ᠦᠪᠦᠷ ᠮᠤᠩᠭᠤᠯ᠄ ᠤᠮᠠᠷᠠᠳᠤ ᠬᠢᠯᠢ ᠶᠢ ᠪᠠᠬᠢᠵᠢᠭᠦᠯᠬᠦ ᠮᠢᠩᠭᠠᠨ ᠲᠦᠮᠡᠨ ᠮᠦ ᠠᠮᠢ ᠠᠬᠤᠢ ᠶᠢᠨ ᠬᠠᠯᠬᠠᠪᠴᠢ ᠶᠢ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2019/4/10
     ᠠᠮᠢ ᠠᠬᠤᠢ ᠶᠢᠨ ᠬᠡᠪᠡᠷᠡᠭ ᠭᠠᠵᠠᠷ ᠤᠷᠤᠨ ᠤ ᠲᠠᠯᠠᠪᠠᠢ ᠮᠦᠨ ᠬᠦ ᠨᠡᠯᠢᠶᠡᠳ ᠦᠷᠭᠡᠵᠢᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠥᠨᠦ ᠵᠢᠯ ᠦᠪᠦᠷ ᠮᠤᠩᠭᠤᠯ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ︽ᠭᠤᠣᠯ ᠳᠠᠶᠢᠨ ᠤ ᠲᠠᠯᠠᠪᠤᠷ︾ ᠪᠣᠯᠭᠠᠵᠤ᠂ ᠨᠤᠲᠤᠭ ᠪᠡᠯᠴᠢᠭᠡᠷ ᠢ ᠶᠡᠭᠡ  ᠬᠡᠪᠴᠢᠶ᠎ᠡ ᠪᠠᠷ ᠨᠣᠭᠤᠭᠠᠷᠠᠭᠤᠯᠬᠤ ᠶᠢ ᠲᠦᠯᠬᠢᠨ ᠠᠬᠢᠭᠤᠯᠵᠣ᠂1290 ᠲᠦᠮᠡᠨ ᠮᠦ ᠣᠶᠢᠵᠢᠭᠤᠯᠬᠤ ᠡᠭᠦᠷᠭᠡ ᠶᠢ ᠪᠡᠶᠡᠯᠡᠭᠦᠯᠵᠣ᠂ ᠡᠬᠡ ᠤᠯᠤᠰ ᠤᠨ ᠤᠮᠠᠷᠠᠲᠤ ᠤᠷᠤᠨ ᠤ ᠴᠢᠬᠤᠯᠠ ᠠᠮᠢ ᠠᠬᠤᠢ ᠶᠢᠨ ᠠᠮᠤᠷ ᠲᠥᠪᠰᠢᠨ ᠬᠠᠯᠬᠠᠪᠴᠢ ᠶᠢ ᠪᠠᠬᠢᠵᠢᠭᠦᠯᠬᠦ ᠪᠠᠷ ᠲᠦᠯᠦᠪᠯᠡᠵᠦ ᠪᠠᠶᠢᠨ᠎ᠠ᠃     ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠣᠯ ᠳᠤᠮᠳᠠᠳᠤ ᠤᠯᠤᠰ ᠤᠨ ᠵᠡᠭᠦᠨ ᠬᠤᠶᠢᠲᠦ ᠤᠷᠤᠨ᠂ ᠤᠮᠠᠷᠠᠲᠤ ᠤᠷᠤᠨ ᠪᠤᠯᠤᠨ ᠪᠠᠷᠠᠭᠤᠨ ᠬᠤᠶᠢᠲᠤ ᠤᠷᠤᠨ ᠢ ᠰᠤᠨᠳᠠᠯᠠᠵᠤ᠂ ᠳᠤᠮᠳᠠᠳᠤ ᠤᠯᠤᠰ ᠤᠨ ᠤᠮᠠᠷᠠᠲᠤ ᠤᠷᠤᠨ ᠤ ᠲᠠᠯᠠᠪᠠᠢ ᠪᠠᠷ ᠬᠠᠮᠤᠭ ᠤᠨ ᠶᠡᠭᠡ᠂ ᠲᠦᠷᠦᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠳᠤ ᠤᠷᠤᠨ ᠪᠤᠯᠤᠨ᠎ᠠ᠃      ᠪᠦᠬᠦ ᠤᠯᠤᠰ ᠲᠤ ᠴᠢᠬᠤᠯᠠ ᠠᠮᠢ ᠠᠬᠤᠢ ᠶᠢᠨ ᠪᠠᠶᠢᠷᠢ ᠰᠠᠭᠤᠷᠢ ᠶᠢ ᠡᠵᠡᠯᠡᠵᠦ ᠪᠠᠶᠢᠬᠤ ᠪᠣᠯᠬᠤᠷ᠂ ᠦᠪᠦᠷ ᠮᠤᠩᠭᠤᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠦᠨᠳᠦ ᠨᠦᠰᠡᠷ ᠪᠠᠶᠢᠳᠠᠭ᠂ ᠤᠶᠢᠷ᠎ᠠ ᠶᠢᠨ ᠵᠢᠯ ᠤᠳ ᠲᠤ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠵᠢᠯ ᠪᠦᠷᠢ1000 ᠭᠠᠷᠤᠢ ᠲᠦᠮᠡᠨ ᠮᠦ ᠪᠡᠶᠡᠯᠡᠭᠦᠯᠵᠦ᠂ ᠪᠦᠬᠦ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠡᠭᠦᠷᠭᠡ ᠶᠢᠨ ᠶᠢᠰᠦᠨ ᠤ ᠨᠢᠭᠡ ᠬᠤᠪᠢ ᠶᠢ ᠡᠵᠡᠯᠡᠪᠡ᠃      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ ᠮᠦ ᠶᠤᠸᠠᠨ ᠤ ᠲᠠᠨᠢᠯᠴᠠᠭᠤᠯᠤᠭᠰᠠᠨ ᠢᠶᠠᠷ᠂ ᠦᠪᠦᠷ ᠮᠤᠩᠭᠤᠯ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮᠲᠦ ᠵᠠᠰᠠᠯᠲᠠ ᠶᠢ ᠨᠢᠭᠡᠳᠦᠯᠲᠡᠢ ᠲᠦᠯᠦᠪᠵᠢᠭᠦᠯᠵᠦ᠂ ︽ᠭᠤᠷᠪᠠᠨ ᠤᠮᠠᠷᠠᠲᠤ︾᠎ ᠶᠢᠨ ᠬᠠᠯᠬᠠᠪᠴᠢ ᠣᠢ ᠶᠢᠨ ᠰᠢᠰᠲ᠋ᠧᠮᠲᠦ ᠪᠦᠲᠦᠭᠡᠨ ᠪᠠᠶᠢᠭᠤᠯᠤᠯᠲᠠ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ ᠵᠠᠰᠠᠯᠲᠠ᠂ ᠪᠠᠶᠢᠭᠠᠯᠢᠯᠢᠭ ᠣᠢ ᠶᠢᠨ ᠬᠠᠮᠠᠭᠠᠯᠠᠯᠲᠠ᠂ ᠪᠠᠶᠢᠭᠠᠯᠢᠯᠢᠭ ᠨᠤᠲᠤᠭ ᠪᠡᠯᠴᠢᠭᠡᠷ ᠲᠤ ᠲᠠᠷᠢᠶᠠᠯᠠᠬᠤ ᠪᠡᠯᠴᠢᠭᠡᠷᠯᠡᠭᠦᠯᠬᠦ ᠶᠢ ᠵᠣᠭᠰᠤᠭᠠᠵᠣ ᠡᠪᠡᠰᠦ ᠮᠤᠲᠤ ᠲᠠᠷᠢᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠵᠤᠬᠢᠶᠠᠨ ᠪᠠᠶᠢᠭᠤᠯᠵᠤ ᠬᠡᠷᠡᠭᠵᠢᠭᠦᠯᠵᠣ᠂ ᠭᠤᠣᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠲᠠ ᠪᠤᠯᠤᠨ ᠮᠤᠨᠠ ᠠᠭᠤᠯᠠ ᠶᠢ ᠨᠤᠭᠤᠭᠠᠷᠠᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠪᠦᠬᠦ ᠵᠢᠯ ᠳᠤ1290 ᠲᠦᠮᠡᠨ ᠮᠦ ᠣᠶᠢᠵᠢᠭᠤᠯᠬᠤ ᠪᠠ 3000 ᠲᠦᠮᠡᠨ ᠮᠦ ᠡᠪᠡᠰᠦ ᠲᠠᠷᠢᠬᠤ ᠪᠠᠷ ᠲᠦᠯᠦᠪᠯᠡᠵᠦ ᠪᠣᠢ᠃      ᠦᠪᠦᠷ ᠮᠤᠩᠭᠤᠯ ᠡᠯᠡᠰᠦᠷᠬᠡᠭ ᠭᠠᠵᠠᠷ ᠤᠨ ᠵᠠᠰᠠᠯᠲᠠ ᠶᠢ ᠴᠢᠩᠭᠠᠳᠬᠠᠵᠤ᠂ ᠬᠤᠷᠴᠢᠨ ᠤ ᠡᠯᠡᠰᠦᠷᠬᠡᠭ ᠭᠠᠵᠠᠷ ᠤᠨ ᠵᠠᠭᠤᠨ ᠲᠦᠮᠡᠨ ᠮᠦ ᠬᠠᠯᠬᠠᠪᠴᠢ ᠣᠢ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠰᠠᠶᠢᠲᠤᠷ ᠬᠡᠷᠡᠭᠵᠢᠭᠦᠯᠬᠦ ᠪᠠᠷ ᠪᠠᠶᠢᠨ᠎ᠠ᠃ ᠬᠤᠯᠠᠨ ᠲᠠᠭ᠎ᠠ ᠶᠢᠨ ᠮᠠᠩᠬ᠎ᠠ᠂ ᠦᠵᠦᠮᠦᠴᠢᠨ ᠤ ᠡᠯᠡᠰᠦᠷᠬᠡᠭ ᠭᠠᠵᠠᠷ ᠤᠨ ᠬᠦᠨᠳᠦ ᠨᠤᠴᠢᠲᠠᠢ ᠬᠦᠨᠦᠭᠡᠭᠳᠡᠭᠰᠡᠨ ᠤᠷᠤᠨ ᠪᠦᠰᠡ ᠶᠢᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠬᠤᠯᠠᠨ ᠲᠠᠭ᠎ᠠ ᠶᠢᠨ ᠮᠠᠩᠬ᠎ᠠ ᠶᠢᠨ ᠬᠡᠪᠴᠢᠶᠡᠵᠢᠭᠰᠡᠨ ᠣᠢ ᠰᠢᠭᠤᠢ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠡᠯᠡᠰᠦᠷᠬᠡᠭᠵᠢᠵᠦ ᠲᠠᠴᠢᠷᠳᠠᠭᠰᠠᠨ ᠪᠡᠯᠴᠢᠭᠡᠷ ᠢ ᠵᠠᠰᠠᠬᠤ᠂ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠲᠤ ᠲᠠᠷᠢᠶᠠᠯᠠᠬᠤ ᠶᠢ ᠵᠣᠭᠰᠤᠭᠠᠵᠤ ᠡᠪᠡᠰᠦ ᠲᠠᠷᠢᠬᠤ᠂ ᠠᠵᠤ ᠦᠢᠯᠡᠳᠪᠦᠷᠢ ᠠᠭᠤᠷᠬᠠᠢ ᠶᠢᠨ ᠤᠷᠤᠨ ᠤ ᠠᠮᠢ ᠠᠬᠤᠢ ᠶᠢ ᠰᠡᠷᠭᠦᠭᠡᠬᠦ  ᠪᠠ ᠬᠠᠳᠤᠯᠠᠩ ᠤᠨ ᠥᠩ ᠰᠢᠮ᠎ᠡ ᠶᠢ ᠳᠡᠭᠡᠭᠰᠢᠯᠡᠭᠦᠯᠬᠦ ᠵᠡᠷᠭᠡ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠠᠵᠢᠯ ᠢ ᠦᠷᠨᠢᠭᠦᠯᠵᠦ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠬᠦᠮᠦᠨ ᠠᠮᠢᠲᠠᠨ ᠪᠡᠯᠴᠢᠭᠡᠷ ᠮᠠᠯ ᠰᠦᠷᠦᠭ ᠢ ᠵᠣᠬᠢᠴᠠᠩᠭᠤᠢ ᠬᠦᠭᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号