᠂ ᠰᠣᠶᠣᠯ ᠲᠡᠦᠬᠡ ᠶᠢᠨ ᠰᠤᠳᠤᠯᠭᠠᠨ ᠤ ᠤᠷᠳᠤᠨ ᠤ ᠬᠡᠰᠡᠭ ᠠᠬᠠᠮᠠᠳ ᠰᠠᠩᠴᠢ ᠠᠵᠢᠯᠲᠠᠨ ᠶᠣᠰᠣᠯᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号