ᠪᠥᠬᠦ ᠤᠷᠤᠨ ᠤ ᠲᠦᠷᠦ ᠶᠢᠨ ᠪᠤᠳᠤᠯᠭ᠎ᠠ ᠶᠢᠨ ᠴᠢᠨᠠᠷᠳᠠᠢ ᠠᠮᠤ ᠪᠤᠳᠠᠭᠠᠨ ᠤ ᠬᠦᠮᠦᠷᠭᠡᠯᠡᠯᠳᠡ ᠶᠢᠨ ᠲᠤᠭ᠎ᠠ ᠬᠡᠮᠵᠢᠶ᠎ᠠ ᠪᠤᠯᠤᠨ ᠶᠠᠰᠤ ᠴᠢᠨᠠᠷ ᠢ ᠲᠣᠳᠣᠯᠣᠨ ᠪᠠᠶᠢᠴᠠᠭᠠᠬᠤ ᠲᠠᠶᠢᠴᠢᠯᠠᠯᠳᠠ ᠵᠢᠴᠢ ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠬᠢᠨᠠᠨ ᠰᠢᠯᠭᠠᠯᠳᠠ ᠶᠢ ᠠᠬᠢᠭᠤᠯᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠠᠢ  ᠮᠠ ᠰᠢᠤᠸᠠᠢ ᠵᠢᠶᠦ᠋ᠨ ᠶᠠᠷᠢᠶ᠎ᠠ ᠲᠠᠯᠪᠢᠵᠤ ᠵᠠᠩ ᠱᠤᠤ ᠴᠦᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2019/4/1
     3 ᠳ᠋ᠤᠭᠠᠷ ᠰᠠᠷ᠎ᠠ ᠶᠢᠨ 28᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠦᠬᠦ ᠤᠷᠤᠨ ᠤ ᠲᠦᠷᠦ ᠶᠢᠨ ᠪᠤᠳᠤᠯᠭ᠎ᠠ ᠶᠢᠨ ᠴᠢᠨᠠᠷᠳᠠᠢ ᠠᠮᠤ ᠪᠤᠳᠠᠭᠠᠨ ᠤ ᠬᠦᠮᠦᠷᠭᠡᠯᠡᠯᠳᠡ ᠶᠢᠨ ᠲᠤᠭ᠎ᠠ ᠬᠡᠮᠵᠢᠶ᠎ᠠ ᠪᠤᠯᠤᠨ ᠶᠠᠰᠤ ᠴᠢᠨᠠᠷ ᠢ ᠲᠣᠳᠣᠯᠣᠨ ᠪᠠᠶᠢᠴᠠᠭᠠᠬᠤ ᠲᠠᠶᠢᠴᠢᠯᠠᠯᠳᠠ ᠵᠢᠴᠢ ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠬᠢᠨᠠᠨ ᠰᠢᠯᠭᠠᠯᠳᠠ ᠶᠢ ᠠᠬᠢᠭᠤᠯᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠬᠤᠷᠠᠯᠳᠤᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠬᠢᠯᠡᠵᠡᠢ᠃      ᠮᠠ ᠰᠢᠤᠸᠠᠢ ᠵᠢᠶᠦ᠋ᠨ ᠵᠢᠭᠠᠭᠰᠠᠨ ᠨᠢ᠂ ᠲᠦᠷᠦ ᠶᠢᠨ ᠪᠤᠳᠤᠯᠭ᠎ᠠ ᠶᠢᠨ ᠴᠢᠨᠠᠷᠳᠠᠢ ᠠᠮᠤ ᠪᠤᠳᠠᠭᠠᠨ ᠤ ᠬᠦᠮᠦᠷᠭᠡᠯᠡᠯᠳᠡ ᠪᠤᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠪᠤᠳᠠᠰ ᠤᠨ ᠰᠠᠭᠤᠷᠢ ᠮᠦᠨ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠶᠡᠷᠦᠩᠬᠡᠢ ᠱᠦᠵᠢ ᠰᠢ ᠶᠢᠨ ᠫᠢᠩ ᠎ ᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠦᠭᠦᠯᠡᠯᠳᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠤᠰ ᠤᠳᠠᠭᠠᠨ ᠤ ᠪᠠᠶᠢᠴᠠᠭᠠᠯᠳᠠ ᠶᠢᠨ ᠠᠵᠢᠯ ᠢ ᠲᠤᠶᠢᠯᠪᠤᠷᠢᠳᠠᠢ ᠰᠠᠶᠢᠳᠤᠷ ᠪᠡᠶᠡᠯᠡᠭᠦᠯᠵᠦ᠂ ᠨᠠᠮ ᠪᠤᠯᠤᠨ ᠤᠯᠤᠰ ᠲᠤ ᠬᠠᠨᠤᠮᠵᠢᠳᠠᠢ ︽ᠲᠤᠳᠤᠷᠬᠠᠢ ᠲᠠᠩᠰᠠ︾ ᠲᠣᠰᠢᠶᠠᠬᠤ ᠬᠡᠷᠡᠭᠳᠡᠢ ᠭᠡᠵᠠᠢ᠃      ᠮᠠ ᠰᠢᠤᠸᠠᠢ ᠵᠢᠶᠦ᠋ᠨ ᠴᠢᠬᠤᠯᠠᠴᠢᠯᠠᠭᠰᠠᠨ ᠨᠢ᠂ ᠲᠦᠷᠦ ᠶᠢᠨ ᠪᠤᠳᠤᠯᠭ᠎ᠠ ᠶᠢᠨ ᠴᠢᠨᠠᠷᠳᠠᠢ ᠠᠮᠤ ᠪᠤᠳᠠᠭᠠᠨ ᠤ ᠬᠦᠮᠦᠷᠭᠡᠯᠡᠯᠳᠡ ᠶᠢᠨ ᠬᠠᠮᠢᠶᠠᠷᠤᠯᠳᠠ ᠲᠤᠮᠳᠠ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠪᠤᠯᠤᠨ ᠪᠠᠭᠤᠷᠠᠢ ᠭᠤᠭᠴᠤᠭ᠎ᠠ ᠳᠤ ᠴᠢᠭᠯᠡᠭᠦᠯᠦᠨ᠂ ᠵᠠᠰᠠᠭ ᠤᠨ ᠤᠷᠳᠤᠨ ᠤ ᠬᠠᠮᠢᠶᠠᠷᠤᠯᠳᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠎ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠣᠳᠣᠯᠣᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠦᠷᠨᠢᠭᠦᠯᠵᠦ᠂ ᠭᠡᠮ ᠰᠤᠭᠤᠭ ᠢ ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠵᠠᠰᠠᠬᠤ ᠶᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠬᠦᠮᠦᠷᠭᠡᠯᠡᠵᠦ ᠪᠠᠶᠢᠭ᠎ᠠ ᠠᠮᠤ ᠪᠤᠳᠠᠭᠠᠨ ᠤ ᠲᠤᠭ᠎ᠠ ᠬᠡᠮᠵᠢᠶ᠎ᠠ ᠨᠢ ᠦᠨᠡᠨ ᠪᠤᠳᠠᠳᠠᠢ᠂ ᠶᠠᠰᠤ ᠴᠢᠨᠠᠷ ᠨᠢ ᠰᠢᠯᠢᠳᠡᠭ ᠰᠠᠶᠢᠨ᠂ ᠬᠠᠳᠠᠭᠠᠯᠠᠯᠳᠠ ᠨᠢ ᠠᠮᠤᠷ ᠲᠦᠪᠰᠢᠨ᠂ ᠠᠵᠢᠯᠯᠠᠭ᠎ᠠ ᠨᠢ ᠵᠦᠢ ᠵᠤᠬᠢᠰᠳᠠᠢ ᠪᠠᠶᠢᠬᠤ ᠬᠤᠷᠢᠭ᠎ᠠ ᠱᠤᠭᠤᠮ ᠢ ᠦᠨᠡᠨ ᠭᠦ ᠰᠠᠬᠢᠨ ᠬᠠᠮᠠᠭᠠᠯᠠᠬᠤ ᠬᠡᠷᠡᠭᠳᠡᠢ ᠭᠡᠵᠠᠢ᠃      ᠮᠠ ᠰᠢᠤᠸᠠᠢ ᠵᠢᠶᠦ᠋ᠨ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠎ ᠤᠨ ᠬᠢᠨᠠᠨ ᠰᠢᠯᠭᠠᠯᠳᠠ ᠶᠢᠨ ᠠᠵᠢᠯ ᠢ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠵᠤ᠂ ᠱᠠᠳᠤ ᠱᠠᠳᠤ ᠪᠠᠷ ᠲᠠᠷᠤᠯᠳᠠ ᠦᠭᠴᠦ᠂ ᠬᠠᠷᠢᠭᠤᠴᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ᠂ ᠰᠢᠮᠳᠠᠭᠤᠯᠤᠨ ᠵᠢᠯᠤᠭᠤᠳᠬᠤ ᠶᠢ ᠴᠢᠩᠭᠠᠳᠬᠠᠨ᠂ ᠲᠤᠪᠤᠶᠢᠮ᠎ᠠ ᠠᠰᠠᠭᠤᠳᠠᠯ ᠢ ᠰᠠᠶᠢᠳᠤᠷ ᠰᠢᠢᠳᠪᠦᠷᠢᠯᠡᠵᠦ᠂ ︽ᠲᠡᠭᠷᠢ ᠶᠢᠨ ᠲᠤᠤᠷᠠᠬᠢ ᠠᠮᠤ ᠶᠢᠨ ᠰᠠᠩ︾᠎ ᠢ ᠬᠠᠮᠳᠤ ᠪᠠᠷ ᠰᠠᠶᠢᠳᠤᠷ ᠰᠠᠬᠢᠨ ᠬᠠᠮᠠᠭᠠᠯᠠᠬᠤ ᠬᠡᠷᠡᠭᠳᠡᠢ ᠭᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号