4 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ | ᠱᠠᠩᠬᠠᠶ ᠶᠢᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠲᠤ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ | ᠮᠠᠶ᠋ᠢᠭ ᠢᠶᠠᠷ 2019 ᠣᠨ ᠤ ᠳᠥᠷᠪᠡᠳᠦᠭᠡᠷ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢ ᠰᠢᠨ᠎ᠡ ᠪᠠᠷ ᠨᠡᠮᠡᠨ ᠲᠠᠷᠬᠠᠭᠠᠪᠠ᠃ | ᠡᠭᠦᠨ ᠳᠤ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠵᠢᠭᠡᠯᠡᠯᠭᠡ ᠶᠢᠨ ᠲᠡᠮᠳᠡᠭᠲᠦ ᠶᠢ | ᠭᠤᠷᠪᠠᠨ ᠵᠢᠯ᠂ ᠲᠠᠪᠤᠨ ᠵᠢᠯ᠂ ᠳᠣᠯᠣᠭᠠᠨ ᠵᠢᠯ᠂ ᠠᠷᠪᠠᠨ ᠵᠢᠯ᠂ ᠠᠷᠪᠠᠨ ᠲᠠᠪᠤᠨ ᠵᠢᠯ ᠤᠨ ᠬᠤᠭᠤᠴᠠᠭ᠎ᠠ ᠲᠠᠢ ᠪᠠᠷ | 50 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠭᠰᠠᠨ ᠵᠣᠭᠤᠰ ᠤᠨ ᠲᠤᠭ᠎ᠠ ᠨᠢ ᠲᠤᠰ ᠲᠤᠰ 3.9 | ᠳ᠋ᠦᠩᠰᠢᠭᠤᠷ ᠲᠥᠭᠦᠷᠢᠭ᠂ 6.6 ᠳ᠋ᠦᠩᠰᠢᠭᠤᠷ ᠲᠥᠭᠦᠷᠢᠭ᠂ 9.1 ᠳ᠋ᠦᠩᠰᠢᠭᠤᠷ ᠲᠥᠭᠦᠷᠢᠭ᠂ 25.3 | ᠳ᠋ᠦᠩᠰᠢᠭᠤᠷ ᠲᠥᠭᠦᠷᠢᠭ᠂ 5.1 ᠳ᠋ᠦᠩᠰᠢᠭᠤᠷ ᠲᠥᠭᠦᠷᠢᠭ ᠪᠠᠶᠢᠵᠤ᠂ ᠲᠠᠷᠬᠠᠭᠠᠭᠰᠠᠨ ᠬᠦᠦ ᠶᠢᠨ ᠨᠣᠷᠮ᠎ᠠ ᠨᠢ ᠲᠤᠰ | ᠲᠤᠰ 3.09%᠂ 3.34%᠂ 3.65%᠂ 3.61%᠂ 3.88% ᠪᠣᠯᠤᠨ᠎ᠠ︔ ᠭᠠᠵᠠᠷ ᠰᠢᠷᠣᠶ ᠨᠥᠭᠡᠴᠡᠯᠡᠬᠦ | ᠵᠢᠭᠡᠯᠡᠯᠭᠡ ᠶᠢᠨ ᠲᠡᠮᠳᠡᠭᠲᠦ ᠶᠢ ᠲᠤᠰ ᠲᠤᠰ ᠲᠠᠪᠤᠨ ᠵᠢᠯ᠂ ᠠᠷᠪᠠᠨ ᠵᠢᠯ ᠤᠨ ᠬᠤᠭᠤᠴᠠᠭ᠎ᠠ ᠪᠠᠷ ᠲᠠᠢ 14 | ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠭᠰᠠᠨ ᠵᠣᠭᠤᠰ ᠤᠨ ᠲᠤᠭ᠎ᠠ ᠨᠢ ᠲᠤᠰ ᠲᠤᠰ 12.9 ᠳ᠋ᠦᠩᠰᠢᠭᠤᠷ | ᠲᠥᠭᠦᠷᠢᠭ᠂ 1.1 ᠳ᠋ᠦᠩᠰᠢᠭᠤᠷ ᠲᠥᠭᠦᠷᠢᠭ ᠪᠠᠶᠢᠵᠤ᠂ ᠲᠠᠷᠬᠠᠭᠠᠭᠰᠠᠨ ᠬᠦᠦ ᠶᠢᠨ ᠨᠣᠷᠮ᠎ᠠ ᠨᠢ ᠲᠤᠰ ᠲᠤᠰ 3. | 34%᠂ 3.71% ᠪᠣᠯᠤᠨ᠎ᠠ︔ ᠰᠦᠢᠳᠬᠡᠯ ᠬᠤᠷᠢᠶᠠᠬᠤ ᠵᠠᠰᠠᠮᠠᠯ ᠵᠠᠮ ᠤᠨ ᠵᠢᠭᠡᠯᠡᠯᠭᠡ ᠶᠢᠨ ᠲᠡᠮᠳᠡᠭᠲᠦ ᠶᠢ 10 | ᠵᠢᠯ ᠤᠨ ᠬᠤᠭᠤᠴᠠᠭ᠎ᠠ ᠲᠠᠢ ᠪᠠᠷ 25 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠭᠰᠠᠨ ᠬᠦᠦ ᠶᠢᠨ | ᠨᠤᠷᠮ᠎ᠠ ᠨᠢ 3.71% ᠪᠣᠯᠤᠨ᠎ᠠ᠃ |