ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠤᠯᠤᠰ ᠤᠨ ᠳᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠰᠢᠨ᠎ᠡ ᠪᠠᠷ ᠨᠢᠭᠡ ᠨᠡᠮᠡᠭᠳᠡᠪᠡ
ᠨᠡᠶᠢᠲᠡᠯᠡᠭᠰᠡᠨ ᠴᠠᠭ᠄
2019/4/12
     ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠭᠤᠶᠤᠴᠢᠯᠠᠨ ᠮᠡᠳᠡᠭᠦᠯᠦᠭᠰᠡᠨ ᠮᠣᠩᠭᠤᠯ ᠬᠡᠯᠡᠨ ᠤ ᠤᠶᠤᠨᠴᠢ ᠮᠡᠳᠡᠭᠡ ᠵᠠᠩᠭᠢ ᠰᠢᠶᠳᠪᠦᠷᠢᠯᠡᠬᠦ ᠮᠡᠷᠭᠡᠵᠢᠯ ᠤᠨ ᠤᠯᠤᠰ ᠪᠣᠯᠣᠨ ᠣᠷᠣᠨ ᠨᠤᠲᠤᠭ ᠤᠨ ᠬᠠᠮᠲᠤᠷᠠᠭᠰᠠᠨ ᠢᠨᠵᠧᠨᠧᠷᠢᠩ ᠤᠨ ᠰᠤᠳᠤᠯᠭᠠᠨ ᠤ ᠲᠥᠪ ᠨᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠵᠥᠪᠰᠢᠶᠡᠷᠡᠯ ᠢ ᠣᠯᠵᠤ᠂ ᠲᠤᠰ ᠰᠤᠷᠭᠠᠭᠤᠯᠢ ᠶᠢᠨ ᠠᠩᠬᠠᠳᠠᠭᠴᠢ ᠤᠯᠤᠰ ᠪᠣᠯᠣᠨ ᠣᠷᠣᠨ ᠨᠤᠲᠤᠭ ᠤᠨ ᠬᠠᠮᠲᠤᠷᠠᠭᠰᠠᠨ ᠢᠨᠵᠧᠨᠧᠷᠢᠩ ᠤᠨ ᠰᠤᠳᠤᠯᠭᠠᠨ ᠤ ᠲᠥᠪ ᠪᠣᠯᠪᠠ᠂ ᠡᠨᠡ ᠨᠢ ᠥᠪᠥᠷ ᠮᠣᠩᠭᠤᠯ ᠤᠨ ᠶᠡᠭᠡ ᠰᠤᠷᠭᠠᠭᠤᠯᠢ ︽ᠬᠤᠤᠰ ᠲᠡᠷᠢᠭᠦᠨ ᠳᠡᠰ︾᠎ ᠤᠨ ᠪᠦᠲᠦᠭᠡᠨ ᠪᠠᠶᠢᠭᠤᠯᠤᠯᠲᠠ ᠪᠠ ︽ᠠᠶᠢᠮᠠᠭ ᠣᠷᠣᠨ ᠠᠴᠠ ᠬᠠᠮᠲᠤᠷᠠᠨ ᠪᠠᠶᠢᠭᠤᠯᠬᠤ︾ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠬᠠᠮᠲᠤ ᠤᠯᠤᠰ ᠤᠨ ᠳᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠳᠤ ᠪᠠᠰᠠ ᠨᠢᠭᠡ ᠴᠢᠬᠤᠯᠠ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ᠮᠣᠩᠭᠤᠯ ᠬᠡᠯᠡᠨ ᠤ ᠤᠶᠤᠯᠢᠭ ᠮᠡᠳᠡᠭᠡ ᠵᠠᠩᠭᠢ ᠶᠢ ᠰᠢᠶᠳᠪᠦᠷᠢᠯᠡᠬᠦ ᠮᠡᠷᠭᠡᠵᠢᠯ ᠤᠨ ᠤᠯᠤᠰ ᠪᠣᠯᠣᠨ ᠣᠷᠣᠨ ᠨᠤᠲᠤᠭ ᠤᠨ ᠬᠠᠮᠲᠤᠷᠠᠭᠰᠠᠨ ᠢᠨᠵᠧᠨᠧᠷᠢᠩ ᠤᠨ ᠰᠤᠳᠤᠯᠭᠠᠨ ᠤ ᠲᠥᠪ ᠨᠢ ᠮᠣᠩᠭᠤᠯ ᠬᠡᠯᠡᠨ ᠤ ᠤᠶᠤᠨᠴᠢ ᠮᠡᠳᠡᠭᠡ ᠵᠠᠩᠭᠢ ᠶᠢ ᠰᠢᠶᠳᠪᠦᠷᠢᠯᠡᠬᠦ ︵ᠥᠰᠥᠭ ᠪᠢᠴᠢᠭ ᠢ ᠢᠯᠭᠠᠨ ᠲᠠᠨᠢᠬᠤ᠂ ᠠᠪᠢᠶ᠎ᠠ ᠶᠢ ᠢᠯᠭᠠᠨ ᠲᠠᠨᠢᠬᠤ ᠪᠠ ᠨᠡᠶᠢᠯᠡᠭᠦᠯᠬᠦ᠂ ᠮᠠᠰᠢᠨ ᠣᠷᠴᠢᠭᠤᠯᠭ᠎ᠠ᠂ ᠮᠡᠳᠡᠭᠡ ᠵᠠᠩᠭᠢ ᠶᠢ ᠡᠷᠢᠬᠦ︶᠂ ᠮᠣᠩᠭᠤᠯ ᠬᠡᠯᠡᠨ ᠤ ᠦᠶᠯᠡᠴᠢᠯᠡᠭᠡᠨ ᠤ ᠰᠣᠹᠲ᠂ ᠡᠭᠦᠯᠡᠨ ᠪᠤᠳᠤᠯᠲᠠ ᠶᠢᠨ ᠲᠠᠪᠴᠠᠩ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠦᠶᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠤ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠶ ᠮᠡᠷᠭᠡᠵᠢᠯ ᠤᠨ ᠰᠤᠳᠤᠯᠭᠠᠨ ᠪᠠ ᠬᠡᠷᠡᠭᠯᠡᠯᠲᠡ ᠶᠢ ᠥᠷᠨᠢᠭᠦᠯᠵᠦ᠂ ᠮᠣᠩᠭᠤᠯ ᠬᠡᠯᠡᠨ ᠤ ᠮᠡᠳᠡᠭᠡ ᠵᠠᠩᠭᠢ ᠶᠢᠨ ᠰᠢᠶᠳᠪᠦᠷᠢᠯᠡᠯᠲᠡ ᠶᠢ ᠬᠥᠲᠥᠯᠥᠨ ᠵᠢᠯᠣᠭᠤᠳᠴᠤ ᠵᠣᠬᠢᠶᠠᠮᠠᠯ ᠤᠶᠤᠨᠴᠢ ᠴᠠᠭ ᠥᠶ᠎ᠡ ᠳᠤ ᠬᠦᠷᠦᠭᠦᠯᠵᠦ᠂ ᠮᠠᠨ ᠤ ᠣᠷᠣᠨ ᠴᠢᠨᠠᠭᠰᠢᠯᠠᠪᠠᠯ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠤᠶᠤᠨᠴᠢ ᠮᠡᠳᠡᠭᠡ ᠵᠠᠩᠭᠢ ᠶᠢ ᠰᠢᠶᠳᠪᠦᠷᠢᠯᠡᠬᠦ᠂ ᠲᠣᠮᠣ ᠳ᠋ᠠᠶᠢᠲ᠋ᠠ ᠡᠭᠦᠯᠡᠨ ᠪᠤᠳᠤᠯᠲᠠ ᠶᠢᠨ ᠦᠶᠯᠡᠴᠢᠯᠡᠭᠡ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号