ᠪᠦᠬᠦ ᠤᠷᠤᠨ ᠤ ︽ᠤᠷᠢᠬᠠᠨ ᠬᠠᠪᠣᠷ ᠣᠷᠢᠨ ᠳᠣᠯᠠᠭᠠᠨ ᠬᠦᠷᠬᠡᠬᠦ︾ ᠠᠵᠢᠯ ᠤᠯᠭᠤᠵᠤ ᠦᠢᠯᠡᠰ ᠴᠣᠭᠴᠠᠯᠠᠬᠤ ᠦᠢᠯᠠᠴᠢᠯᠡᠭᠡ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠤᠷᠢᠨ ᠡᠯᠰᠡᠬᠦ ᠰᠠᠷ᠎ᠠ ᠶᠢᠨ ᠠᠵᠢᠯᠯᠠᠭ᠎ᠠ 4 ᠳ᠋ᠦ᠋ᠭᠡᠷ ᠰᠠᠷ᠎ᠠ ᠶᠢᠨ 13᠎ ᠤ ᠡᠲᠤᠷ ᠡᠬᠢᠯᠡᠨ᠎ᠡ
ᠨᠡᠶᠢᠲᠡᠯᠡᠭᠰᠡᠨ ᠴᠠᠭ᠄
2019/4/11
     4 ᠳ᠋ᠦ᠋ᠭᠡᠷ ᠰᠠᠷ᠎ᠠ ᠶᠢᠨ 10᠎ ᠤ ᠡᠲᠤᠷ᠂ ᠦᠪᠠᠷᠲᠠᠬᠡᠨ ᠵᠠᠰᠠᠬᠤ ᠤᠷᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠭ᠎ᠠ ᠶᠢᠨ ᠲᠢᠩᠬᠢᠮ ᠰᠤᠨᠢᠨ ᠮᠠᠲᠡᠭᠡ ᠨᠠᠶᠢᠲᠠᠯᠠᠬᠦ ᠬᠤᠷᠠᠯ ᠬᠢᠵᠤ᠂ 2019 ᠣᠨ ᠎ ᠤ ᠪᠦᠬᠦ ᠤᠷᠤᠨ ᠤ ︽ᠤᠷᠢᠬᠠᠨ ᠬᠠᠪᠣᠷ ᠣᠷᠢᠨ ᠳᠣᠯᠠᠭᠠᠨ ᠬᠦᠷᠬᠡᠬᠦ︾ ᠠᠵᠢᠯ ᠤᠯᠭᠤᠵᠤ ᠦᠢᠯᠡᠰ ᠴᠣᠭᠴᠠᠯᠠᠬᠤ ᠦᠢᠯᠠᠴᠢᠯᠡᠭᠡ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠤᠷᠢᠨ ᠡᠯᠰᠡᠬᠦ ᠰᠠᠷ᠎ᠠ ᠶᠢᠨ ᠠᠵᠢᠯᠯᠠᠭ᠎ᠠ ᠶᠢᠨ ᠬᠠᠮᠢᠶ᠎ᠠ ᠪᠦᠬᠦᠢ ᠪᠠᠶᠢᠲᠠᠯ ᠢ ᠮᠡᠳᠡᠭᠲᠠᠬᠦ ᠶᠢᠨ ᠬᠠᠮᠲᠤ ᠰᠤᠷᠪᠤᠯᠵᠢᠯᠠᠭᠴᠢᠳ ᠤᠨ ᠠᠰᠠᠭᠤᠯᠲᠠ ᠶᠢ ᠬᠠᠷᠢᠭᠤᠯᠵᠠᠢ᠃      ᠤᠶᠢᠯᠠᠭᠠᠭᠰᠠᠨ ᠢᠶᠠᠷ᠂ ᠲᠤᠰ ᠣᠳᠠᠭ᠎ᠠ ᠶᠢᠨ ᠠᠵᠢᠯᠯᠠᠭ᠎ᠠ ᠶᠢᠨ ᠭᠤᠤᠯ ᠰᠠᠲᠤᠪ ᠪᠤᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠦᠴᠤᠯᠠᠨ ᠲᠠᠮᠵᠢᠵᠤ ᠬᠦᠭᠵᠢᠯᠲᠠ ᠶᠢ ᠨᠢ ᠠᠬᠢᠭᠤᠯᠤᠨ᠂ ᠠᠵᠤ ᠠᠬᠤᠶᠢᠯᠠᠯ ᠢᠶᠠᠷ ᠠᠶᠠᠯᠠᠯ ᠢᠶᠠᠨ ᠡᠬᠢᠯᠠᠬᠦᠯᠵᠤ ᠠᠷᠠᠳ ᠤᠨ ᠠᠮᠢᠲᠤᠷᠠᠯ ᠳᠤ ᠠᠰᠢᠭ ᠬᠦᠷᠲᠠᠬᠡᠨ᠎ᠠ᠃ ᠲᠤᠰ ᠣᠳᠠᠭ᠎ᠠ ᠶᠢᠨ ᠠᠵᠢᠯᠯᠠᠭ᠎ᠠ 4 ᠳ᠋ᠦ᠋ᠭᠡᠷ ᠰᠠᠷ᠎ᠠ ᠶᠢᠨ 13᠎ ᠤ ᠡᠲᠤᠷ — 5 ᠳ᠋ᠤᠭᠠᠷ ᠰᠠᠷ᠎ᠠ ᠶᠢᠨ 13᠎ ᠤ ᠡᠲᠤᠷ ᠪᠤᠯᠲᠠᠯ᠎ᠠ ᠶᠠᠪᠤᠭᠲᠠᠵᠤ᠂ ᠪᠦᠬᠦ ᠤᠷᠤᠨ ᠤ 1200 ᠭᠠᠷᠤᠢ ᠠᠵᠤ ᠠᠬᠤᠶᠢᠯᠠᠯ ᠤᠷᠤᠯᠴᠠᠵᠤ᠂ ᠨᠠᠶᠢᠲᠠ 3.3 ᠲᠦᠮᠠ ᠭᠠᠷᠤᠢ ᠠᠵᠢᠯ ᠤᠨ ᠪᠠᠶᠢᠷᠢ ᠬᠠᠨᠭ᠍ᠭᠠᠬᠤ ᠪᠣᠯᠣᠨ᠎ᠠ᠃ ᠡᠬᠦᠨ ᠳᠤ᠂ ᠤᠷᠢᠨ ᠡᠯᠰᠡᠬᠦ ᠴᠤᠭᠯᠠᠭᠠᠨ ᠳᠡᠭᠡᠷ᠎ᠡ ᠲᠤᠬᠠᠢ ᠶᠢᠨ ᠲᠠᠯᠠᠪᠠᠢ ᠳᠤ ᠠᠵᠢᠯ ᠤᠯᠭᠤᠵᠦ ᠤᠷᠢᠨ ᠡᠯᠰᠡᠬᠦ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠲᠤᠬᠠᠢ ᠶᠢᠨ ᠲᠠᠯᠠᠪᠠᠢ ᠶᠢᠨ ᠤᠷᠢᠨ ᠡᠯᠰᠡᠬᠦ ᠴᠤᠭᠯᠠᠭᠠᠨ ᠳᠤ ᠤᠯᠤᠰ ᠤᠨ ᠦᠮᠴᠢᠯᠠᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠷᠬᠡ ᠡᠯ᠎ᠠ ᠲᠦᠷᠦᠯ ᠤᠨ 180 ᠭᠠᠷᠤᠢ ᠠᠵᠤ ᠠᠬᠤᠶᠢᠯᠠᠯ ᠤᠷᠤᠯᠴᠠᠵᠤ᠂ ᠲᠦᠮᠠ ᠭᠠᠷᠤᠢ ᠠᠵᠢᠯ ᠤᠨ ᠪᠠᠶᠢᠷᠢ ᠬᠠᠨᠭ᠍ᠭᠠᠨ᠎ᠠ︔ ᠪᠡᠬᠡᠵᠢᠩ ᠦᠪᠤᠷ ᠮᠤᠩᠭᠤᠯ ᠯᠤᠭ᠎ᠠ ᠶᠢᠨ ᠶᠠᠲᠠᠭᠤ ᠶᠢ ᠲᠠᠳᠬᠦᠬᠦ ᠬᠦᠲᠠᠯᠮᠤᠷᠢ ᠬᠦᠴᠤᠨ ᠤ ᠬᠠᠮᠵᠢᠯᠴᠠᠭ᠎ᠠ ᠶᠢᠨ ᠤᠷᠢᠨ ᠡᠯᠰᠡᠬᠦ ᠴᠤᠭᠯᠠᠭᠠᠨ ᠢ ᠵᠤᠬᠢᠶᠠᠨ ᠪᠠᠶᠢᠭᠤᠯᠤᠨ ᠦᠷᠨᠢᠬᠦᠯᠵᠤ᠂ ᠭᠤᠤᠯᠲᠠᠭᠤ ᠶᠠᠲᠠᠭᠤ ᠬᠦᠴᠢᠷᠳᠡᠯᠲᠠᠢ ᠬᠦᠲᠠᠯᠮᠤᠷᠢ ᠬᠦᠴᠤ ᠶᠢ ᠤᠷᠢᠵᠤ ᠡᠯᠰᠡᠨ᠎ᠠ︔ ᠰᠢᠨ᠎ᠠ ᠶᠢ ᠡᠬᠦᠳᠬᠦ ᠲᠦᠷᠦᠯ ᠵᠤᠶᠢᠯ ᠤᠨ ᠦᠵᠡᠬᠦᠯᠬᠡ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠦᠢᠯᠡᠰ ᠪᠤᠰᠬᠠᠬᠤ ᠨᠡᠪᠴᠢᠭᠦᠯᠤᠯᠲᠠ ᠶᠢᠨ ᠰᠠᠭᠤᠷᠢᠨ ᠤ ᠦᠵᠠᠬᠦᠯᠬᠡ ᠬᠢᠵᠦ᠂ ᠬᠦᠲᠠᠯᠮᠤᠷᠢ ᠬᠦᠴᠤᠨ ᠳᠤ ᠦᠢᠯᠡᠰ ᠪᠤᠰᠬᠠᠬᠤ ᠲᠠᠪᠴᠠᠩ ᠮᠠᠲᠡᠭᠡ ᠵᠠᠩᠬᠢ ᠬᠠᠨᠭ᠍ᠭᠠᠨ᠎ᠠ︔ ᠠᠵᠢᠯ ᠮᠡᠷᠬᠡᠵᠢᠯ ᠪᠤᠯᠪᠠᠰᠤᠷᠠᠯ ᠤᠨ ᠦᠵᠡᠬᠦᠯᠬᠡ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠬᠦᠲᠠᠯᠮᠤᠷᠢ ᠬᠦᠴᠤᠨ ᠤ ᠮᠡᠷᠬᠡᠵᠢᠯ ᠴᠢᠲᠠᠪᠤᠷᠢ ᠰᠤᠷᠤᠯᠴᠠᠬᠤ᠂ ᠮᠡᠷᠬᠡᠵᠢᠯ ᠴᠢᠲᠠᠪᠤᠷᠢ ᠪᠠᠷ ᠦᠰᠤᠨ ᠪᠤᠶᠢᠵᠢᠬᠤ ᠵᠠᠮ ᠢᠶᠠᠷ ᠵᠠᠮᠨᠠᠬᠤ ᠶᠢ ᠵᠤᠷᠢᠡᠡᠵᠢᠭᠤᠯᠤᠨ ᠵᠢᠯᠤᠭᠤᠲᠤᠨ᠎ᠠ︔ ᠠᠵᠢᠯᠯᠠᠭ᠎ᠠ ᠶᠢᠨ ᠬᠤᠭᠤᠴᠠᠭᠠᠨ ᠳᠤ᠂ ᠪᠠᠰᠠ ᠰᠦᠯᠵᠢᠶᠠᠨ ᠲᠠᠬᠡᠷ᠎ᠠ ᠤᠷᠢᠵᠤ ᠡᠯᠰᠡᠬᠦ ᠠᠵᠢᠯᠯᠠᠭ᠎ᠠ᠂ ᠴᠢᠲᠠᠪᠤᠷᠢᠲᠠᠨ ᠤᠷᠢᠨ ᠡᠯᠰᠡᠬᠦ ᠡᠬᠦᠯᠠᠨ ᠦᠢᠯᠠᠴᠢᠯᠡᠭᠡ ᠶᠢᠨ ᠲᠠᠪᠴᠠᠩ᠂ ᠴᠢᠲᠠᠪᠤᠷᠢᠲᠠᠨ ᠤ ᠰᠦᠯᠵᠢᠶ᠎ᠠ᠂ ᠭᠠᠷ ᠤᠲᠠᠰᠤᠨ APP᠂ ᠸᠢᠴᠠᠲ ᠪᠠ ᠠᠯᠪᠠᠨ ᠤ ᠪᠢᠴᠢᠯ ᠪᠦᠷᠬᠡ ᠵᠡᠷᠬᠡ ᠵᠠᠮ ᠰᠤᠪᠠᠭ ᠢᠶᠠᠷ ᠠᠵᠢᠯᠯᠠᠭ᠎ᠠ ᠦᠷᠨᠢᠬᠦᠯᠵᠤ᠂ ᠶᠡᠭᠡ ᠲᠠᠬᠡᠲᠤ ᠰᠤᠷᠭᠠᠭᠤᠯᠢ ᠲᠠᠬᠦᠰᠦᠭᠰᠡᠳ ᠤᠨ ᠠᠵᠢᠯ ᠤᠯᠬᠤ ᠶᠢ ᠪᠦᠬᠦ ᠬᠦᠴᠤᠨ ᠎ ᠢᠶᠠᠷ ᠠᠬᠢᠭᠤᠯᠤᠨ᠎ᠠ︔ ᠤᠯᠠᠨ ᠨᠠᠶᠢᠲᠠ ᠶᠢᠨ ᠠᠵᠢᠯ ᠤᠯᠭᠤᠬᠤ ᠦᠢᠯᠠᠴᠢᠯᠡᠬᠡᠨ ᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠤᠯᠠᠨ ᠨᠠᠶᠢᠲᠠ ᠶᠢᠨ ᠠᠵᠢᠯ ᠤᠯᠭᠤᠬᠤ ᠦᠢᠯᠡᠴᠢᠯᠡᠭᠡ ᠶᠢ ᠠᠵᠤ ᠠᠬᠤᠶᠢᠯᠠᠯ᠂ ᠰᠤᠷᠭᠠᠭᠤᠯᠢ᠂ ᠨᠠᠶᠢᠬᠡᠮ ᠲᠤᠭᠤᠷᠢᠭ᠂ ᠭᠠᠴᠠᠭ᠎ᠠ ᠲᠤᠰᠬᠤᠨ ᠳᠤ ᠬᠦᠷᠦᠭᠦᠯᠬᠦ ᠵᠡᠷᠬᠡ ᠠᠵᠢᠯᠯᠠᠭ᠎ᠠ ᠶᠢ ᠦᠷᠨᠢᠬᠦᠯᠤᠨ᠎ᠠ︔ ᠠᠵᠤ ᠠᠬᠤᠶᠢᠯᠠᠯ ᠤᠨ ᠬᠦᠲᠠᠯᠮᠤᠷᠢ ᠬᠦᠴᠤ ᠬᠡᠷᠡᠭᠯᠡᠬᠦ ᠬᠡᠷᠡᠭᠴᠡᠭᠡ ᠳᠤ ᠪᠠᠶᠢᠴᠠᠭᠠᠯᠲᠠ ᠬᠢᠵᠤ᠂ ᠪᠦᠬᠦ ᠲᠠᠯ᠎ᠠ ᠪᠠᠷ ᠣᠨᠣᠪᠴᠢᠳᠠᠢ ᠪᠠᠷ ᠠᠵᠢᠯ ᠤᠨ ᠪᠠᠶᠢᠷᠢ ᠬᠡᠷᠡᠭᠰᠡᠬᠦ ᠪᠠᠶᠢᠲᠠᠯ ᠢ ᠡᠵᠠᠮᠰᠢᠵᠤ᠂ ᠠᠵᠢᠯ ᠤᠨ ᠪᠠᠶᠢᠷᠢ ᠶᠢᠨ ᠬᠡᠷᠡᠭᠴᠡᠭᠡ ᠪᠠᠷ ᠴᠢᠭᠯᠡᠭᠦᠯᠦᠯᠲᠤ ᠴᠢᠨᠠᠷᠲᠠᠢ ᠪᠠᠷ ᠠᠵᠢᠯ ᠮᠡᠷᠬᠡᠵᠢᠯ ᠤᠨ ᠪᠤᠯᠪᠠᠰᠤᠷᠠᠯ᠂ ᠬᠦᠲᠠᠯᠮᠤᠷᠢ ᠶᠢᠨ ᠶᠠᠪᠤᠲᠠᠯ ᠢ ᠵᠤᠯᠭᠠᠭᠤᠯᠬᠤ ᠪᠠ ᠬᠦᠲᠠᠯᠮᠤᠷᠢ ᠬᠦᠴᠤᠨ ᠢ ᠭᠠᠲᠠᠭᠰᠢ ᠭᠠᠷᠭᠠᠬᠤ ᠵᠡᠷᠬᠡ ᠠᠵᠢᠯ ᠣᠯᠭᠤᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠨ᠎ᠡ᠃      ᠲᠤᠰ ᠣᠳᠠᠭ᠎ᠠ ᠶᠢᠨ ᠠᠵᠢᠯᠯᠠᠭ᠎ᠠ ᠶᠢ ᠤᠯᠠᠭᠠᠨᠬᠠᠲᠠ ᠬᠤᠲᠠ ᠶᠢᠨ ᠵᠠᠰᠠᠭ ᠤᠨ ᠤᠷᠲᠤᠨ ᠪᠠ ᠦᠪᠠᠷᠲᠠᠬᠡᠨ ᠵᠠᠰᠠᠬᠤ ᠤᠷᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠤᠵᠢᠯ ᠤᠨ ᠲᠢᠩᠬᠢᠮ᠂ ᠠᠵᠤ ᠦᠢᠯᠡᠳᠪᠤᠷᠢ ᠪᠠ ᠮᠠᠲᠡᠭᠡ ᠵᠠᠩᠬᠢᠵᠢᠯᠲᠠ ᠶᠢᠨ ᠲᠢᠩᠬᠢᠮ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠲᠠᠯ ᠤᠨ ᠲᠢᠩᠬᠢᠮ᠂ ᠤᠯᠤᠰ ᠤᠨ ᠦᠮᠴᠢᠯᠠᠯ ᠤᠨ ᠦᠪ ᠬᠦᠷᠦᠩᠬᠡ ᠶᠢ ᠬᠢᠨᠠᠨ ᠬᠠᠮᠢᠶᠠᠷᠬᠤ ᠵᠦᠪᠯᠡᠯ᠂ ᠠᠵᠢᠯᠴᠢᠨ ᠤ ᠶᠠᠷᠦᠩᠬᠡᠢ ᠡᠪᠯᠡᠯ᠂ ᠦᠢᠯᠡᠳᠪᠤᠷᠢ ᠬᠤᠲᠠᠯᠲᠤᠭᠠᠨ ᠤ ᠬᠤᠯᠪᠤᠭ᠎ᠠ ᠵᠡᠷᠬᠡ ᠨᠢᠬᠡᠴᠢ ᠠᠴᠠ ᠲᠠᠭᠠᠭᠠᠨ ᠡᠷᠬᠢᠯᠠᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号