ᠪᠥᠬᠦ ᠣᠷᠣᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ︽ᠬᠠᠷᠠᠭ᠎ᠠ ᠰᠡᠷᠭᠦᠭᠡᠬᠦ ᠠᠶᠠᠯᠠᠯ︾ ᠤᠨ | ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠮᠲᠤᠷᠠᠨ᠂ ᠥᠪᠡᠷᠲᠡᠭᠡᠨ | ᠵᠠᠰᠠᠬᠤ ᠣᠷᠣᠨ ᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ | ᠠᠰᠢᠭᠯᠠᠨ᠂ ᠪᠥᠬᠦ ᠣᠷᠣᠨ ᠳᠤ ︽ᠬᠠᠷᠠᠭ᠎ᠠ ᠰᠡᠷᠭᠦᠭᠡᠬᠦ ᠠᠶᠠᠯᠠᠯ︾ ᠤᠨ ᠴᠠᠭᠠᠨ ᠬᠠᠷᠠᠩ ᠡᠪᠡᠳᠴᠢᠲᠡᠨ ᠳᠤ ᠬᠠᠷᠠᠭ᠎ᠠ | ᠰᠡᠷᠭᠦᠭᠡᠬᠦ ᠠᠵᠢᠯᠯᠠᠭ᠎ᠠ ᠶᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠨᠠᠰᠤᠲᠠᠶᠢᠴᠤᠳ ᠢᠶᠠᠷ ᠭᠤᠤᠯᠳᠠᠯᠭ᠎ᠠ ᠪᠣᠯᠭᠠᠭᠰᠠᠨ ᠶᠠᠳᠠᠭᠤ ᠬᠦᠴᠢᠷᠳᠡᠯᠲᠡᠶ | ᠨᠠᠰᠤᠲᠠᠶᠢᠴᠤᠳ ᠤᠨ ᠴᠠᠭᠠᠨ ᠬᠠᠷᠠᠩ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠰᠡᠷᠭᠦᠭᠡᠬᠦ | ᠮᠡᠰᠡ ᠵᠠᠰᠠᠯ ᠬᠢᠵᠦ᠂ ᠡᠨᠡ ᠵᠢᠯ 5000 ᠭᠠᠷᠤᠢ ᠬᠦᠮᠦᠰ ᠲᠤ ᠰᠦᠢᠳᠬᠡᠯ ᠬᠤᠷᠢᠶᠠᠬᠤ ᠦᠭᠡᠢ ᠪᠠᠷ ᠮᠡᠰᠡ ᠵᠠᠰᠠᠯ | ᠬᠢᠬᠦ ᠪᠠᠷ ᠲᠥᠯᠥᠪᠯᠡᠵᠦ᠂ ︽ᠨᠢᠭᠡ ᠬᠥᠮᠦᠨ ᠤ ᠬᠠᠷᠠᠭ᠎ᠠ ᠶᠢ ᠰᠡᠷᠭᠦᠭᠡᠬᠦ᠂ ᠨᠢᠭᠡ ᠭᠡᠷ ᠲᠤ ᠠᠵᠠ ᠵᠢᠷᠭᠠᠯ ᠡᠳ᠋ᠯᠡᠭᠦᠯᠬᠦ︾ | ᠰᠠᠶᠢᠨ ᠰᠠᠶᠢᠬᠠᠨ ᠨᠡᠶᠢᠭᠡᠮ ᠤᠨ ᠦᠷ᠎ᠡ ᠳ᠋ᠦᠩ ᠳᠤ ᠬᠦᠷᠦᠭᠦᠯᠬᠦ ᠪᠠᠷ ᠪᠠᠶᠢᠨ᠎ᠠ᠃ | 4 ᠳ᠋ᠦ᠋ᠭᠡᠷ ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠬᠠᠷᠠᠭ᠎ᠠ ᠰᠡᠷᠭᠦᠭᠡᠬᠦ ᠠᠶᠠᠯᠠᠯ︾ ᠨᠢ ᠭᠤᠤᠯᠳᠠᠭᠤ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ 60 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠪᠠ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠨᠠᠰᠤᠲᠠᠶᠢᠴᠤᠳ ᠤᠨ ᠴᠠᠭᠠᠨ | ᠬᠠᠷᠠᠩ ᠡᠪᠡᠳᠴᠢᠲᠡᠨ ᠳᠤ ᠲᠤᠰᠠᠯᠠᠮᠵᠢ ᠦᠵᠡᠭᠦᠯᠦᠨ᠎ᠡ ᠃ ᠬᠡᠷᠪᠡ ᠨᠥᠬᠦᠪᠥᠷᠢ ᠶᠢᠨ ᠵᠠᠷᠤᠳᠠᠯ ᠨᠢ ᠦᠯᠡᠳᠡᠪᠦᠷᠢ ᠲᠠᠢ | ᠪᠠᠶᠢᠪᠠᠯ᠂ ᠪᠠᠰᠠ ᠳᠣᠤᠷ᠎ᠠ ᠵᠢᠭᠰᠠᠭᠠᠭᠰᠠᠨ ᠶᠠᠳᠠᠭᠤ ᠬᠦᠴᠢᠷᠳᠡᠯᠲᠡᠶ ᠴᠠᠭᠠᠨ ᠬᠠᠷᠠᠩ ᠡᠪᠡᠳᠴᠢᠨ ᠲᠠᠢ | ᠨᠠᠰᠤᠲᠠᠶᠢᠴᠤᠳ ᠲᠤ ᠬᠠᠷᠠᠭ᠎ᠠ ᠰᠡᠷᠭᠦᠭᠡᠬᠦ ᠮᠡᠰᠡ ᠵᠠᠰᠠᠯ ᠬᠢᠨ᠎ᠡ᠄ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠬᠦᠷᠲᠡᠵᠦ ᠪᠠᠶᠢᠭ᠎ᠠ 60 ᠨᠠᠰᠤᠨ ᠠᠴᠠ ᠳᠡᠭᠡᠭᠰᠢᠬᠢ ᠬᠤᠲᠠ ᠪᠠᠯᠭᠠᠰᠤᠨ ᠤ ᠨᠠᠰᠤᠲᠠᠶᠢᠴᠤᠳ ᠤᠨ ᠴᠠᠭᠠᠨ ᠬᠠᠷᠠᠩ | ᠡᠪᠡᠳᠴᠢᠲᠡᠨ︔ ᠣᠨᠴᠠ ᠬᠦᠴᠢᠷᠳᠡᠯᠲᠡᠶ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠴᠠᠭᠠᠨ ᠬᠠᠷᠠᠩ | ᠡᠪᠡᠳᠴᠢᠲᠡᠨ︔ ᠭᠠᠮᠰᠢᠭ᠂ ᠡᠪᠡᠳᠴᠢᠨ ᠪᠠ ᠭᠡᠨᠡᠳᠲᠡ ᠶᠢᠨ ᠬᠡᠷᠡᠭ ᠠᠴᠠ ᠪᠣᠯᠵᠤ ᠶᠠᠳᠠᠭᠤᠷᠠᠭᠰᠠᠨ ᠪᠥᠭᠡᠳ ᠰᠤᠮᠤ | ︵ᠰᠢᠶᠠᠩ ᠪᠠᠯᠭᠠᠰᠤ᠂ ᠵᠡᠭᠡᠯᠢ ᠭᠤᠳᠤᠮᠵᠢ︶ ᠶᠢᠨ ᠵᠥᠪᠰᠢᠶᠡᠷᠡᠯ ᠢ ᠣᠯᠵᠤ᠂ ᠢᠯᠠ ᠨᠡᠶᠢᠲᠡᠯᠡᠬᠦ ᠪᠠᠷ ᠳᠠᠮᠵᠢᠨ | ᠣᠨᠳᠣᠤ ᠰᠠᠨᠠᠯ ᠥᠬᠡᠶ ᠪᠠᠶᠢᠬᠤ ᠪᠦᠭᠡᠳ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠶᠠᠳᠠᠭᠤ ᠬᠦᠴᠢᠷᠳᠡᠯ ᠤᠨ ᠭᠡᠷᠡᠴᠢ ᠬᠢᠵᠦ ᠥᠭᠭᠦᠭᠰᠡᠨ 60 ᠨᠠᠰᠤᠨ ᠠᠴᠠ ᠳᠡᠭᠡᠭᠰᠢᠬᠢ ᠴᠠᠭᠠᠨ | ᠬᠠᠷᠠᠩ ᠡᠪᠡᠳᠴᠢᠲᠡᠨ ᠵᠡᠷᠭᠡ ᠪᠠᠭᠲᠠᠨ᠎ᠠ᠃ | ᠥᠪᠡᠷᠲᠡᠭᠡᠨ ᠵᠠᠰᠠᠬᠤ ᠣᠷᠣᠨ ᠠᠴᠠ ᠱᠠᠭᠠᠷᠳᠠᠭᠰᠠᠨ ᠨᠢ᠂ ᠡᠯ᠎ᠡ ᠬᠤᠰᠢᠭᠤ ᠰᠢᠶᠠᠨ ᠤ ᠠᠷᠠᠳ ᠤᠨ ᠶᠠᠪᠤᠳᠠᠯ | ᠤᠨ ᠲᠣᠪᠴᠢᠶ᠎ᠠ ᠠᠪᠤᠷᠠᠨ ᠲᠤᠰᠠᠯᠠᠭᠤᠯᠤᠭᠴᠢᠳ ᠤᠨ ᠨᠡᠷᠡᠰ ᠢ ᠬᠢᠨᠠᠨ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ | ᠡᠪᠡᠳᠴᠢᠨ᠂ ᠭᠠᠮᠰᠢᠭ ᠪᠣᠯᠤᠨ ᠭᠡᠨᠡᠳᠲᠡ ᠶᠢᠨ ᠬᠡᠷᠡᠭ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠶᠠᠳᠠᠭᠤ | ᠬᠦᠴᠢᠷᠳᠡᠯᠲᠡᠢ ᠶᠢᠨ ᠪᠠᠶᠢᠳᠠᠯ ᠳᠤ ᠭᠡᠷᠡᠴᠢ ᠥᠭᠬᠦ ᠬᠡᠷᠡᠭᠲᠡᠢ᠃ ᠡᠯ᠎ᠡ ᠠᠶᠢᠮᠠᠭ ᠬᠤᠳᠠ ᠶᠢᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠳ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠦᠨᠡᠨᠬᠦ ᠰᠠᠶᠢᠲᠤᠷ ᠠᠳᠬᠤᠵᠤ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ᠂ ᠡᠮᠨᠡᠯᠭᠡ ᠶᠢᠨ | ᠳᠠᠭᠠᠳᠬᠠᠯ ᠵᠡᠷᠭᠡ ︽ᠬᠠᠷᠠᠭ᠎ᠠ ᠰᠡᠷᠭᠦᠭᠡᠬᠦ ᠠᠶᠠᠯᠠᠯ︾ ᠤᠨ ᠨᠡᠶᠢᠭᠡᠮ ᠤᠨ ᠠᠰᠠᠷᠠᠮᠵᠢ ᠶᠢᠨ ᠠᠵᠢᠯᠯᠠᠭ᠎ᠠ ᠶᠢ ᠳᠡᠮᠵᠢᠬᠦ | ᠨᠢᠭᠡᠴᠢ ᠨᠦᠭᠦᠳ ᠢ ᠢᠳᠡᠪᠬᠢᠲᠡᠢ ᠵᠣᠬᠢᠴᠠᠭᠤᠯᠤᠨ ᠨᠢᠭᠲᠠ ᠬᠠᠮᠵᠢᠯᠴᠠᠵᠤ᠂ ᠦᠨᠳᠦᠰᠦᠨ ᠡᠮᠨᠡᠯᠭᠡ ᠶᠢᠨ | ᠳᠠᠭᠠᠳᠬᠠᠯ ᠤᠨ ᠳᠠᠩᠰᠠ ᠲᠠᠶᠢᠯᠬᠤ᠂ ᠰᠢᠭᠰᠢᠨ ᠪᠠᠶᠢᠴᠠᠭᠠᠬᠤ ᠳᠤ ᠡᠯ᠎ᠡ ᠵᠦᠢᠯ ᠤᠨ ᠪᠠᠲᠤᠯᠠᠭ᠎ᠠ ᠶᠢᠨ ᠦᠢᠯᠡᠴᠢᠯᠡᠭᠡ | ᠬᠠᠩᠭᠠᠬᠤ ᠬᠡᠷᠡᠭᠲᠡᠢ᠃ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠮᠡᠰᠡ ᠵᠠᠰᠠᠯ ᠤᠨ ᠶᠠᠰᠤ ᠴᠢᠨᠠᠷ ᠢ ᠴᠢᠩᠭ᠎ᠠ | ᠠᠳᠬᠤᠵᠤ᠂ ᠡᠮᠴᠢᠯᠡᠭᠡᠨ ᠤ ᠦᠷ᠎ᠡ ᠳ᠋ᠦᠩ ᠢ ᠪᠠᠲᠤᠯᠠᠨ᠂ ᠡᠮᠴᠢᠯᠡᠭᠡᠨ ᠤ ᠭᠡᠨᠡᠳᠡᠯ ᠭᠠᠷᠭᠠᠬᠤ ᠦᠭᠡᠢ᠂ ᠠᠷᠬᠠᠭ ᠬᠡᠮ | ᠦᠯᠡᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ | |