ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ | ᠣᠷᠳᠣᠨ ᠤ ᠠᠯᠪᠠᠨ ᠲᠢᠩᠬᠢᠮ ᠠᠴᠠ ︽ᠮᠡᠷᠭᠡᠵᠢᠯ ᠤᠨ ᠠᠵᠢᠯᠴᠢᠨ ᠤ ᠣᠯᠭᠤᠮᠵᠢ ᠶᠢ ᠳᠡᠭᠡᠭᠰᠢᠯᠡᠭᠦᠯᠬᠦ ᠲᠤᠬᠠᠢ | ᠬᠡᠷᠡᠭᠵᠢᠭᠦᠯᠬᠦ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2019﹈ 6 ᠳ᠋ᠤᠭᠠᠷ ᠲᠣᠭᠠᠲᠤ︶ ︵ | ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠣᠶᠢᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ︽ᠬᠡᠷᠡᠭᠵᠢᠭᠦᠯᠬᠦ ᠰᠠᠨᠠᠯ︾ ᠤᠨ ᠲᠤᠬᠠᠢ ᠲᠠᠶᠢᠯᠤᠮᠵᠢ ᠬᠢᠵᠡᠢ᠃ | ᠨᠢᠭᠡ ᠳᠤ᠂ ᠠᠬᠤᠢ ᠪᠠᠶᠢᠳᠠᠯ ᠪᠠ ᠦᠨᠳᠦᠰᠦᠯᠡᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠮᠡᠷᠭᠡᠵᠢᠯ ᠤᠨ ᠠᠵᠢᠯᠴᠢᠨ ᠤ ᠣᠯᠭᠤᠮᠵᠢ ᠶᠢ ᠳᠡᠭᠡᠭᠰᠢᠯᠡᠭᠦᠯᠬᠦ | ᠲᠤᠬᠠᠢ ᠬᠡᠷᠡᠭᠵᠢᠭᠦᠯᠬᠦ ᠰᠠᠨᠠᠯ︾ ︵ᠳᠤᠮᠳᠠᠳᠤ ᠠᠯᠪᠠᠨ ᠲᠠᠷᠬᠠᠭᠠᠭᠰᠠᠨ ﹇2019﹈ 16 ᠳ᠋ᠤᠭᠠᠷ ᠲᠣᠭᠠᠲᠤ︶ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠡᠷᠭᠡᠵᠢᠯ ᠴᠢᠳᠠᠪᠤᠷᠢ ᠶᠢᠨ ᠤᠳᠤᠷᠢᠳᠤᠮᠵᠢ ᠶᠢᠨ | ᠤᠷᠮᠠᠰᠢᠭᠤᠯᠬᠤ ᠲᠣᠭᠲᠠᠴᠠ ᠳᠤ ᠰᠢᠨ᠎ᠡ ᠶᠢ ᠡᠭᠦᠳᠦᠨ᠂ ᠦᠢᠯᠡᠳᠪᠦᠷᠢᠯᠡᠯ ᠦᠢᠯᠡᠴᠢᠯᠡᠭᠡ ᠶᠢᠨ ᠡᠮᠦᠨ᠎ᠡ ᠹᠷᠣᠨᠲ ᠤᠨ | ᠠᠵᠢᠯ ᠤᠨ ᠪᠠᠶᠢᠷᠢ ᠶᠢᠨ ᠬᠥᠳᠡᠯᠮᠦᠷᠢᠯᠡᠭᠴᠢᠳ ᠢ ᠲᠠᠲᠠᠬᠤ ᠬᠦᠴᠦᠨ ᠢ ᠴᠢᠩᠭᠠᠷᠠᠭᠤᠯᠵᠤ᠂ ᠮᠡᠷᠭᠡᠵᠢᠯ ᠤᠨ | ᠠᠵᠢᠯᠴᠢᠨ ᠤ ᠣᠯᠭᠤᠮᠵᠢ ᠶᠢ ᠳᠡᠭᠡᠭᠰᠢᠯᠡᠭᠦᠯᠦᠨ᠂ ᠮᠠᠨ ᠤ ᠣᠷᠣᠨ ᠤ ᠮᠡᠷᠭᠡᠵᠢᠯ ᠤᠨ ᠠᠵᠢᠯᠴᠢᠨ ᠤ ᠨᠡᠶᠢᠭᠡᠮ ᠤᠨ | ᠪᠠᠶᠢᠷᠢ ᠰᠠᠭᠤᠷᠢ ᠬᠡᠳᠦ ᠳᠣᠣᠷ᠎ᠠ ᠪᠠᠶᠢᠭ᠎ᠠ ᠪᠠᠶᠢᠳᠠᠯ ᠢ ᠬᠦᠴᠦᠯᠡᠨ ᠥᠭᠡᠷᠡᠴᠢᠯᠡᠵᠦ᠂ ᠮᠡᠷᠭᠡᠵᠢᠯ ᠤᠨ ᠠᠵᠢᠯᠴᠢᠨ ᠤ | ᠬᠥᠷᠲᠡᠭᠡᠮᠵᠢᠲᠦ ᠲᠥᠷᠥᠭᠳᠡᠯ᠂ ᠣᠮᠣᠭᠰᠢᠯᠲᠤ ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠶᠢ ᠴᠢᠩᠭᠠᠷᠠᠭᠤᠯᠵᠤ᠂ | ᠮᠡᠷᠭᠡᠵᠢᠯ ᠤᠨ ᠠᠵᠢᠯᠴᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠬᠦ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ | ᠠᠯᠪᠠᠨ ᠲᠢᠩᠬᠢᠮ ᠠᠴᠠ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠳᠠᠲᠠᠢ ᠬᠡᠷᠡᠭᠵᠢᠭᠦᠯᠬᠦ | ᠰᠠᠨᠠᠯ ᠢ ᠰᠤᠳᠤᠯᠤᠨ ᠲᠣᠭᠲᠠᠭᠠᠵᠠᠢ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠳᠤ ᠵᠢᠷᠭᠤᠭᠠᠨ ᠬᠡᠰᠡᠭ ᠠᠭᠤᠯᠭ᠎ᠠ ᠪᠠᠭᠲᠠᠵᠤ ᠪᠠᠶᠢᠨ᠎ᠠ᠃ ᠨᠢᠭᠡ ᠳᠤ᠂ ᠶᠡᠷᠦᠩᠬᠡᠢ | ᠱᠠᠭᠠᠷᠳᠠᠯᠭ᠎ᠠ᠃ ᠭᠤᠣᠯᠳᠠᠭᠤ ᠬᠡᠷᠡᠭᠵᠢᠭᠦᠯᠬᠦ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ | ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ ᠬᠤᠶᠠᠷ ᠲᠤ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ | ᠣᠯᠭᠤᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ | ᠦᠢᠯᠡᠴᠢᠯᠡᠭᠡ ᠪᠠᠲᠤᠯᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠡᠭᠡᠳᠦ ᠮᠡᠷᠭᠡᠰᠢᠯᠲᠦ ᠬᠤᠰᠢᠭᠤᠴᠢ | ᠴᠢᠳᠠᠪᠤᠷᠢᠲᠠᠨ ᠤ ᠤᠯᠤᠰ ᠲᠥᠷᠥ ᠶᠢᠨ ᠬᠠᠷᠠᠭᠠᠯᠵᠠᠯ᠂ ᠠᠵᠤ ᠠᠬᠤᠢ ᠶᠢᠨ ᠣᠯᠭᠤᠮᠵᠢ ᠪᠠ ᠨᠡᠶᠢᠭᠡᠮ ᠤᠨ | ᠬᠠᠷᠠᠭᠠᠯᠵᠠᠯ ᠢ ᠳᠡᠭᠡᠭᠰᠢᠯᠡᠭᠦᠯᠬᠦ ᠵᠢᠴᠢ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠮᠡᠷᠭᠡᠵᠢᠯ ᠤᠨ ᠰᠢᠨ᠎ᠡ | ᠡᠭᠦᠳᠦᠯᠲᠡ ᠶᠢ ᠳᠡᠮᠵᠢᠬᠦ ᠵᠡᠷᠭᠡ ᠲᠠᠪᠤᠨ ᠲᠠᠯ᠎ᠠ ᠠᠴᠠ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ | ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ | ᠣᠯᠭᠤᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠪᠠ᠃ ᠭᠤᠷᠪᠠ ᠳᠤ᠂ ᠮᠡᠷᠭᠡᠵᠢᠯ ᠤᠨ ᠠᠵᠢᠯᠴᠢᠨ ᠤ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠮᠡᠷᠭᠡᠵᠢᠯ ᠤᠨ ᠠᠵᠢᠯᠴᠢᠨ ᠤ ᠣᠨᠴᠠᠯᠢᠭ ᠲᠤ ᠨᠡᠶᠢᠴᠡᠭᠰᠡᠨ ᠠᠵᠤ ᠠᠬᠤᠶᠢᠯᠠᠯ ᠤᠨ ᠴᠠᠯᠢᠩ ᠤᠨ | ᠬᠤᠪᠢᠶᠠᠷᠢᠯᠠᠯ ᠤᠨ ᠳᠦᠷᠢᠮ ᠢ ᠭᠤᠣᠯᠳᠠᠯᠭ᠎ᠠ ᠲᠠᠢ ᠪᠠᠷ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠤᠨ | ᠠᠵᠢᠯᠴᠢᠨ ᠤ ᠬᠡᠪ ᠤᠨ ᠨᠡᠮᠡᠭᠳᠡᠯ ᠪᠠ ᠤᠷᠲᠤ ᠬᠤᠭᠤᠴᠠᠭᠠᠨ ᠤ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ ᠭᠡᠵᠦ | ᠳᠤᠷᠠᠳᠤᠨ ᠭᠠᠷᠭᠠᠪᠠ᠃ ᠳᠥᠷᠪᠡ ᠳᠤ᠂ ᠮᠡᠷᠭᠡᠵᠢᠯ ᠤᠨ ᠠᠵᠢᠯᠴᠢᠨ ᠤ ᠮᠡᠷᠭᠡᠵᠢᠯ ᠴᠢᠳᠠᠪᠤᠷᠢ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠶᠢ ᠳᠡᠮᠵᠢᠨ᠎ᠡ᠃ ᠪᠦᠬᠦ ᠣᠷᠣᠨ ᠳᠤ ᠨᠠᠰᠤᠨ ᠲᠤᠷᠰᠢᠲᠠ ᠶᠢᠨ ᠡᠷᠬᠢᠯᠡᠭᠰᠡᠨ ᠠᠵᠢᠯ ᠤᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠬᠤ᠂ ᠠᠵᠤ ᠠᠬᠤᠶᠢᠯᠠᠯ ᠤᠨ ᠠᠵᠢᠯᠲᠠᠳ ᠤᠨ | ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠭᠤᠣᠯᠳᠠᠯᠭ᠎ᠠ ᠲᠠᠢ ᠪᠠᠷ | ᠴᠢᠩᠭᠠᠳᠬᠠᠬᠤ᠂ ᠳᠡᠭᠡᠳᠦ ᠮᠡᠷᠭᠡᠰᠢᠯᠲᠦ ᠴᠢᠳᠠᠪᠤᠷᠢᠲᠠᠨ ᠢ ᠬᠥᠭᠵᠢᠭᠦᠯᠦᠨ ᠳᠡᠪᠰᠢᠭᠦᠯᠬᠦ ᠲᠥᠯᠥᠪᠯᠡᠭᠡ ᠶᠢ | ᠬᠡᠷᠡᠭᠵᠢᠭᠦᠯᠬᠦ᠂ ᠮᠡᠷᠭᠡᠵᠢᠯ ᠤᠨ ᠠᠵᠢᠯᠴᠢᠨ ᠤ ᠮᠡᠷᠭᠡᠵᠢᠯ ᠴᠢᠳᠠᠪᠤᠷᠢ ᠳᠤ ᠪᠠᠨ ᠲᠦᠰᠢᠭᠯᠡᠨ ᠣᠯᠭᠤᠮᠵᠢ ᠢᠶᠠᠨ | ᠳᠡᠭᠡᠭᠰᠢᠯᠡᠭᠦᠯᠬᠦ ᠶᠢ ᠳᠡᠮᠵᠢᠨ᠎ᠡ ᠭᠡᠵᠦ ᠳᠤᠷᠠᠳᠤᠨ ᠭᠠᠷᠭᠠᠪᠠ᠃ ᠲᠠᠪᠤ ᠳᠤ᠂ ᠮᠡᠷᠭᠡᠵᠢᠯ ᠤᠨ ᠠᠵᠢᠯᠴᠢᠨ ᠤ ᠦᠨᠡᠯᠡᠯᠲᠡ | ᠬᠢᠵᠦ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠭᠤᠣᠯᠳᠠᠯᠭ᠎ᠠ ᠲᠠᠢ ᠪᠠᠷ ᠮᠡᠷᠭᠡᠵᠢᠯ ᠤᠨ ᠠᠵᠢᠯᠴᠢᠨ ᠤ | ᠦᠨᠡᠯᠡᠯᠲᠡ ᠬᠢᠬᠦ ᠠᠵᠢᠯ ᠢ ᠲᠡᠭᠦᠯᠳᠡᠷᠵᠢᠭᠦᠯᠬᠦ᠂ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠢᠶᠠᠷ ᠮᠡᠷᠭᠡᠵᠢᠯ ᠤᠨ | ᠠᠵᠢᠯᠴᠢᠨ ᠢ ᠰᠢᠯᠭᠠᠷᠠᠭᠤᠯᠤᠨ ᠰᠣᠩᠭᠤᠬᠤ ᠠᠵᠢᠯ ᠤᠨ ᠡᠷᠴᠢᠮ ᠢ ᠴᠢᠩᠭᠠᠷᠠᠭᠤᠯᠬᠤ᠂ ᠮᠡᠷᠭᠡᠵᠢᠯ ᠤᠨ ᠠᠵᠢᠯᠴᠢᠨ ᠤ | ᠠᠮᠠᠷᠠᠯᠲᠠ ᠪᠠᠨ ᠠᠪᠬᠤ ᠡᠷᠬᠡ ᠶᠢ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ᠵᠢᠷᠭᠤᠭ᠎ᠠ ᠳᠤ᠂ | ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠬᠤ᠂ ᠶᠠᠷᠢᠶ᠎ᠠ | ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠵᠡᠷᠭᠡ ᠲᠠᠯ᠎ᠠ ᠠᠴᠠ ᠪᠣᠳᠠᠲᠠᠢ ᠱᠠᠭᠠᠷᠳᠠᠯᠭ᠎ᠠ | ᠳᠤᠷᠠᠳᠴᠠᠢ᠃ | ᠭᠤᠷᠪᠠ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ | ︵ᠨᠢᠭᠡ︶ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠣᠯᠭᠤᠮᠵᠢ ᠤᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ | ᠨᠢᠭᠡ ᠳᠤ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢ ᠪᠦᠬᠦ | ᠲᠠᠯ᠎ᠠ ᠪᠠᠷ ᠴᠢᠩᠭᠠᠳᠬᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠪᠠ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ᠂ | ᠬᠡᠲᠦᠶᠢᠳᠦᠭᠰᠡᠨ ᠤᠷ᠎ᠠ ᠮᠡᠷᠭᠡᠰᠢᠯ ᠮᠡᠷᠭᠡᠵᠢᠯ ᠴᠢᠳᠠᠪᠤᠷᠢ ᠪᠠ ᠲᠡᠷᠢᠭᠦᠨ ᠤ ᠠᠵᠢᠯ ᠤᠨ ᠬᠢᠷᠢ ᠲᠦᠪᠰᠢᠨ ᠲᠠᠢ | ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠦᠢᠯᠡᠴᠢᠯᠡᠭᠡ ᠶᠢᠨ ᠡᠮᠦᠨ᠎ᠡ ᠹᠷᠣᠨᠲ ᠤᠨ ᠠᠵᠢᠯ ᠤᠨ | ᠪᠠᠶᠢᠷᠢ ᠳᠤ ᠤᠷᠲᠤ ᠬᠤᠭᠤᠴᠠᠭ᠎ᠠ ᠪᠠᠷ ᠠᠵᠢᠯᠯᠠᠭᠰᠠᠨ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠳᠤ᠂ ᠡᠯ᠎ᠡ | ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠣᠯᠭᠤᠮᠵᠢ ᠶᠢᠨ ᠬᠢᠷᠢ ᠲᠦᠪᠰᠢᠨ ᠢ ᠨᠢ ᠦᠨᠡᠨ ᠬᠦ ᠳᠡᠭᠡᠭᠰᠢᠯᠡᠭᠦᠯᠬᠦ ᠪᠠᠷ ᠳᠤᠷᠠᠳᠤᠨ ᠭᠠᠷᠭᠠᠪᠠ᠃ ᠥᠪᠡᠷᠲᠡᠭᠡᠨ | ᠵᠠᠰᠠᠬᠤ ᠣᠷᠣᠨ ᠠᠴᠠ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠨᠡᠷᠡᠰ ᠤᠨ ᠳᠦᠷᠢᠮ ᠢ ᠪᠠᠶᠢᠭᠤᠯᠤᠨ᠂ | ᠵᠢᠯ ᠪᠦᠷᠢ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠨᠡᠷᠡᠰ ᠢ ᠰᠢᠯᠭᠠᠷᠠᠭᠤᠯᠤᠨ ᠰᠣᠩᠭᠤᠬᠤ ᠶᠢᠨ ᠬᠠᠮᠲᠤ | ᠨᠡᠶᠢᠭᠡᠮ ᠳᠤ ᠨᠡᠶᠢᠲᠡᠯᠡᠨ᠎ᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠳᠡᠭᠡᠳᠦ | ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠡᠩᠨᠡᠭᠡ ᠶᠢᠨ ᠦᠢᠯᠡᠴᠢᠯᠡᠭᠡ ᠶᠢᠨ ᠴᠣᠩᠬᠤᠪᠴᠢ ᠪᠠ ᠮᠡᠳᠡᠭᠡ | ᠵᠠᠩᠭᠢ ᠶᠢᠨ ᠦᠢᠯᠡᠴᠢᠯᠡᠭᠡ ᠶᠢᠨ ᠲᠠᠪᠴᠠᠩ ᠢ ᠨᠡᠭᠡᠭᠡᠵᠦ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠳᠤ | ᠳᠥᠭᠦᠮ ᠪᠦᠲᠦᠮᠵᠢᠲᠡᠢ ᠦᠢᠯᠡᠴᠢᠯᠡᠭᠡ ᠬᠠᠩᠭᠠᠵᠤ᠂ ᠬᠠᠮᠢᠶ᠎ᠠ ᠪᠦᠬᠦᠢ ᠣᠯᠭᠤᠮᠵᠢ ᠶᠢ ᠨᠢ ᠵᠣᠬᠢᠴᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠶᠠᠷ ᠲᠤ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠤᠯᠤᠰ ᠲᠥᠷᠥ ᠶᠢᠨ ᠬᠠᠷᠠᠭᠠᠯᠵᠠᠯ ᠢ | ᠳᠡᠭᠡᠭᠰᠢᠯᠡᠭᠦᠯᠦᠨ᠎ᠡ᠃ ᠦᠢᠯᠡᠳᠪᠦᠷᠢᠯᠡᠯ ᠦᠢᠯᠡᠴᠢᠯᠡᠭᠡ ᠶᠢᠨ ᠡᠮᠦᠨ᠎ᠡ ᠹᠷᠣᠨᠲ᠂ ᠴᠢᠬᠤᠯᠠ ᠮᠡᠷᠭᠡᠵᠢᠯ ᠤᠨ ᠰᠢᠨ᠎ᠡ | ᠡᠭᠦᠳᠦᠯᠲᠡ ᠶᠢᠨ ᠬᠦᠷᠢᠶ᠎ᠡ ᠴᠠᠷᠠᠭ᠎ᠠ᠂ ᠨᠡᠶᠢᠲᠡ ᠶᠢᠨ ᠪᠤᠰᠤ ᠥᠮᠴᠢᠯᠡᠯᠲᠦ ᠠᠵᠤ ᠠᠬᠤᠶᠢᠯᠠᠯ᠂ ᠨᠡᠶᠢᠭᠡᠮ ᠤᠨ | ᠵᠣᠬᠢᠶᠠᠨ ᠪᠠᠶᠢᠭᠤᠯᠤᠯᠳ᠋᠊ ᠠᠴᠠ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠳᠣᠲᠣᠷ᠎ᠠ ᠨᠠᠮ ᠤᠨ ᠭᠡᠰᠢᠭᠦᠨ | ᠬᠥᠮᠥᠵᠢᠭᠦᠯᠬᠦ ᠶᠢ ᠴᠢᠬᠤᠯᠠᠴᠢᠯᠠᠨ᠂ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠳᠣᠲᠣᠷᠠᠬᠢ ᠳᠡᠭᠡᠳᠦ ᠮᠡᠷᠭᠡᠰᠢᠯᠲᠦ | ᠬᠤᠰᠢᠭᠤᠴᠢ ᠴᠢᠳᠠᠪᠤᠷᠢᠲᠠᠨ ᠤ ᠬᠠᠷᠢᠴᠠᠯ ᠢ ᠵᠣᠬᠢᠰᠲᠠᠢ ᠪᠠᠷ ᠨᠡᠮᠡᠭᠳᠡᠭᠦᠯᠦᠨ᠎ᠡ ᠭᠡᠵᠦ ᠳᠤᠷᠠᠳᠤᠨ ᠭᠠᠷᠭᠠᠪᠠ᠃ | ᠵᠠᠰᠠᠭ ᠲᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠨᠡᠯᠢᠶᠡᠳ ᠴᠢᠩᠭ᠎ᠠ ᠴᠢᠳᠠᠪᠤᠷᠢ ᠪᠦᠬᠦᠢ ᠳᠡᠭᠡᠳᠦ | ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠢ ᠰᠢᠯᠭᠠᠷᠠᠭᠤᠯᠤᠨ ᠰᠣᠩᠭᠤᠵᠤ ᠪᠦᠯᠬᠦᠮ ᠨᠡᠶᠢᠲᠡ ᠶᠢᠨ ᠵᠣᠬᠢᠶᠠᠨ | ᠪᠠᠶᠢᠭᠤᠯᠤᠯᠲᠠ ᠳᠤᠮᠳᠠ ᠣᠴᠢᠭᠤᠯᠤᠨ ᠲᠤᠰᠢᠶᠠᠯ ᠡᠭᠦᠷᠭᠡᠯᠡᠭᠦᠯᠬᠦ ᠪᠠ ᠲᠤᠰᠢᠶᠠᠯ ᠬᠠᠪᠰᠤᠷᠭᠠᠨ ᠡᠭᠦᠷᠭᠡᠯᠡᠭᠦᠯᠦᠨ᠎ᠡ᠃ | ᠨᠥᠬᠦᠴᠡᠯ ᠳᠤ ᠨᠡᠶᠢᠴᠡᠭᠰᠡᠨ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠢ ᠰᠢᠯᠭᠠᠷᠠᠭᠤᠯᠤᠨ ᠰᠣᠩᠭᠤᠭᠰᠠᠨ ᠤ | ᠳᠠᠷᠠᠭ᠎ᠠ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭ᠎ᠠ ᠠᠪᠬᠤ ᠲᠤᠰᠬᠠᠢ ᠮᠡᠷᠭᠡᠵᠢᠯᠲᠡᠨ ᠤ | ᠬᠡᠪᠴᠢᠶᠡᠨ ᠳᠤ ᠣᠷᠣᠭᠤᠯᠵᠤ᠂ ᠲᠣᠭᠲᠠᠭᠠᠯ ᠶᠣᠰᠣᠭᠠᠷ ᠲᠤᠰᠬᠠᠢ ᠮᠡᠷᠭᠡᠵᠢᠯᠲᠡᠨ ᠤ ᠪᠡᠶ᠎ᠡ ᠶᠢᠨ ᠪᠠᠶᠢᠴᠠᠭᠠᠯᠲᠠ᠂ | ᠠᠮᠠᠷᠠᠯᠲᠠ ᠵᠡᠷᠭᠡ ᠬᠠᠷᠠᠭᠠᠯᠵᠠᠯ ᠢ ᠬᠦᠷᠲᠡᠭᠡᠨ᠎ᠡ᠃ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠳ ᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠪᠠᠶᠢᠭᠠᠳ ᠣᠷᠣᠨ ᠤ ᠪᠠᠶᠢᠳᠠᠯ ᠢ ᠰᠤᠳᠤᠯᠤᠨ ᠰᠤᠷᠤᠯᠴᠠᠵᠤ ᠰᠢᠯᠭᠠᠨ | ᠪᠠᠶᠢᠴᠠᠭᠠᠬᠤ᠂ ᠨᠡᠶᠢᠭᠡᠮ ᠳᠤ ᠬᠠᠨᠳᠤᠭᠤᠯᠤᠨ ᠠᠰᠠᠭᠤᠨ ᠯᠠᠪᠯᠠᠯᠲᠠ ᠬᠢᠬᠦ ᠵᠡᠷᠭᠡ ᠦᠢᠯᠡᠴᠢᠯᠡᠭᠡ ᠳᠤ ᠣᠷᠣᠯᠴᠠᠭᠤᠯᠤᠨ᠎ᠠ᠃ | ᠬᠥᠳᠡᠯᠮᠦᠷᠢ ᠶᠢᠨ ᠵᠢᠱᠢᠶᠡᠴᠢ᠂ ︽5 · 1︾ ᠤ ᠬᠥᠳᠡᠯᠮᠦᠷᠢ ᠶᠢᠨ ᠱᠠᠩᠨᠠᠯ᠂ ᠵᠠᠰᠠᠭ ᠤᠨ ᠣᠷᠳᠣᠨ ᠤ ᠣᠨᠴᠠᠭᠠᠢ | ᠨᠡᠮᠡᠯᠭᠡ ᠶᠢ ᠬᠦᠷᠲᠡᠬᠦ ᠪᠠ ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ ᠵᠡᠷᠭᠡ ᠴᠢᠳᠠᠪᠤᠷᠢᠲᠠᠨ ᠤ ᠱᠠᠩᠨᠠᠯ ᠤᠨ | ᠵᠦᠢᠯ ᠤᠨ ᠰᠢᠯᠭᠠᠷᠠᠭᠤᠯᠤᠯᠲᠠ ᠳᠠᠬᠢ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠨᠡᠷᠡᠰ ᠤᠨ ᠬᠠᠷᠢᠴᠠᠯ ᠢ | ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠳᠤᠮᠳᠠᠬᠢ ᠳᠡᠭᠡᠳᠦ ᠮᠡᠷᠭᠡᠰᠢᠯᠲᠦ ᠬᠤᠰᠢᠭᠤᠴᠢ | ᠴᠢᠳᠠᠪᠤᠷᠢᠲᠠᠨ ᠤ ᠦᠢᠯᠡᠳᠦᠯ ᠢ ᠪᠠᠳᠠᠷᠠᠭᠤᠯᠤᠨ᠂ ᠠᠵᠤ ᠠᠬᠤᠶᠢᠯᠠᠯ ᠠᠴᠠ ᠳᠡᠭᠡᠳᠦ ᠮᠡᠷᠭᠡᠰᠢᠯᠲᠦ ᠬᠤᠰᠢᠭᠤᠴᠢ | ᠴᠢᠳᠠᠪᠤᠷᠢᠲᠠᠨ ᠢ ᠰᠢᠩᠭᠡᠭᠡᠨ ᠠᠪᠴᠤ ᠠᠵᠢᠯᠲᠠᠨ ᠤ ᠲᠥᠯᠥᠭᠡᠯᠡᠭᠴᠢᠳ ᠤᠨ ᠬᠡᠷᠡᠭ ᠮᠡᠳᠡᠭᠴᠢᠳ ᠤᠨ ᠵᠥᠪᠯᠡᠯ᠂ | ᠬᠢᠨᠠᠯᠲᠠ ᠲᠠᠯᠪᠢᠭᠴᠢᠳ ᠤᠨ ᠵᠥᠪᠯᠡᠯ ᠳᠤ ᠣᠷᠣᠭᠤᠯᠤᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠰᠢᠢᠳᠪᠦᠷᠢᠲᠦ | ᠪᠣᠳᠣᠯᠭ᠎ᠠ ᠳᠤ ᠣᠷᠣᠯᠴᠠᠭᠤᠯᠵᠤ᠂ ᠠᠵᠢᠯᠲᠠᠨ ᠤ ᠲᠥᠯᠥᠭᠡᠯᠡᠭᠴᠢᠳ ᠤᠨ ᠶᠡᠭᠡ ᠬᠤᠷᠠᠯ ᠳᠠᠬᠢ ᠬᠠᠷᠢᠴᠠᠯ ᠢ ᠵᠦᠢ | ᠵᠣᠬᠢᠰᠲᠠᠢ ᠪᠠᠷ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ | ᠭᠤᠷᠪᠠ ᠳᠤ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠠᠵᠤ ᠠᠬᠤᠢ ᠶᠢᠨ ᠣᠯᠭᠤᠮᠵᠢ ᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠳ ᠲᠤ ᠠᠵᠢᠯ | ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠥᠩᠭᠡᠷᠡᠯᠲᠡ ︵ᠣᠨ ᠵᠢᠳᠬᠦᠯ︶ ᠶᠢᠨ ᠴᠠᠯᠢᠩ ᠤᠨ | ᠳᠦᠷᠢᠮ ᠢ ᠲᠣᠭᠲᠠᠭᠠᠨ᠂ ᠮᠡᠷᠭᠡᠵᠢᠯ ᠴᠢᠳᠠᠪᠤᠷᠢ ᠶᠢᠨ ᠬᠢᠷᠢ ᠲᠦᠪᠰᠢᠨ ᠪᠠ ᠠᠵᠢᠯ ᠤᠨ ᠦᠷ᠎ᠡ ᠪᠦᠲᠦᠮᠵᠢ ᠶᠢᠨ | ᠬᠤᠪᠢ ᠨᠡᠮᠡᠷᠢ ᠳᠤ ᠨᠢ ᠰᠢᠨᠵᠢᠯᠡᠬᠦ ᠤᠬᠠᠭᠠᠨᠴᠢ ᠪᠠᠷ ᠦᠨᠡᠯᠡᠯᠲᠡ ᠬᠢᠵᠦ᠂ ᠣᠨ ᠥᠩᠭᠡᠷᠡᠯᠲᠡ ᠶᠢᠨ ᠡᠬᠢᠯᠡᠨ ᠨᠡᠮᠡᠬᠦ | ᠴᠡᠭ ᠪᠠ ᠴᠠᠯᠢᠩ ᠤᠨ ᠳᠡᠰ ᠤᠨ ᠵᠥᠷᠢᠶ᠎ᠡ ᠶᠢ ᠵᠦᠢ ᠵᠣᠬᠢᠰᠲᠠᠢ ᠪᠠᠷ ᠲᠣᠭᠲᠠᠭᠠᠬᠤ ᠶᠢ ᠵᠣᠷᠢᠭᠵᠢᠭᠤᠯᠤᠨ᠎ᠠ᠃ ᠠᠵᠤ | ᠠᠬᠤᠶᠢᠯᠠᠯ ᠠᠴᠠ ᠵᠠᠩᠭᠢᠯᠠᠭ᠎ᠠ ᠶᠢᠨ ᠮᠡᠷᠭᠡᠵᠢᠯ ᠤᠨ ᠠᠵᠢᠯ ᠤᠨ ᠪᠠᠶᠢᠷᠢ᠂ ᠵᠠᠩᠭᠢᠯᠠᠭ᠎ᠠ ᠶᠢᠨ ᠠᠵᠢᠯ ᠤᠨ ᠳᠡᠰ ᠳᠠᠷᠠᠭᠠᠯᠠᠯ | ᠪᠠ ᠪᠠᠴᠢᠮ ᠬᠡᠷᠡᠭᠴᠡᠭᠡᠨ ᠳᠤ ᠳᠤᠲᠠᠭᠳᠠᠬᠤ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠳᠤ᠂ ᠭᠡᠷᠡᠲᠦ | ᠴᠠᠯᠢᠩ᠂ ᠲᠥᠷᠥᠯ ᠵᠦᠢᠯ ᠤᠨ ᠴᠠᠯᠢᠩ᠂ ᠵᠢᠯ ᠤᠨ ᠴᠠᠯᠢᠩ ᠤᠨ ᠳᠦᠷᠢᠮ ᠵᠡᠷᠭᠡ ᠬᠤᠪᠢᠶᠠᠷᠢᠯᠠᠯᠲᠠ ᠶᠢᠨ ᠬᠡᠯᠪᠡᠷᠢ ᠶᠢ | ᠬᠡᠷᠡᠭᠵᠢᠭᠦᠯᠵᠦ᠂ ᠣᠨᠴᠠ ᠤᠷᠢᠭᠰᠠᠨ ᠠᠵᠢᠯ ᠤᠨ ᠪᠠᠶᠢᠷᠢ ᠶᠢᠨ ᠨᠡᠮᠡᠯᠭᠡ᠂ ᠱᠠᠪᠢ ᠳᠠᠭᠠᠭᠤᠯᠤᠭᠰᠠᠨ ᠨᠡᠮᠡᠯᠭᠡ ᠵᠡᠷᠭᠡ ᠶᠢ | ᠲᠣᠬᠢᠷᠠᠭᠤᠯᠤᠨ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠣᠷᠣᠯᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠨᠥᠬᠦᠴᠡᠯ ᠲᠠᠢ ᠠᠵᠤ ᠠᠬᠤᠶᠢᠯᠠᠯ ᠠᠴᠠ ᠨᠥᠬᠦᠪᠦᠷᠢ ᠨᠠᠰᠤᠵᠢᠯ ᠤᠨ | ᠳᠠᠭᠠᠳᠬᠠᠯ ᠪᠠ ᠨᠥᠬᠦᠪᠦᠷᠢ ᠡᠮᠴᠢᠯᠡᠭᠡ ᠶᠢᠨ ᠳᠠᠭᠠᠳᠬᠠᠯ ᠢ ᠪᠠᠶᠢᠭᠤᠯᠬᠤ ᠦᠶ᠎ᠡ ᠳᠤ ᠳᠡᠭᠡᠳᠦ ᠮᠡᠷᠭᠡᠰᠢᠯᠲᠦ | ᠬᠤᠰᠢᠭᠤᠴᠢ ᠴᠢᠳᠠᠪᠤᠷᠢᠲᠠᠨ ᠲᠡᠶᠢᠰᠢ ᠬᠡᠯᠪᠡᠶᠢᠯᠭᠡᠬᠦ ᠶᠢ ᠳᠡᠮᠵᠢᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠳᠤ ᠣᠷᠣᠯᠴᠠᠭᠰᠠᠨ ᠳᠡᠭᠡᠳᠦ | ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠳᠤ᠂ ᠪᠠᠶᠢᠭ᠎ᠠ ᠨᠢᠭᠡᠴᠢ ᠠᠴᠠ ᠨᠢ ᠲᠡᠭᠦᠨ ᠤ ᠲᠥᠷᠥᠯ ᠵᠦᠢᠯ ᠳᠠᠬᠢ | ᠦᠨᠡᠨ ᠪᠣᠳᠠᠲᠠᠢ ᠬᠤᠪᠢ ᠨᠡᠮᠡᠷᠢ ᠶᠢ ᠨᠢ ᠦᠨᠳᠦᠰᠦᠯᠡᠨ ᠠᠵᠢᠯ ᠤᠨ ᠦᠷ᠎ᠡ ᠪᠦᠲᠦᠮᠵᠢ ᠶᠢᠨ ᠱᠠᠩᠨᠠᠯ ᠣᠯᠭᠤᠬᠤ ᠶᠢ | ᠵᠣᠷᠢᠭᠵᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠳᠠᠮ ᠵᠠᠷᠤᠳᠠᠯ ᠢ ᠨᠢᠭᠡᠳᠦᠯᠲᠡᠢ ᠲᠥᠯᠥᠪᠯᠡᠨ ᠬᠡᠷᠡᠭᠯᠡᠬᠦ ᠳᠣᠲᠣᠭᠠᠳᠤ ᠶᠢᠨ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠵᠤ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠳᠤ ᠠᠵᠢᠯ ᠤᠨ ᠦᠷ᠎ᠡ | ᠪᠦᠲᠦᠮᠵᠢ ᠶᠢᠨ ᠱᠠᠩᠨᠠᠯ ᠣᠯᠭᠤᠨ᠎ᠠ᠃ ᠴᠢᠬᠤᠯᠠ ᠶᠡᠭᠡ ᠭᠠᠷ ᠤᠷᠠᠯᠠᠯ ᠤᠨ ᠮᠡᠷᠭᠡᠵᠢᠯ ᠤᠨ ᠬᠦᠴᠢᠷ ᠰᠡᠳᠦᠪ ᠪᠠ | ᠴᠢᠬᠤᠯᠠ ᠶᠡᠭᠡ ᠶᠠᠰᠤ ᠴᠢᠨᠠᠷ ᠤᠨ ᠠᠰᠠᠭᠤᠳᠠᠯ ᠶᠢ ᠰᠢᠢᠳᠪᠦᠷᠢᠯᠡᠭᠰᠡᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠱᠠᠲᠤ ᠠᠴᠠ ᠳᠡᠭᠡᠭᠰᠢᠬᠢ ᠱᠠᠩᠨᠠᠯ ᠢ ᠬᠦᠷᠲᠡᠭᠰᠡᠨ᠂ ︽ᠱᠠᠪᠢ | ᠳᠠᠭᠠᠭᠤᠯᠤᠭᠰᠠᠨ︾ ᠠᠵᠢᠯ ᠤᠨ ᠦᠷ᠎ᠡ ᠪᠦᠲᠦᠮᠵᠢ ᠨᠢ ᠲᠣᠪᠣᠶᠢᠮ᠎ᠠ ᠪᠣᠯ᠂ ᠰᠤᠷᠤᠯᠭ᠎ᠠ ᠶᠢᠨ ᠨᠠᠮᠲᠠᠷ᠂ ᠣᠨ ᠤ | ᠬᠢᠵᠠᠭᠠᠷ ᠵᠡᠷᠭᠡ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠳᠦᠷᠢᠮ ᠠᠴᠠ ᠭᠠᠳᠠᠭᠤᠷ ᠮᠡᠷᠭᠡᠵᠢᠯ ᠤᠨ ᠵᠡᠷᠭᠡ ᠳᠡᠰ ᠢ | ᠨᠢ ᠳᠡᠪᠰᠢᠭᠦᠯᠦᠨ᠎ᠡ᠃ | ᠳᠥᠷᠪᠡ ᠳᠤ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠨᠡᠶᠢᠭᠡᠮ ᠤᠨ ᠬᠠᠷᠠᠭᠠᠯᠵᠠᠯ ᠢ | ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠣᠷᠣᠭᠤᠯᠤᠨ ᠠᠪᠴᠢᠷᠠᠭᠰᠠᠨ ᠳᠡᠭᠡᠳᠦ ᠮᠡᠷᠭᠡᠰᠢᠯᠲᠦ | ᠬᠤᠰᠢᠭᠤᠴᠢ ᠴᠢᠳᠠᠪᠤᠷᠢᠲᠠᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠡᠮᠵᠢᠯᠭᠡ᠂ ᠠᠵᠢᠯ ᠤᠨ ᠪᠠᠶᠢᠷᠢ ᠶᠢᠨ | ᠵᠣᠷᠢᠭᠵᠢᠭᠤᠯᠤᠯ ᠪᠠ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠪᠠᠷ᠂ ᠲᠣᠭᠲᠠᠭᠠᠯ ᠶᠣᠰᠣᠭᠠᠷ ᠳᠡᠭᠡᠳᠦ ᠳᠡᠰ | ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠲᠠᠢ ᠠᠳᠠᠯᠢ ᠳᠡᠰ ᠤᠨ ᠬᠠᠷᠠᠭᠠᠯᠵᠠᠯ ᠬᠦᠷᠲᠡᠭᠡᠨ᠎ᠡ᠃ ᠡᠯ᠎ᠡ | ᠭᠠᠵᠠᠷ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠴᠢᠳᠠᠪᠤᠷᠢᠲᠠᠨ ᠤ ᠨᠡᠶᠢᠲᠡ ᠶᠢᠨ ᠣᠷᠣᠨ ᠰᠠᠭᠤᠴᠠ | ᠬᠠᠩᠭᠠᠬᠤ᠂ ᠣᠷᠣᠨ ᠰᠠᠭᠤᠴᠠ ᠬᠤᠳᠠᠯᠳᠤᠨ ᠠᠪᠬᠤ ︵ᠲᠦᠷᠢᠶᠡᠰᠦᠯᠡᠬᠦ︶ ᠨᠥᠬᠦᠪᠦᠷᠢ ᠣᠯᠭᠤᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠵᠤ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠵᠢᠴᠢ | ᠲᠡᠭᠦᠨ ᠤ ᠭᠡᠷ ᠪᠦᠯᠢ᠂ ᠨᠠᠰᠤᠨ ᠳᠤ ᠬᠦᠷᠦᠭᠡᠳᠦᠢ ᠦᠷ᠎ᠡ ᠬᠡᠦᠬᠡᠳ᠂ ᠡᠴᠢᠭᠡ ᠡᠬᠡ ᠶᠢ ᠨᠢ ᠲᠣᠭᠲᠠᠭᠠᠯ ᠶᠣᠰᠣᠭᠠᠷ | ᠠᠵᠢᠯᠯᠠᠬᠤ ᠭᠠᠵᠠᠷ ᠲᠤ ᠨᠢ ᠡᠷᠦᠬᠡ ᠠᠮᠠ ᠶᠢ ᠨᠢ ᠣᠷᠣᠭᠤᠯᠵᠤ ᠪᠣᠯᠣᠨ᠎ᠠ᠃ ᠳᠠᠭᠠᠯᠳᠤᠨ ᠨᠡᠭᠦᠭᠰᠡᠨ ᠦᠷ᠎ᠡ ᠬᠡᠦᠬᠡᠳ | ᠨᠢ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠲᠤᠨ ᠤ ᠰᠤᠷᠭᠠᠭᠤᠯᠢ ᠳᠤ ᠣᠷᠣᠬᠤ ᠱᠠᠭᠠᠷᠳᠠᠯᠭ᠎ᠠ ᠲᠠᠢ ᠪᠣᠯ᠂ | ︽ᠬᠡᠰᠡᠭ ᠬᠤᠪᠢᠶᠠᠨ ᠨᠢᠭᠤᠷᠳᠠᠨ ᠰᠢᠯᠭᠠᠵᠤ ᠣᠶᠢᠷ᠎ᠠ ᠬᠠᠪᠢ ᠶᠢᠨ ᠰᠤᠷᠭᠠᠭᠤᠯᠢ ᠳᠤ ᠣᠷᠣᠭᠤᠯᠬᠤ︾ ᠵᠠᠷᠴᠢᠮ | ᠶᠣᠰᠣᠭᠠᠷ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠵᠠᠰᠠᠭ ᠤᠨ ᠣᠷᠳᠣᠨ ᠵᠢᠴᠢ | ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ᠂ ᠠᠯᠪᠠᠨ ᠠᠴᠠ ᠡᠷᠬᠢᠯᠡᠭᠰᠡᠨ | ᠳᠤᠮᠳᠠᠳᠤ ᠪᠠᠭ᠎ᠠ ᠰᠤᠷᠭᠠᠭᠤᠯᠢ ᠪᠠᠷ ᠭᠤᠣᠯ ᠪᠣᠯᠭᠠᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠢᠵᠢᠯᠢ | ᠬᠤᠲᠠ ᠶᠢᠨ ᠬᠠᠷᠠᠭᠠᠯᠵᠠᠯ ᠢ ᠬᠦᠷᠲᠡᠭᠡᠨ᠎ᠡ᠃ ᠠᠵᠤ ᠠᠬᠤᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ | ᠶᠠᠪᠤᠴᠠ ᠳᠤ ᠬᠦᠴᠢᠷᠳᠡᠯ ᠳᠤ ᠲᠤᠯᠭᠠᠷᠠᠭᠰᠠᠨ ᠠᠵᠤ ᠠᠬᠤᠶᠢᠯᠠᠯ ᠳᠤ᠂ ᠠᠵᠤ ᠠᠬᠤᠶᠢᠯᠠᠯ ᠢ ᠳᠡᠮᠵᠢᠨ ᠠᠵᠢᠯ ᠤᠨ | ᠪᠠᠶᠢᠷᠢ ᠶᠢ ᠨᠢ ᠲᠣᠭᠲᠠᠪᠤᠷᠢᠵᠢᠭᠤᠯᠵᠤ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠳᠡᠭᠡᠳᠦ ᠮᠡᠷᠭᠡᠰᠢᠯᠲᠦ | ᠬᠤᠰᠢᠭᠤᠴᠢ ᠴᠢᠳᠠᠪᠤᠷᠢᠲᠠᠨ ᠤ ᠲᠣᠭᠲᠠᠭᠤᠨ ᠢᠶᠠᠷ ᠠᠵᠢᠯ ᠣᠯᠬᠤ ᠶᠢ ᠪᠠᠲᠤᠯᠠᠬᠤ ᠬᠡᠷᠡᠭᠲᠡᠢ︔ ᠳᠡᠭᠡᠳᠦ ᠮᠡᠷᠭᠡᠰᠢᠯᠲᠦ | ᠬᠤᠰᠢᠭᠤᠴᠢ ᠴᠢᠳᠠᠪᠤᠷᠢᠲᠠᠨ ᠤ ᠬᠠᠨᠢ ᠢᠵᠢᠯᠢ᠂ ᠦᠷ᠎ᠡ ᠬᠡᠦᠬᠡᠳ ᠨᠢ ᠠᠵᠢᠯ ᠣᠯᠬᠤ ᠬᠦᠰᠡᠯ ᠡᠷᠡᠮᠡᠯᠵᠡᠯ ᠲᠠᠢ | ᠪᠣᠯᠪᠠᠴᠤ ᠠᠵᠢᠯ ᠣᠯᠣᠭᠠᠳᠤᠢ ᠪᠣᠯ᠂ ᠲᠤᠬᠠᠢ ᠶᠢᠨ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠢᠭᠡ ᠨᠢᠭᠡ ᠪᠠᠷ ᠳᠠᠭᠠᠭᠠᠨ ᠠᠪᠬᠤ ᠡᠷᠬᠢᠯᠡᠭᠰᠡᠨ ᠠᠵᠢᠯ ᠤᠨ | ᠵᠢᠯᠣᠭᠤᠳᠤᠯᠭ᠎ᠠ ᠪᠠ ᠠᠵᠢᠯ ᠣᠯᠬᠤ ᠪᠣᠯᠪᠠᠰᠤᠷᠠᠭᠤᠯᠤᠯ ᠬᠠᠩᠭᠠᠵᠤ᠂ ᠣᠨ ᠤ ᠳᠣᠲᠣᠷ᠎ᠠ 2 ᠠᠴᠠ ᠳᠡᠭᠡᠭᠰᠢ ᠠᠵᠢᠯ | ᠣᠯᠬᠤ ᠲᠣᠬᠢᠶᠠᠯ ᠬᠠᠩᠭᠠᠨ᠎ᠠ᠃ ᠬᠦᠴᠢᠷᠳᠡᠯᠲᠡᠢ ᠬᠥᠮᠥᠰ ᠤᠨ ᠨᠥᠬᠦᠴᠡᠯ ᠳᠤ ᠨᠡᠶᠢᠴᠡᠭᠰᠡᠨ ᠪᠣᠯ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠳᠡᠭᠡᠳᠦ | ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠤ | ᠢᠳᠡᠪᠬᠢᠲᠡᠢ ᠪᠠᠷ ᠦᠢᠯᠡᠴᠢᠯᠡᠭᠡ ᠬᠠᠩᠭᠠᠵᠤ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠨ᠂ ᠲᠡᠳᠡ ᠨᠠᠷ ᠲᠤ ᠠᠵᠤ | ᠠᠬᠤᠶᠢᠯᠠᠯ ᠳᠠᠩᠰᠠᠯᠠᠭᠤᠯᠬᠤ ᠵᠡᠷᠭᠡ ᠳᠤ ᠳᠥᠭᠦᠮ ᠦᠢᠯᠡᠴᠢᠯᠡᠭᠡ ᠬᠠᠩᠭᠠᠨ᠎ᠠ᠃ | ᠲᠠᠪᠤ ᠳᠤ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠮᠡᠷᠭᠡᠵᠢᠯ ᠤᠨ ᠰᠢᠨ᠎ᠡ ᠡᠭᠦᠳᠦᠯᠲᠡ ᠶᠢ | ᠳᠡᠮᠵᠢᠨ᠎ᠡ᠃ ᠠᠵᠤ ᠠᠬᠤᠶᠢᠯᠠᠯ ᠠᠴᠠ ᠮᠡᠷᠭᠡᠵᠢᠯ ᠴᠢᠳᠠᠪᠤᠷᠢ ᠶᠢᠨ ᠳᠠᠷᠬᠠᠳ ᠤᠨ ᠠᠵᠢᠯ ᠤᠨ ᠲᠠᠰᠤᠭ᠂ | ᠬᠥᠳᠡᠯᠮᠦᠷᠢ ᠶᠢᠨ ᠵᠢᠱᠢᠶᠡᠴᠢ ᠪᠠ ᠤᠷᠠᠴᠢᠨ ᠴᠢᠳᠠᠪᠤᠷᠢᠲᠠᠳ ᠤᠨ ᠰᠢᠨ᠎ᠡ ᠶᠢ ᠡᠭᠦᠳᠬᠦ ᠠᠵᠢᠯ ᠤᠨ ᠲᠠᠰᠤᠭ᠂ | ᠠᠵᠢᠯᠲᠠᠨ ᠤ ᠰᠢᠨ᠎ᠡ ᠶᠢ ᠡᠭᠦᠳᠬᠦ ᠠᠵᠢᠯ ᠤᠨ ᠲᠠᠰᠤᠭ᠂ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ | ᠬᠤᠰᠢᠭᠤᠴᠢᠳ ᠤᠨ ᠠᠵᠢᠯ ᠤᠨ ᠲᠠᠰᠤᠭ ᠵᠡᠷᠭᠡ ᠰᠢᠨ᠎ᠡ ᠶᠢ ᠡᠭᠦᠳᠦᠨ ᠰᠣᠯᠢᠯᠴᠠᠭ᠎ᠠ ᠬᠢᠬᠦ ᠦᠵᠡᠭᠦᠯᠭᠡ ᠶᠢᠨ | ᠲᠠᠪᠴᠠᠩ ᠵᠡᠷᠭᠡ ᠶᠢ ᠡᠭᠦᠳᠦᠨ ᠪᠠᠶᠢᠭᠤᠯᠵᠤ᠂ ᠱᠠᠪᠢ ᠳᠠᠭᠠᠭᠤᠯᠤᠨ ᠮᠡᠷᠭᠡᠵᠢᠯ ᠢᠶᠠᠨ ᠤᠯᠠᠮᠵᠢᠯᠠᠬᠤ᠂ ᠮᠡᠷᠭᠡᠵᠢᠯ ᠤᠨ | ᠰᠢᠨᠡᠴᠢᠯᠡᠯᠲᠡ ᠬᠢᠬᠦ᠂ ᠮᠡᠷᠭᠡᠵᠢᠯ ᠴᠢᠳᠠᠪᠤᠷᠢ ᠶᠢᠨ ᠰᠣᠯᠢᠯᠴᠠᠭ᠎ᠠ ᠬᠢᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠶᠢ | ᠵᠣᠷᠢᠭᠵᠢᠭᠤᠯᠤᠨ᠎ᠠ᠃ ᠪᠦᠬᠦ ᠤᠯᠤᠰ ᠤᠨ ᠰᠢᠨ᠎ᠡ ᠶᠢ ᠡᠭᠦᠳᠦᠨ ᠲᠡᠷᠢᠭᠦᠨ ᠤ ᠬᠢ ᠶᠢ ᠲᠡᠮᠡᠴᠡᠬᠦ ᠱᠠᠩᠨᠠᠯ ᠤᠨ | ᠲᠠᠨᠢᠯᠴᠠᠭᠤᠯᠭ᠎ᠠ ᠳᠤ ᠣᠷᠣᠯᠴᠠᠬᠤ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠷᠥᠯ ᠤᠨ ᠱᠠᠩᠨᠠᠯ ᠤᠨ ᠵᠦᠢᠯ ᠤᠨ ᠬᠥᠬᠢᠭᠦᠯᠦᠯ ᠳᠤ ᠣᠷᠣᠯᠴᠠᠬᠤ ᠳᠡᠭᠡᠳᠦ ᠮᠡᠷᠭᠡᠰᠢᠯᠲᠦ | ᠬᠤᠰᠢᠭᠤᠴᠢ ᠴᠢᠳᠠᠪᠤᠷᠢᠲᠠᠨ ᠤ ᠨᠡᠷᠡᠰ ᠢ ᠨᠡᠮᠡᠭᠳᠡᠭᠦᠯᠦᠨ᠎ᠡ᠃ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ | ᠣᠯᠣᠭᠰᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ᠂ ᠲᠡᠭᠦᠨ ᠤ ᠨᠡᠷ᠎ᠡ ᠶᠢᠨ ᠬᠡᠯᠪᠡᠷᠢ ᠪᠠᠷ | ᠨᠡᠷᠡᠶᠢᠳᠦᠨ ᠳᠡᠯᠭᠡᠷᠡᠭᠦᠯᠵᠦ᠂ ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠮᠡᠳᠡᠯᠭᠡ ᠶᠢᠨ ᠥᠮᠴᠢᠯᠡᠬᠦ ᠡᠷᠬᠡ | ᠪᠠ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢᠶᠠᠨ ᠤᠯᠠᠷᠢᠭᠤᠯᠬᠤ ᠡᠷᠬᠡ ᠠᠰᠢᠭ ᠢ ᠬᠠᠮᠠᠭᠠᠯᠠᠨ᠎ᠠ᠃ | ᠳᠡᠭᠡᠳᠦ ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠪᠠᠶᠢᠭ᠎ᠠ ᠠᠵᠤ ᠠᠬᠤᠶᠢᠯᠠᠯ ︵ᠭᠠᠵᠠᠷ ᠣᠷᠣᠨ᠂ ᠪᠦᠯᠦᠭᠯᠡᠯ᠂ | ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ︶ ᠤᠨ ᠢᠶᠠᠨ ᠠᠵᠢᠯᠲᠠᠨ ᠤ ᠬᠥᠮᠥᠵᠢᠯ ᠪᠣᠯᠪᠠᠰᠤᠷᠠᠭᠤᠯᠤᠯ ᠳᠤ | ᠣᠷᠣᠯᠴᠠᠬᠤ ᠶᠢ ᠳᠡᠮᠵᠢᠵᠦ᠂ ᠴᠢᠳᠠᠪᠤᠷᠢᠲᠠᠨ ᠤ ᠬᠥᠭᠵᠢᠯᠲᠡ ᠶᠢ ᠲᠥᠯᠥᠪᠵᠢᠭᠦᠯᠬᠦ᠂ ᠳᠡᠭᠡᠳᠦ ᠮᠡᠷᠭᠡᠰᠢᠯᠲᠦ | ᠴᠢᠳᠠᠪᠤᠷᠢᠲᠠᠨ ᠢ ᠰᠢᠯᠭᠠᠷᠠᠭᠤᠯᠬᠤ᠂ ᠮᠡᠷᠭᠡᠵᠢᠯ ᠤᠨ ᠴᠣᠯᠠ ︵ᠮᠡᠷᠭᠡᠵᠢᠯ ᠴᠢᠳᠠᠪᠤᠷᠢ ᠶᠢᠨ ᠵᠡᠷᠭᠡ ᠳᠡᠰ︶ ᠶᠢ ᠬᠢᠨᠠᠨ | ᠲᠣᠭᠲᠠᠭᠠᠬᠤ ᠪᠤᠶᠤ ᠮᠠᠭᠠᠳᠯᠠᠨ ᠲᠣᠭᠲᠠᠭᠠᠬᠤ᠂ ᠵᠢᠭᠠᠨ ᠰᠤᠷᠭᠠᠯᠲᠠ ᠶᠢᠨ ᠦᠢᠯᠡᠳᠦᠯᠭᠡ ᠬᠢᠬᠦ ᠵᠡᠷᠭᠡ ᠠᠵᠢᠯ ᠢ | ᠲᠣᠭᠲᠠᠭᠠᠬᠤ ᠶᠠᠪᠤᠴᠠ ᠳᠠᠬᠢ ᠨᠢᠷᠤᠭᠤᠪᠴᠢ ᠬᠦᠴᠦᠲᠡᠨ ᠤ ᠦᠢᠯᠡᠳᠦᠯ ᠢ ᠨᠢ ᠪᠠᠳᠠᠷᠠᠭᠤᠯᠤᠨ᠎ᠠ᠃ ᠳᠡᠭᠡᠳᠦ | ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠣᠯᠠᠨ ᠤᠯᠤᠰ ᠤᠨ ᠲᠣᠮᠣ ᠬᠡᠯᠪᠡᠷᠢ ᠶᠢᠨ ᠠᠵᠤ ᠦᠢᠯᠡᠳᠪᠦᠷᠢ ᠶᠢᠨ | ᠦᠵᠡᠭᠦᠯᠭᠡ᠂ ᠨᠡᠭᠡᠭᠡᠯᠲᠡ ᠶᠢᠨ ᠦᠵᠡᠭᠦᠯᠭᠡ᠂ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ | ᠵᠡᠷᠭᠡ ᠤᠯᠤᠰ ᠤᠨ ᠭᠠᠳᠠᠭᠠᠳᠤ ᠶᠢᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠬᠤ ᠶᠢ ᠳᠡᠮᠵᠢᠵᠦ᠂ ᠳᠡᠰ ᠳᠠᠷᠠᠭᠠᠯᠠᠯ | ᠶᠣᠰᠣᠭᠠᠷ ᠵᠠᠰᠠᠭ ᠤᠨ ᠣᠷᠳᠣᠨ ᠠᠴᠠ ᠭᠠᠳᠠᠭᠠᠳᠤ ᠳᠤ ᠭᠠᠷᠭᠠᠵᠤ ᠪᠣᠯᠪᠠᠰᠤᠷᠠᠭᠤᠯᠤᠯ ᠬᠢᠬᠦ ᠪᠦᠯᠬᠦᠮ ᠨᠡᠶᠢᠲᠡ ᠶᠢᠨ | ᠲᠥᠯᠥᠪᠯᠡᠭᠡ ᠳᠤ ᠣᠷᠣᠭᠤᠯᠬᠤ ᠪᠠᠷ ᠮᠡᠳᠡᠭᠦᠯᠦᠨ ᠵᠥᠪᠰᠢᠶᠡᠷᠡᠭᠦᠯᠵᠦ ᠪᠣᠯᠣᠨ᠎ᠠ᠃ | ︵ᠬᠤᠶᠠᠷ︶ ᠮᠡᠷᠭᠡᠵᠢᠯ ᠲᠠᠢ ᠠᠵᠢᠯᠴᠢᠨ ᠤ ᠣᠷᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠨᠢᠭᠡ ᠳᠤ᠂ ᠮᠡᠷᠭᠡᠵᠢᠯ ᠤᠨ ᠠᠵᠢᠯᠴᠢᠨ ᠤ ᠣᠨᠴᠠᠯᠢᠭ ᠲᠤ ᠨᠡᠶᠢᠴᠡᠭᠰᠡᠨ ᠠᠵᠤ ᠠᠬᠤᠶᠢᠯᠠᠯ ᠤᠨ ᠴᠠᠯᠢᠩ ᠤᠨ | ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠢ ᠵᠢᠯᠣᠭᠤᠳᠤᠨ ᠴᠠᠯᠢᠩ ᠤᠨ | ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠢᠯ ᠤᠨ ᠪᠠᠶᠢᠷᠢ ᠶᠢᠨ ᠥᠷᠲᠡᠭ᠂ | ᠴᠢᠳᠠᠪᠤᠷᠢ ᠬᠡᠪ ᠴᠢᠨᠠᠷ᠂ ᠠᠵᠢᠯ ᠤᠨ ᠦᠷ᠎ᠡ ᠪᠦᠲᠦᠮᠵᠢ ᠪᠠ ᠬᠤᠪᠢ ᠨᠡᠮᠡᠷᠢ ᠳᠤ ᠰᠠᠭᠤᠷᠢᠯᠠᠭᠰᠠᠨ ᠴᠠᠯᠢᠩ ᠤᠨ | ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠮᠡᠷᠭᠡᠵᠢᠯ | ᠴᠢᠳᠠᠪᠤᠷᠢ ᠶᠢᠨ ᠥᠷᠲᠡᠭ ᠤᠨ ᠤᠷᠮᠠᠰᠢᠭᠤᠯᠬᠤ ᠤᠳᠤᠷᠢᠳᠤᠮᠵᠢ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ | ᠴᠠᠯᠢᠩ ᠤᠨ ᠪᠦᠲᠦᠴᠡ ᠳᠤ ᠮᠡᠷᠭᠡᠵᠢᠯ ᠴᠢᠳᠠᠪᠤᠷᠢ ᠶᠢᠨ ᠥᠷᠲᠡᠭ ᠤᠨ ᠴᠠᠯᠢᠩ ᠤᠨ ᠨᠢᠭᠡᠴᠢ ᠶᠢ ᠲᠣᠬᠢᠷᠠᠭᠤᠯᠤᠨ | ᠢᠯᠡᠷᠡᠭᠦᠯᠵᠦ᠂ ᠮᠡᠷᠭᠡᠵᠢᠯ ᠤᠨ ᠠᠵᠢᠯᠴᠢᠨ ᠳᠤ ᠴᠢᠭᠯᠡᠭᠦᠯᠦᠭᠰᠡᠨ ᠨᠥᠬᠦᠪᠦᠷᠢ ᠨᠡᠮᠡᠯᠭᠡ ᠶᠢᠨ ᠳᠦᠷᠢᠮ ᠢ ᠪᠠᠶᠢᠭᠤᠯᠤᠨ᠂ | ᠮᠡᠷᠭᠡᠵᠢᠯ ᠤᠨ ᠠᠵᠢᠯᠴᠢᠨ ᠤ ᠴᠠᠯᠢᠩ ᠤᠨ ᠣᠯᠭᠤᠮᠵᠢ ᠪᠠ ᠨᠡᠮᠡᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠴᠠᠯᠢᠩ ᠤᠨ ᠨᠡᠶᠢᠲᠡ ᠪᠠᠷ ᠢᠶᠠᠨ | ᠵᠥᠪᠳᠡᠯᠴᠡᠬᠦ ᠳᠦᠷᠢᠮ︾ ᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠴᠠᠯᠢᠩ ᠤᠨ ᠨᠡᠶᠢᠲᠡ ᠪᠠᠷ ᠢᠶᠠᠨ | ᠵᠥᠪᠳᠡᠯᠴᠡᠬᠦ ᠳᠦᠷᠢᠮ ᠢ ᠨᠡᠶᠢᠳᠡᠮ ᠳᠤ ᠨᠢ ᠪᠠᠶᠢᠭᠤᠯᠬᠤ ᠶᠢ ᠠᠬᠢᠭᠤᠯᠵᠤ᠂ ᠮᠡᠷᠭᠡᠵᠢᠯ ᠤᠨ ᠠᠵᠢᠯᠴᠢᠨ ᠴᠢᠭᠵᠢᠭᠦᠦ | ᠠᠵᠢᠯ ᠲᠥᠷᠥᠯ᠂ ᠬᠦᠷᠢᠶᠡᠯᠡᠩ ᠲᠣᠭᠤᠷᠢᠭ ᠲᠤ ᠠᠵᠢᠯ ᠲᠥᠷᠥᠯ ᠤᠨ ᠴᠢᠨᠠᠷ᠂ ᠣᠷᠣᠨ ᠪᠦᠰᠡ ᠶᠢᠨ ᠴᠢᠨᠠᠷ ᠲᠠᠢ | ᠨᠡᠶᠢᠲᠡ ᠪᠠᠷ ᠢᠶᠠᠨ ᠵᠥᠪᠳᠡᠯᠴᠡᠬᠦ ᠳᠦᠷᠢᠮ ᠢ ᠬᠡᠷᠡᠭᠵᠢᠭᠦᠯᠦᠨ᠎ᠡ᠃ | ᠬᠤᠶᠠᠷ ᠲᠤ᠂ ᠠᠵᠤ ᠠᠬᠤᠶᠢᠯᠠᠯ ᠤᠨ ᠮᠡᠷᠭᠡᠵᠢᠯ ᠤᠨ ᠠᠵᠢᠯᠴᠢᠨ ᠤ ᠴᠠᠯᠢᠩ ᠢ ᠨᠡᠮᠡᠭᠳᠡᠭᠦᠯᠬᠦ ᠪᠠ ᠤᠷᠲᠤ | ᠬᠤᠭᠤᠴᠠᠭᠠᠨ ᠤ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ ᠬᠤᠶᠠᠷ ᠱᠠᠲᠤᠨ ᠤ ᠠᠵᠤ ᠠᠬᠤᠶᠢᠯᠠᠯ ᠤᠨ ᠬᠥᠯᠥᠰᠦ ᠣᠯᠭᠤᠮᠵᠢ ᠳᠤ ᠪᠠᠶᠢᠴᠠᠭᠠᠯᠲᠠ ᠬᠢᠬᠦ ᠪᠠ ᠮᠡᠳᠡᠭᠡ | ᠵᠠᠩᠭᠢ ᠶᠢ ᠨᠡᠶᠢᠲᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠮᠡᠷᠭᠡᠵᠢᠯ ᠤᠨ ᠠᠵᠢᠯᠴᠢᠨ ᠤ ᠬᠥᠯᠥᠰᠦ | ᠣᠯᠭᠤᠮᠵᠢ ᠶᠢᠨ ᠵᠢᠯᠣᠭᠤᠳᠤᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ᠂ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠪᠠᠶᠢᠭᠠᠳ ᠮᠡᠷᠭᠡᠵᠢᠯ ᠤᠨ ᠠᠵᠢᠯᠴᠢᠨ ᠤ ᠴᠠᠯᠢᠩ ᠤᠨ ᠬᠢᠷᠢ ᠲᠦᠪᠰᠢᠨ ᠢ ᠰᠢᠨᠵᠢᠯᠡᠬᠦ | ᠤᠬᠠᠭᠠᠨᠴᠢ ᠪᠠᠷ ᠲᠣᠭᠲᠠᠭᠠᠨ᠂ ᠮᠡᠷᠭᠡᠵᠢᠯ ᠤᠨ ᠠᠵᠢᠯᠴᠢᠨ ᠤ ᠴᠠᠯᠢᠩ ᠢ ᠵᠦᠢ ᠵᠣᠬᠢᠰᠲᠠᠢ ᠨᠡᠮᠡᠭᠳᠡᠭᠦᠯᠬᠦ ᠶᠢ | ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ | ᠶᠡᠷᠦᠩᠬᠡᠢ ᠲᠤᠭ᠎ᠠ ᠶᠢ ᠬᠤᠪᠢᠶᠠᠷᠢᠯᠠᠬᠤ ᠳᠤ ᠪᠠᠨ ᠳᠡᠭᠡᠳᠦ ᠮᠡᠷᠭᠡᠰᠢᠯᠲᠦ ᠴᠢᠳᠠᠪᠤᠷᠢᠲᠠᠨ ᠲᠡᠶᠢᠰᠢ ᠬᠡᠯᠪᠡᠶᠢᠯᠭᠡᠵᠦ᠂ | ᠳᠡᠭᠡᠳᠦ ᠮᠡᠷᠭᠡᠰᠢᠯᠲᠦ ᠴᠢᠳᠠᠪᠤᠷᠢᠲᠠᠨ ᠤ ᠬᠥᠮᠥᠨ ᠪᠦᠷᠢ ᠳᠤ ᠲᠡᠭᠰᠢᠳᠬᠡᠭᠰᠡᠨ ᠴᠠᠯᠢᠩ ᠤᠨ ᠨᠡᠮᠡᠭᠳᠡᠯ ᠤᠨ ᠬᠡᠮᠵᠢᠶ᠎ᠡ ᠶᠢ | ᠲᠤᠰ ᠨᠢᠭᠡᠴᠢ ᠶᠢᠨ ᠬᠠᠮᠢᠶᠠᠷᠤᠯᠲᠠ ᠶᠢᠨ ᠠᠵᠢᠯᠲᠠᠨ ᠤ ᠬᠥᠮᠥᠨ ᠪᠦᠷᠢ ᠳᠤ ᠲᠡᠭᠰᠢᠳᠬᠡᠭᠰᠡᠨ ᠴᠠᠯᠢᠩ ᠤᠨ | ᠨᠡᠮᠡᠭᠳᠡᠯ ᠤᠨ ᠬᠡᠮᠵᠢᠶ᠎ᠡ ᠠᠴᠠ ᠳᠣᠣᠷ᠎ᠠ ᠪᠠᠶᠢᠯᠭᠠᠬᠤ ᠦᠭᠡᠢ᠃ ᠠᠵᠤ ᠠᠬᠤᠶᠢᠯᠠᠯ ᠤᠨ ᠮᠡᠷᠭᠡᠵᠢᠯ ᠤᠨ ᠠᠵᠢᠯᠴᠢᠨ ᠤ | ᠮᠡᠷᠭᠡᠵᠢᠯ ᠴᠢᠳᠠᠪᠤᠷᠢ ᠶᠢᠨ ᠴᠢᠬᠤᠯᠠ ᠬᠦᠴᠦᠨ ᠵᠦᠢᠯ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠪᠢ | ᠨᠡᠮᠡᠷᠢ ᠶᠣᠰᠣᠭᠠᠷ ᠬᠤᠪᠢᠶᠠᠷᠢᠯᠠᠯᠲᠠ ᠳᠤ ᠣᠷᠣᠭᠤᠯᠬᠤ ᠠᠷᠭ᠎ᠠ ᠶᠢ ᠲᠣᠭᠲᠠᠭᠠᠵᠤ᠂ ᠮᠡᠷᠭᠡᠵᠢᠯ ᠤᠨ ᠠᠵᠢᠯᠴᠢᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠤᠭᠰᠠᠨ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠦᠷᠲᠡᠬᠦ ᠶᠢ ᠠᠬᠢᠭᠤᠯᠤᠨ᠎ᠠ᠃ ᠠᠵᠤ | ᠠᠬᠤᠶᠢᠯᠠᠯ ᠤᠨ ᠮᠡᠷᠭᠡᠵᠢᠯ ᠤᠨ ᠠᠵᠢᠯᠴᠢᠨ ᠤ ᠰᠢᠨ᠎ᠡ ᠶᠢ ᠡᠭᠦᠳᠦᠨ ᠦᠷ᠎ᠡ ᠪᠦᠲᠦᠮᠵᠢ ᠭᠠᠷᠭᠠᠬᠤ ᠳᠤ ᠠᠰᠢᠭᠲᠠᠢ | ᠰᠢᠯᠭᠠᠨ ᠬᠢᠨᠠᠵᠤ ᠦᠨᠡᠯᠡᠯᠲᠡ ᠬᠢᠬᠦ ᠲᠣᠭᠲᠠᠴᠠ ᠶᠢ ᠪᠠᠶᠢᠭᠤᠯᠬᠤ ᠶᠢ ᠳᠡᠮᠵᠢᠨ᠂ ᠠᠵᠤ ᠠᠬᠤᠶᠢᠯᠠᠯ ᠠᠴᠠ ᠳᠡᠭᠡᠳᠦ | ᠮᠡᠷᠭᠡᠰᠢᠯᠲᠦ ᠬᠤᠰᠢᠭᠤᠴᠢ ᠴᠢᠳᠠᠪᠤᠷᠢᠲᠠᠨ ᠤ ᠮᠡᠷᠭᠡᠵᠢᠯ ᠤᠨ ᠰᠢᠨ᠎ᠡ ᠡᠭᠦᠳᠦᠯᠲᠡ ᠶᠢ ᠪᠡᠶᠡᠯᠡᠭᠦᠯᠦᠭᠰᠡᠨ ᠦᠷ᠎ᠡ | ᠪᠦᠲᠦᠭᠡᠯ ᠢᠶᠠᠷ ᠢᠶᠠᠨ ᠰᠲ᠋ᠣᠺ ᠣᠷᠣᠬᠤ᠂ ᠠᠵᠢᠯ ᠤᠨ ᠪᠠᠶᠢᠷᠢ ᠶᠢᠨ ᠠᠰᠢᠭ ᠣᠯᠵᠠᠪᠤᠷᠢ ᠬᠤᠪᠢᠶᠠᠷᠢᠯᠠᠬᠤ ᠵᠡᠷᠭᠡ | ᠤᠷᠮᠠᠰᠢᠭᠤᠯᠬᠤ ᠠᠷᠭ᠎ᠠ ᠬᠡᠯᠪᠡᠷᠢ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠮᠡᠷᠭᠡᠵᠢᠯ ᠤᠨ ᠠᠵᠢᠯᠴᠢᠨ ᠤ | ᠣᠷᠣᠯᠭ᠎ᠠ ᠶᠢᠨ ᠬᠢᠷᠢ ᠲᠦᠪᠰᠢᠨ ᠢ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠳᠡᠭᠡᠭᠰᠢᠯᠡᠭᠦᠯᠬᠦ ᠶᠢ | ᠠᠬᠢᠭᠤᠯᠤᠨ᠎ᠠ᠃ | ︵ᠭᠤᠷᠪᠠ︶ ᠮᠡᠷᠭᠡᠵᠢᠯ ᠤᠨ ᠠᠵᠢᠯᠴᠢᠨ ᠤ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠬᠢᠷᠢ | ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠨ᠎ᠡ | ᠨᠢᠭᠡ ᠳᠤ᠂ ᠨᠠᠰᠤᠨ ᠲᠤᠷᠰᠢᠲᠠ ᠶᠢᠨ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠨᠧᠷᠭᠢ᠂ ᠬᠢᠮᠢ ᠶᠢᠨ ᠠᠵᠤ | ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠪᠠ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ᠂ ᠡᠨᠧᠷᠭᠢ ᠶᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ | ᠦᠵᠦᠭᠦᠷ ᠤᠨ ᠲᠣᠨᠣᠭᠯᠠᠯ᠂ ᠶᠡᠭᠡ ᠳ᠋ᠠᠶᠢᠲ᠋ᠠ ᠶᠢᠨ ᠡᠭᠦᠯᠡᠨ ᠪᠣᠳᠣᠯᠲᠠ᠂ ᠮᠡᠳᠡᠭᠡ ᠵᠠᠩᠭᠢ ᠶᠢᠨ ᠦᠢᠯᠡᠳᠬᠡᠯ᠂ | ᠬᠥᠮᠥᠨ ᠤ ᠬᠦᠴᠦᠨ ᠤ ᠣᠶᠣᠨᠴᠢ ᠴᠢᠳᠠᠮᠵᠢ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠮᠣᠩᠭᠤᠯ ᠬᠢᠲᠠᠳ ᠡᠮ ᠡᠮᠨᠡᠯᠭᠡ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠲᠣᠭᠤᠷᠢᠨ ᠳᠤ᠂ ᠬᠠᠮᠤᠷᠤᠭᠰᠠᠨ ᠬᠡᠪᠴᠢᠶ᠎ᠡ ᠨᠢ ᠥᠷᠭᠡᠨ᠂ ᠬᠡᠯᠪᠡᠷᠢ ᠨᠢ ᠣᠯᠠᠨ ᠶᠠᠩᠵᠤ ᠶᠢᠨ | ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠡᠷᠬᠢᠯᠡᠭᠰᠡᠨ ᠠᠵᠢᠯ ᠤᠨ | ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ | ᠵᠠᠰᠠᠭ ᠤᠨ ᠣᠷᠳᠣᠨ ᠠᠴᠠ ᠨᠥᠬᠦᠪᠦᠷᠢ ᠥᠭᠭᠦᠭᠰᠡᠨ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠤᠨ ᠲᠥᠷᠥᠯ ᠵᠦᠢᠯ ᠢ ᠪᠦᠬᠦᠨ ᠢ ᠬᠢᠷᠢ ᠭᠡᠮ ᠪᠦᠬᠦᠢ ᠠᠵᠢᠯ ᠮᠡᠷᠭᠡᠵᠢᠯ ᠤᠨ ᠶᠡᠭᠡ ᠳᠡᠭᠡᠳᠦ | ᠰᠤᠷᠭᠠᠭᠤᠯᠢ ᠪᠠ ᠪᠣᠯᠪᠠᠰᠤᠷᠠᠭᠤᠯᠤᠯ ᠤᠨ ᠪᠠᠶᠢᠭᠤᠯᠤᠮᠵᠢ ᠲᠡᠶᠢᠰᠢ ᠨᠡᠭᠡᠭᠡᠵᠦ᠂ ᠤᠯᠤᠰ ᠤᠨ ᠠᠵᠢᠯ ᠮᠡᠷᠭᠡᠵᠢᠯ ᠤᠨ | ᠪᠠᠷᠢᠮᠵᠢᠶ᠎ᠠ᠂ ᠠᠵᠢᠯ ᠲᠥᠷᠥᠯ ᠤᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠪᠠᠷᠢᠮᠵᠢᠶ᠎ᠠ ᠪᠠ ᠥᠪᠡᠷᠲᠡᠭᠡᠨ | ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠯᠦᠭᠡ ᠨᠢᠭᠲᠠ ᠬᠤᠯᠪᠣᠭ᠎ᠠ ᠪᠦᠬᠦᠢ ᠮᠡᠷᠭᠡᠵᠢᠯ ᠴᠢᠳᠠᠪᠤᠷᠢ ᠶᠢᠨ | ᠲᠥᠷᠥᠯ ᠤᠨ ᠠᠵᠢᠯ ᠮᠡᠷᠭᠡᠵᠢᠯ ︵ᠠᠵᠢᠯ ᠤᠨ ᠲᠥᠷᠥᠯ︶ ᠢ ᠵᠠᠰᠠᠭ ᠤᠨ ᠣᠷᠣᠨ ᠤ ᠪᠣᠯᠪᠠᠰᠤᠷᠠᠭᠤᠯᠤᠯ ᠤᠨ | ᠨᠥᠬᠦᠪᠦᠷᠢ ᠶᠢᠨ ᠲᠥᠷᠥᠯ ᠵᠦᠢᠯ ᠤᠨ ᠭᠠᠷᠴᠠᠭ ᠲᠤ ᠣᠷᠣᠭᠤᠯᠤᠨ᠎ᠠ᠃ ︽ᠢᠨᠲ᠋ᠧᠷ ᠰᠦᠯᠵᠢᠶ᠎ᠡ +︾ ᠠᠯᠤᠰ | ᠵᠠᠢ ᠶᠢᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠢᠨ᠎ᠡ ᠵᠠᠭᠪᠤᠷ ᠢ ᠰᠦᠪᠡᠭᠴᠢᠯᠡᠨ᠂ ᠣᠯᠠᠨ ᠨᠡᠶᠢᠲᠡ ᠶᠢᠨ | ᠰᠦᠯᠵᠢᠶᠡᠨ ᠤ ᠰᠤᠷᠤᠯᠴᠠᠯᠭ᠎ᠠ ᠶᠢᠨ ᠲᠠᠪᠴᠠᠩ ᠢ ᠪᠠᠶᠢᠭᠤᠯᠵᠤ᠂ ᠬᠥᠳᠡᠯᠮᠦᠷᠢᠯᠡᠭᠴᠢᠳ ᠤᠨ ᠥᠪᠡᠷᠮᠢᠴᠡ ᠣᠨᠴᠠᠯᠢᠭ | ᠲᠠᠢ ᠪᠠᠷ ᠰᠤᠷᠤᠯᠴᠠᠬᠤ ᠱᠠᠭᠠᠷᠳᠠᠯᠭ᠎ᠠ ᠶᠢ ᠬᠠᠩᠭᠠᠨ᠎ᠠ᠃ | ᠬᠤᠶᠠᠷ ᠲᠤ᠂ ᠠᠵᠤ ᠠᠬᠤᠶᠢᠯᠠᠯ ᠤᠨ ᠠᠵᠢᠯᠲᠠᠨ ᠤ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠪᠠᠨ | ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠴᠢᠩᠭᠠᠳᠬᠠᠨ᠎ᠠ᠃ ᠮᠡᠷᠭᠡᠵᠢᠯ ᠤᠨ ᠠᠵᠢᠯᠴᠢᠨ ᠤ ᠪᠣᠯᠪᠠᠰᠤᠷᠠᠭᠤᠯᠤᠯ ᠳᠠᠬᠢ | ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠡᠵᠡᠩᠨᠡᠯᠲᠡ ᠪᠠ ᠮᠡᠷᠭᠡᠵᠢᠯ ᠤᠨ ᠰᠢᠨ᠎ᠡ ᠡᠭᠦᠳᠦᠯᠲᠡ ᠶᠢᠨ | ᠱᠠᠭᠠᠷᠳᠠᠯᠭ᠎ᠠ ᠲᠠᠢ ᠤᠶᠠᠯᠳᠤᠭᠤᠯᠤᠨ᠂ ᠠᠵᠢᠯᠲᠠᠨ ᠤ ᠪᠣᠯᠪᠠᠰᠤᠷᠠᠭᠤᠯᠤᠯ ᠤᠨ ᠲᠥᠯᠥᠪᠵᠢᠭᠦᠯᠭᠡ ᠪᠠ | ᠪᠣᠯᠪᠠᠰᠤᠷᠠᠭᠤᠯᠤᠯ ᠤᠨ ᠳᠦᠷᠢᠮ ᠢ ᠲᠣᠭᠲᠠᠭᠠᠨ᠎ᠠ᠃ ᠰᠢᠨ᠎ᠡ ᠪᠠᠷ ᠡᠯᠰᠡᠨ ᠬᠡᠷᠡᠭᠯᠡᠭᠰᠡᠨ ᠠᠵᠢᠯᠴᠢᠨ ᠤ ᠠᠵᠢᠯ ᠤᠨ | ᠪᠠᠶᠢᠷᠢ ᠳᠤ ᠭᠠᠷᠬᠤ ᠠᠴᠠ ᠡᠮᠦᠨᠡᠬᠢ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠤᠨ ᠪᠠᠶᠢᠷᠢ ᠳᠤ ᠪᠠᠶᠢᠭ᠎ᠠ | ᠠᠵᠢᠯᠴᠢᠨ ᠤ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠪᠣᠯᠪᠠᠰᠤᠷᠠᠭᠤᠯᠤᠯ ᠥᠷᠨᠢᠭᠦᠯᠦᠭᠰᠡᠨ ᠠᠵᠤ ᠠᠬᠤᠶᠢᠯᠠᠯ ᠳᠤ᠂ | ᠲᠣᠭᠲᠠᠭᠠᠯ ᠶᠣᠰᠣᠭᠠᠷ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠦᠷᠢ | ᠣᠯᠭᠤᠨ᠎ᠠ᠃ ᠠᠵᠤ ᠠᠬᠤᠶᠢᠯᠠᠯ ᠤᠨ ᠠᠵᠢᠯᠲᠠᠳ ᠤᠨ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠪᠠᠨ | ᠳᠡᠭᠡᠭᠰᠢᠯᠡᠭᠦᠯᠬᠦ ᠪᠣᠯᠪᠠᠰᠤᠷᠠᠭᠤᠯᠤᠯ ᠪᠠ ᠠᠵᠢᠯ ᠠᠯᠳᠠᠭᠰᠠᠳ ᠤᠨ ᠳᠠᠬᠢᠨ ᠠᠵᠢᠯ ᠣᠯᠬᠤ ᠪᠣᠯᠪᠠᠰᠤᠷᠠᠭᠤᠯᠤᠯ ᠳᠠᠬᠢ | ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠶᠢᠨ ᠦᠢᠯᠡᠳᠦᠯ ᠢ ᠪᠠᠳᠠᠷᠠᠭᠤᠯᠤᠨ᠂ ᠨᠥᠬᠦᠴᠡᠯ ᠳᠤ | ᠨᠡᠶᠢᠴᠡᠵᠦ ᠳᠠᠭᠠᠳᠬᠠᠯ ᠳᠤ ᠣᠷᠣᠭᠰᠠᠨ ᠠᠵᠢᠯᠲᠠᠳ ᠤᠨ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠳᠤ ᠣᠷᠣᠯᠴᠠᠪᠠᠯ᠂ ᠲᠣᠭᠲᠠᠭᠠᠯ ᠶᠣᠰᠣᠭᠠᠷ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠠᠴᠠ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠦᠷᠢ ᠣᠯᠭᠤᠨ᠎ᠠ᠃ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠠᠴᠠ ᠡᠷᠬᠢᠯᠡᠭᠰᠡᠨ ᠠᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠪᠠᠶᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠪᠠ ᠨᠡᠶᠢᠭᠡᠮ ᠳᠤ ᠬᠠᠨᠳᠤᠭᠤᠯᠤᠭᠰᠠᠨ | ᠪᠣᠯᠪᠠᠰᠤᠷᠠᠭᠤᠯᠤᠯ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠬᠤ ᠪᠠ ᠳᠡᠮᠵᠢᠨ᠎ᠡ᠃ ᠠᠵᠤ ᠠᠬᠤᠶᠢᠯᠠᠯ ᠤᠨ | ᠰᠢᠨ᠎ᠡ ᠬᠡᠯᠪᠡᠷᠢ ᠶᠢᠨ ᠱᠠᠪᠢ ᠳᠠᠭᠠᠭᠤᠯᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ︽ᠰᠤᠷᠭᠠᠭᠤᠯᠢ ᠠᠵᠤ | ᠠᠬᠤᠶᠢᠯᠠᠯ ᠤᠨ ᠳᠠᠪᠬᠤᠷ ᠳᠦᠷᠢᠮ ᠢ ᠬᠡᠷᠡᠭᠵᠢᠭᠦᠯᠬᠦ᠂ ᠠᠵᠢᠯ ᠰᠤᠷᠤᠯᠭ᠎ᠠ ᠶᠢ ᠨᠢᠭᠡ ᠴᠣᠭᠴᠠᠵᠢᠭᠤᠯᠬᠤ︾ ᠠᠷᠭ᠎ᠠ | ᠬᠡᠯᠪᠡᠷᠢ ᠪᠠᠷ ᠳᠤᠮᠳᠠ᠂ ᠳᠡᠭᠡᠳᠦ ᠳᠡᠰ ᠤᠨ ᠮᠡᠷᠭᠡᠰᠢᠯᠲᠦ ᠠᠵᠢᠯᠲᠠᠳ ᠢ ᠪᠣᠯᠪᠠᠰᠤᠷᠠᠭᠤᠯᠪᠠᠯ᠂ ᠲᠣᠭᠲᠠᠭᠠᠯ ᠶᠣᠰᠣᠭᠠᠷ | ᠠᠵᠤ ᠠᠬᠤᠶᠢᠯᠠᠯ ᠤᠨ ᠡᠷᠬᠢᠯᠡᠭᠰᠡᠨ ᠠᠵᠢᠯ ᠤᠨ ᠪᠣᠯᠪᠠᠰᠤᠷᠠᠭᠤᠯᠤᠯ ᠤᠨ ᠨᠡᠮᠡᠭᠦᠷᠢ ᠣᠯᠭᠤᠵᠤ᠂ ᠨᠡᠮᠡᠭᠦᠷᠢ ᠪᠡᠯᠡ | ᠮᠥᠩᠭᠦ ᠶᠢ ᠠᠵᠢᠯ ᠣᠯᠭᠤᠬᠤ ᠨᠥᠬᠦᠪᠦᠷᠢ ᠪᠡᠯᠡ ᠮᠥᠩᠭᠦ ᠶᠢᠨ ᠳᠣᠲᠣᠷ᠎ᠠ ᠠᠴᠠ ᠰᠠᠯᠭᠠᠨ ᠭᠠᠷᠭᠠᠨ᠎ᠠ᠃ | ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠲᠤ ᠥᠭᠡᠷᠡᠴᠢᠯᠡᠯᠲᠡ ᠬᠢᠵᠦ᠂ ᠠᠵᠤ ᠦᠢᠯᠡᠰ ᠪᠠ ᠰᠤᠷᠭᠠᠨ ᠬᠥᠮᠥᠵᠢᠯ ᠢ | ᠠᠭᠤᠰᠤᠯᠴᠠᠭᠤᠯᠬᠤ ᠲᠤᠷᠰᠢᠯᠲᠠ ᠶᠢᠨ ᠴᠡᠭ ᠪᠠ ᠣᠳᠣ ᠦᠶ᠎ᠡ ᠶᠢᠨ ᠱᠠᠪᠢ ᠳᠠᠭᠠᠭᠤᠯᠬᠤ ᠳᠦᠷᠢᠮ ᠢ | ᠢᠳᠡᠪᠬᠢᠲᠡᠢ ᠪᠠᠷ ᠠᠬᠢᠭᠤᠯᠵᠤ᠂ ᠠᠵᠢᠯ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ᠂ ᠦᠨᠳᠦᠰᠦᠨ ᠠᠩᠭᠢ ᠶᠢᠨ | ᠶᠡᠭᠡ ᠳᠡᠭᠡᠳᠦ ᠰᠤᠷᠭᠠᠭᠤᠯᠢ ᠬᠢᠭᠡᠳ ᠠᠵᠤ ᠠᠬᠤᠶᠢᠯᠠᠯ ᠤᠨ ᠭᠦᠢᠴᠡᠳ ᠬᠠᠮᠲᠤᠷᠠᠯᠴᠠᠬᠤ ᠶᠢ ᠠᠬᠢᠭᠤᠯᠵᠤ᠂ ︽ᠠᠵᠤ | ᠦᠢᠯᠡᠰ ᠤᠨ ᠬᠦᠷᠢᠶᠡᠯᠡᠩ ᠲᠣᠭᠤᠷᠢᠭ + ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ︾ | ︽ᠦᠢᠯᠡᠳᠪᠦᠷᠢ ᠶᠢ ᠬᠥᠲᠥᠯᠥᠨ ᠰᠤᠷᠭᠠᠭᠤᠯᠢ ᠳᠤ ᠣᠷᠣᠭᠤᠯᠬᠤ︾ ︽ᠰᠤᠷᠭᠠᠭᠤᠯᠢ ᠶᠢ ᠬᠥᠲᠥᠯᠥᠨ | ᠦᠢᠯᠡᠳᠪᠦᠷᠢ ᠳᠤ ᠣᠷᠣᠭᠤᠯᠬᠤ︾ ᠵᠡᠷᠭᠡ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠬᠤ ᠵᠠᠭᠪᠤᠷ ᠢ | ᠳᠡᠯᠭᠡᠷᠡᠭᠦᠯᠦᠨ᠎ᠡ᠃ | ᠭᠤᠷᠪᠠ ᠳᠤ᠂ ᠳᠡᠭᠡᠳᠦ ᠮᠡᠷᠭᠡᠰᠢᠯᠲᠦ ᠴᠢᠳᠠᠪᠤᠷᠢᠲᠠᠨ ᠢ ᠬᠥᠭᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ᠃ ︽ | ᠵᠠᠭᠤ ᠮᠢᠩᠭ᠎ᠠ ᠲᠦᠮᠡᠨ︾ ᠳᠡᠭᠡᠳᠦ ᠮᠡᠷᠭᠡᠰᠢᠯᠲᠦ ᠴᠢᠳᠠᠪᠤᠷᠢᠲᠠᠨ ᠤ ᠲᠤᠰᠬᠠᠢ ᠵᠦᠢᠯ ᠤᠨ ᠬᠥᠮᠥᠵᠢᠭᠦᠯᠬᠦ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠠᠴᠢᠮ ᠬᠡᠷᠡᠭᠴᠡᠭᠡᠨ ᠳᠤ ᠳᠤᠲᠠᠭᠳᠠᠵᠤ ᠪᠠᠶᠢᠭ᠎ᠠ ᠠᠵᠢᠯ ᠮᠡᠷᠭᠡᠵᠢᠯ ︵ᠠᠵᠢᠯ ᠤᠨ ᠲᠥᠷᠥᠯ︶ ᠤᠨ | ᠲᠣᠭᠤᠷᠢᠨ ᠳᠤ᠂ ᠭᠤᠴᠣ ᠮᠡᠷᠭᠡᠰᠢᠯ ᠲᠠᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠮᠡᠷᠭᠡᠵᠢᠯ ᠤᠨ | ᠬᠥᠭᠵᠢᠯᠲᠡ ᠶᠢ ᠬᠥᠲᠥᠯᠥᠨ ᠳᠠᠭᠠᠭᠤᠯᠵᠤ ᠴᠢᠳᠠᠬᠤ ᠨᠢᠭᠡ ᠪᠦᠯᠦᠭ ᠮᠡᠷᠭᠡᠰᠢᠯᠲᠦ ᠳᠠᠷᠬᠠᠳ ᠤᠨ ᠳᠠᠭᠠᠭᠤᠯᠤᠭᠴᠢᠳ᠂ | ᠢᠳᠡᠷ ᠵᠠᠯᠠᠭᠤ ᠮᠡᠷᠭᠡᠰᠢᠯᠲᠦ ᠴᠢᠳᠠᠪᠤᠷᠢᠲᠠᠳ ᠪᠠ ᠦᠨᠳᠦᠰᠦᠲᠡᠨ ᠤ ᠠᠵᠤ ᠦᠢᠯᠡᠰ ᠤᠨ ᠮᠡᠷᠭᠡᠰᠢᠯᠲᠦ | ᠳᠠᠭᠠᠭᠤᠯᠤᠭᠴᠢᠳ ᠢ ᠭᠤᠣᠯᠳᠠᠯᠭ᠎ᠠ ᠲᠢ ᠪᠠᠷ ᠬᠥᠮᠥᠵᠢᠭᠦᠯᠵᠦ᠂ ᠳᠡᠭᠡᠳᠦ ᠮᠡᠷᠭᠡᠰᠢᠯᠲᠦ ᠴᠢᠳᠠᠪᠤᠷᠢᠲᠠᠨ ᠤ | ᠬᠠᠩᠭᠠᠯᠭ᠎ᠠ ᠶᠢ ᠨᠡᠮᠡᠭᠳᠡᠭᠦᠯᠦᠨ᠂ 2020 ᠣᠨ ᠪᠣᠯᠬᠤ ᠳᠤ᠂ ᠪᠦᠬᠦ ᠣᠷᠣᠨ ᠤ ᠳᠡᠭᠡᠳᠦ ᠮᠡᠷᠭᠡᠰᠢᠯᠲᠦ | ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠶᠢ 65 ᠲᠦᠮᠡᠨ ᠬᠥᠮᠥᠨ ᠳᠤ ᠬᠦᠷᠭᠡᠬᠦ ᠪᠠᠷ ᠴᠢᠷᠮᠠᠶᠢᠨ᠎ᠠ ᠭᠡᠵᠦ ᠳᠤᠷᠠᠳᠤᠨ | ᠭᠠᠷᠭᠠᠪᠠ᠃ ᠳᠡᠭᠡᠳᠦ ᠮᠡᠷᠭᠡᠰᠢᠯᠲᠦ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ᠂ ᠮᠡᠷᠭᠡᠰᠢᠯᠲᠦ ᠳᠠᠷᠬᠠᠳ ᠤᠨ | ᠠᠵᠢᠯ ᠤᠨ ᠲᠠᠰᠤᠭ᠂ ᠬᠥᠳᠡᠯᠮᠦᠷᠢ ᠶᠢᠨ ᠵᠢᠱᠢᠶᠡᠴᠢ ᠪᠠ ᠤᠷᠠᠴᠢᠨ ᠴᠢᠳᠠᠪᠤᠷᠢᠲᠠᠳ ᠤᠨ ᠰᠢᠨ᠎ᠡ ᠶᠢ ᠡᠭᠦᠳᠬᠦ | ᠠᠵᠢᠯ ᠤᠨ ᠲᠠᠰᠤᠭ᠂ ᠠᠵᠢᠯᠲᠠᠨ ᠤ ᠰᠢᠨ᠎ᠡ ᠶᠢ ᠡᠭᠦᠳᠬᠦ ᠠᠵᠢᠯ ᠤᠨ ᠲᠠᠰᠤᠭ ᠵᠡᠷᠭᠡ ᠶᠢᠨ ᠪᠠᠶᠢᠭᠤᠯᠤᠯᠲᠠ ᠶᠢᠨ | ᠡᠷᠴᠢᠮ ᠢ ᠴᠢᠩᠭᠠᠷᠠᠭᠤᠯᠤᠨ᠂ ᠤᠯᠤᠰ ᠤᠨ ᠳᠡᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠳᠡᠭᠡᠳᠦ | ᠮᠡᠷᠭᠡᠰᠢᠯᠲᠦ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠲᠤᠰ ᠲᠤᠰ 500 ᠲᠦᠮᠡᠨ | ᠲᠥᠭᠦᠷᠢᠭ ᠪᠠ 100 ᠲᠦᠮᠡᠨ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ | ᠮᠥᠩᠭᠦ ᠶᠢᠨ ᠳᠡᠮᠵᠢᠯᠭᠡ ᠣᠯᠭᠤᠵᠤ᠂ ᠤᠯᠤᠰ ᠤᠨ ᠳᠡᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠮᠡᠷᠭᠡᠰᠢᠯᠲᠦ | ᠳᠠᠷᠬᠠᠳ ᠤᠨ ᠠᠵᠢᠯ ᠤᠨ ᠲᠠᠰᠤᠭ ᠲᠤ ᠲᠤᠰ ᠲᠤᠰ 10 ᠲᠦᠮᠡᠨ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠣᠯᠭᠤᠵᠤ᠂ 2020 ᠣᠨ ᠪᠣᠯᠬᠤ ᠳᠤ᠂ ᠤᠯᠤᠰ ᠤᠨ ᠳᠡᠰ᠂ | ᠥᠪᠡᠷᠲᠡᠭᠡᠨ ᠵᠠᠰᠠᠬᠤ ᠣᠷᠣᠨ ᠤ ᠳᠡᠰ ᠤᠨ ᠳᠡᠭᠡᠳᠦ ᠮᠡᠷᠭᠡᠰᠢᠯᠲᠦ ᠴᠢᠳᠠᠪᠤᠷᠢᠲᠠᠨ ᠤ ᠰᠠᠭᠤᠷᠢᠨ ᠭᠠᠵᠠᠷ ᠢ ᠲᠤᠰ | ᠲᠤᠰ 20 ᠪᠠ 50 ᠪᠣᠯᠭᠠᠵᠤ᠂ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠮᠡᠷᠭᠡᠰᠢᠯᠲᠦ | ᠳᠠᠷᠬᠠᠳ ᠤᠨ ᠠᠵᠢᠯ ᠤᠨ ᠲᠠᠰᠤᠭ ᠢ 30 ᠪᠠ 50 ᠪᠣᠯᠭᠠᠬᠤ ᠪᠠᠷ ᠴᠢᠷᠮᠠᠶᠢᠨ᠎ᠠ᠃ ᠮᠡᠷᠭᠡᠵᠢᠯ ᠤᠨ ᠳᠠᠷᠬᠠᠨ᠂ | ᠳᠡᠭᠡᠳᠦ ᠳᠡᠰ ᠤᠨ ᠮᠡᠷᠭᠡᠵᠢᠯ ᠤᠨ ᠳᠠᠷᠬᠠᠨ ᠳᠤ ᠳᠡᠪᠰᠢᠬᠦ ᠵᠢᠴᠢ ᠳᠡᠭᠡᠳᠦ ᠳᠡᠰ ᠤᠨ ᠮᠡᠷᠭᠡᠵᠢᠯ ᠤᠨ ᠳᠠᠷᠬᠠᠨ ᠤ | ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠪᠣᠯᠪᠠᠰᠤᠷᠠᠭᠤᠯᠤᠯ ᠳᠤ ᠣᠷᠣᠯᠴᠠᠭᠰᠠᠨ | ᠠᠵᠢᠯᠲᠠᠳ ᠲᠤ᠂ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ ᠨᠡᠮᠡᠭᠦᠷᠢ ᠣᠯᠭᠤᠵᠤ᠂ ᠱᠠᠭᠠᠷᠳᠠᠬᠤ ᠪᠡᠯᠡ | ᠮᠥᠩᠭᠦ ᠶᠢ ᠨᠢ ᠠᠵᠢᠯ ᠣᠯᠭᠤᠬᠤ ᠨᠥᠬᠦᠪᠦᠷᠢ ᠶᠢᠨ ᠪᠡᠯᠡ ᠮᠥᠩᠭᠦ ᠠᠴᠠ ᠭᠠᠷᠭᠠᠨ᠎ᠠ᠃ | ︵ᠳᠥᠷᠪᠡ︶ ᠮᠡᠷᠭᠡᠵᠢᠯ ᠤᠨ ᠠᠵᠢᠯᠴᠢᠨ ᠤ ᠦᠨᠡᠯᠡᠨ ᠬᠡᠷᠡᠭᠯᠡᠵᠦ ᠤᠷᠮᠠᠰᠢᠭᠤᠯᠬᠤ ᠲᠣᠭᠲᠠᠴᠠ ᠶᠢ | ᠪᠦᠷᠢᠨᠰᠢᠭᠦᠯᠦᠨ᠎ᠡ | ᠨᠢᠭᠡ ᠳᠤ᠂ ᠮᠡᠷᠭᠡᠵᠢᠯ ᠤᠨ ᠠᠵᠢᠯᠴᠢᠨ ᠳᠤ ᠦᠨᠡᠯᠡᠯᠲᠡ ᠬᠢᠬᠦ ᠠᠵᠢᠯ ᠢ ᠲᠡᠭᠦᠯᠳᠡᠷᠵᠢᠭᠦᠯᠦᠨ᠎ᠡ᠃ | ᠮᠡᠷᠭᠡᠵᠢᠯ ᠤᠨ ᠠᠵᠢᠯᠴᠢᠨ ᠳᠤ ᠦᠨᠡᠯᠡᠯᠲᠡ ᠬᠢᠵᠦ ᠰᠢᠯᠭᠠᠷᠠᠭᠤᠯᠤᠨ ᠰᠣᠩᠭᠤᠬᠤ ᠲᠣᠭᠲᠠᠴᠠ ᠳᠤ ᠥᠭᠡᠷᠡᠴᠢᠯᠡᠯᠲᠡ | ᠬᠢᠵᠦ᠂ ᠮᠠᠰᠲ᠋ᠧᠷ ᠪᠠ ᠳᠡᠭᠡᠳᠦ ᠳᠡᠰ ᠤᠨ ᠮᠠᠰᠲ᠋ᠧᠷ ᠢ ᠬᠢᠨᠠᠨ ᠲᠣᠭᠲᠠᠭᠠᠬᠤ ᠶᠠᠪᠤᠴᠠ ᠳᠠᠬᠢ ᠥᠭᠦᠯᠡᠯ᠂ ᠱᠠᠩᠨᠠᠯ ᠤᠨ | ᠦᠨᠡᠮᠯᠡᠯ ᠵᠡᠷᠭᠡ ᠱᠠᠭᠠᠷᠳᠠᠯᠭ᠎ᠠ ᠶᠢ ᠬᠦᠴᠦᠨ ᠦᠭᠡᠢ ᠪᠣᠯᠭᠠᠨ᠂ ᠨᠠᠰᠤ ᠵᠢᠯ᠂ ᠰᠤᠷᠤᠯᠭ᠎ᠠ ᠶᠢᠨ ᠨᠠᠮᠲᠠᠷ᠂ ᠬᠢᠷᠢ ᠭᠡᠮ᠂ | ᠪᠡᠶ᠎ᠡ ᠭᠠᠷᠤᠯ᠂ ᠬᠠᠷᠢᠴᠠᠯ ᠵᠡᠷᠭᠡ ᠬᠢᠵᠠᠭᠠᠷᠯᠠᠯ ᠢ ᠡᠪᠳᠡᠵᠦ᠂ ᠮᠡᠷᠭᠡᠵᠢᠯ ᠤᠨ ᠠᠵᠢᠯᠴᠢᠨ ᠤ ᠪᠣᠳᠠᠲᠠᠢ ᠪᠠᠷ | ᠠᠵᠢᠯᠯᠠᠭᠤᠯᠬᠤ ᠮᠡᠷᠭᠡᠵᠢᠯ ᠴᠢᠳᠠᠪᠤᠷᠢ ᠶᠢᠨ ᠬᠢᠷᠢ ᠲᠦᠪᠰᠢᠨ ᠪᠠ ᠦᠢᠯᠡᠳᠪᠦᠷᠢᠯᠡᠯ ᠤᠨ ᠮᠡᠷᠭᠡᠵᠢᠯ ᠤᠨ ᠬᠦᠴᠢᠷ | ᠰᠡᠳᠦᠪ ᠢ ᠰᠢᠢᠳᠪᠦᠷᠢᠯᠡᠬᠦ ᠵᠡᠷᠭᠡ ᠲᠠᠯ᠎ᠠ ᠶᠢᠨ ᠴᠢᠳᠠᠪᠤᠷᠢ ᠳᠤ ᠭᠤᠣᠯᠳᠠᠯᠭ᠎ᠠ ᠲᠠᠢ ᠪᠠᠷ ᠰᠢᠯᠭᠠᠯᠲᠠ ᠬᠢᠨᠠᠯᠲᠠ ᠬᠢᠨ᠎ᠡ᠃ | ᠮᠡᠷᠭᠡᠵᠢᠯ ᠴᠢᠳᠠᠪᠤᠷᠢ ᠶᠢᠨ ᠠᠵᠢᠯ ᠤᠨ ᠪᠠᠶᠢᠷᠢ ᠳᠤ ᠠᠵᠢᠯᠯᠠᠵᠤ ᠪᠠᠶᠢᠬᠤ ᠶᠢᠨ ᠬᠠᠮᠲᠤ ᠬᠡᠲᠦᠶᠢᠳᠦᠭᠰᠡᠨ ᠮᠡᠷᠭᠡᠵᠢᠯ | ᠴᠢᠳᠠᠪᠤᠷᠢ ᠶᠢ ᠡᠵᠡᠮᠰᠢᠭᠰᠡᠨ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠷᠤᠭᠤᠪᠴᠢ ᠮᠡᠷᠭᠡᠰᠢᠯᠲᠦ | ᠴᠢᠳᠠᠪᠤᠷᠢᠲᠠᠨ ᠳᠤ᠂ ᠳᠦᠷᠢᠮ ᠠᠴᠠ ᠭᠠᠳᠠᠭᠤᠷ ᠪᠤᠶᠤ ᠱᠠᠲᠤ ᠠᠯᠤᠰᠯᠠᠭᠤᠯᠤᠨ ᠮᠠᠰᠲ᠋ᠧᠷ᠂ ᠳᠡᠭᠡᠳᠦ ᠳᠡᠰ ᠤᠨ | ᠮᠠᠰᠲ᠋ᠧᠷ ᠤᠨ ᠰᠢᠯᠭᠠᠨ ᠲᠣᠭᠲᠠᠭᠠᠬᠤ ᠳᠤ ᠣᠷᠣᠯᠴᠠᠬᠤ ᠶᠢ ᠵᠥᠪᠰᠢᠶᠡᠷᠡᠨ᠎ᠡ᠃ ᠠᠵᠢᠯ ᠮᠡᠷᠭᠡᠵᠢᠯ ᠤᠨ ᠬᠢᠷᠢ ᠭᠡᠮ ᠢ | ᠦᠨᠡᠯᠡᠬᠦ᠂ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ᠂ ᠲᠤᠰᠬᠠᠢ | ᠵᠦᠢᠯ ᠤᠨ ᠡᠷᠬᠢᠯᠡᠭᠰᠡᠨ ᠠᠵᠢᠯ ᠤᠨ ᠴᠢᠳᠠᠪᠤᠷᠢ ᠶᠢ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠦᠨ᠂ ᠠᠵᠤ | ᠠᠬᠤᠶᠢᠯᠠᠯ ᠠᠴᠠ ᠥᠪᠡᠰᠦᠪᠡᠨ ᠮᠡᠷᠭᠡᠵᠢᠯ ᠴᠢᠳᠠᠪᠤᠷᠢ ᠶᠢᠨ ᠦᠨᠡᠯᠡᠯᠲᠡ ᠬᠢᠬᠦ ᠶᠢ ᠳᠡᠮᠵᠢᠬᠦ ᠪᠠ ᠬᠥᠲᠥᠯᠥᠨ | ᠵᠢᠯᠣᠭᠤᠳᠴᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠡᠭᠡᠳᠦ ᠳᠡᠰ ᠤᠨ ᠠᠵᠢᠯᠴᠢᠨ᠂ ᠮᠠᠰᠲ᠋ᠧᠷ᠂ ᠳᠡᠭᠡᠳᠦ | ᠳᠡᠰ ᠤᠨ ᠮᠠᠰᠲ᠋ᠧᠷ ᠠᠴᠠ ᠠᠬᠠᠯᠠᠬᠤ ᠮᠠᠰᠲ᠋ᠧᠷ᠂ ᠣᠨᠴᠠ ᠳᠡᠰ ᠤᠨ ᠮᠠᠰᠲ᠋ᠧᠷ ᠵᠡᠷᠭᠡ ᠱᠠᠲᠤᠯᠢᠭ ᠬᠥᠮᠥᠵᠢᠭᠦᠯᠦᠯ ᠤᠨ | ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ᠂ ᠦᠨᠡᠯᠡᠯᠲᠡ ᠬᠢᠭᠰᠡᠨ ᠦᠷ᠎ᠡ ᠳ᠋ᠦᠩ ᠢ ᠴᠠᠯᠢᠩ ᠣᠯᠭᠤᠮᠵᠢ ᠯᠤᠭ᠎ᠠ | ᠬᠤᠯᠪᠣᠭᠳᠠᠭᠤᠯᠤᠨ᠎ᠠ᠃ ᠮᠡᠷᠭᠡᠵᠢᠯ ᠤᠨ ᠠᠵᠢᠯᠴᠢᠨ ᠬᠢᠭᠡᠳ ᠲᠤᠰᠬᠠᠢ ᠮᠡᠷᠭᠡᠵᠢᠯ ᠤᠨ ᠠᠵᠢᠯᠴᠢᠨ ᠤ ᠡᠷᠬᠢᠯᠡᠭᠰᠡᠨ | ᠠᠵᠢᠯ ᠤᠨ ᠬᠥᠭᠵᠢᠯᠲᠡ ᠶᠢᠨ ᠵᠠᠮ ᠢ ᠨᠡᠪᠲᠡᠷᠡᠭᠦᠯᠦᠨ᠂ ᠡᠷᠬᠢᠯᠡᠭᠰᠡᠨ ᠠᠵᠢᠯ ᠤᠨ ᠬᠢᠷᠢ ᠭᠡᠮ᠂ ᠡᠷᠬᠢᠯᠡᠭᠰᠡᠨ | ᠠᠵᠢᠯ ᠤᠨ ᠮᠡᠷᠭᠡᠵᠢᠯ ᠴᠢᠳᠠᠪᠤᠷᠢ ᠶᠢᠨ ᠵᠡᠷᠭᠡ ᠳᠡᠰ ᠢ ᠲᠣᠬᠢᠷᠠᠯᠴᠠᠭᠰᠠᠨ ᠮᠡᠷᠭᠡᠵᠢᠯ ᠤᠨ ᠴᠣᠯᠠ ᠲᠠᠢ ᠬᠠᠷᠢᠴᠠᠭᠤᠯᠵᠤ | ᠪᠠᠶᠢᠭᠠᠳ ᠮᠠᠭᠠᠳᠯᠠᠨ ᠲᠣᠭᠲᠠᠭᠠᠬᠤ ᠳᠦᠷᠢᠮ ᠢ ᠪᠠᠶᠢᠭᠤᠯᠵᠤ᠂ ᠦᠨᠡᠯᠡᠯᠲᠡ ᠬᠢᠭᠰᠡᠨ ᠦᠷ᠎ᠡ ᠳ᠋ᠦᠩ ᠢᠶᠠᠷ ᠬᠠᠷᠢᠯᠴᠠᠨ | ᠮᠠᠭᠠᠳᠯᠠᠬᠤ ᠶᠢ ᠲᠣᠪᠣᠶᠢᠯᠭᠠᠵᠤ᠂ ᠳᠠᠪᠬᠤᠷᠳᠠᠭᠤᠯᠤᠨ ᠦᠨᠡᠯᠡᠯᠲᠡ ᠬᠢᠬᠦ ᠶᠢ ᠪᠠᠭᠠᠰᠬᠠᠨ᠎ᠠ᠃ ᠳᠡᠭᠡᠳᠦ ᠮᠡᠷᠭᠡᠰᠢᠯᠲᠦ | ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠠᠷᠢᠯᠴᠠᠨ ᠰᠢᠯᠵᠢᠭᠦᠯᠬᠦ ᠵᠠᠮ ᠢ ᠨᠡᠪᠲᠡᠷᠡᠭᠦᠯᠦᠨ᠂ | ᠨᠥᠬᠦᠴᠡᠯ ᠳᠤ ᠨᠡᠶᠢᠴᠡᠭᠰᠡᠨ ᠳᠡᠭᠡᠳᠦ ᠮᠡᠷᠭᠡᠰᠢᠯᠲᠦ ᠴᠢᠳᠠᠪᠤᠷᠢᠲᠠᠨ ᠤ ᠢᠨᠵᠧᠨᠧᠷᠢᠩ ᠤᠨ ᠰᠢᠷᠢᠰ ᠲᠤᠰᠬᠠᠢ | ᠮᠡᠷᠭᠡᠵᠢᠯ ᠤᠨ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠳᠤ ᠣᠷᠣᠯᠴᠠᠵᠤ ᠪᠣᠯᠬᠤ ᠪᠥᠭᠡᠳ ᠨᠥᠬᠦᠴᠡᠯ ᠳᠤ | ᠨᠡᠶᠢᠴᠡᠭᠰᠡᠨ ᠢᠨᠵᠧᠨᠧᠷᠢᠩ ᠤᠨ ᠮᠡᠷᠭᠡᠵᠢᠯ ᠤᠨ ᠴᠢᠳᠠᠪᠤᠷᠢᠲᠠᠨ ᠤ ᠳᠡᠭᠡᠳᠦ ᠳᠡᠰ ᠠᠴᠠ ᠳᠡᠭᠡᠭᠰᠢᠬᠢ ᠡᠷᠬᠢᠯᠡᠭᠰᠡᠨ | ᠠᠵᠢᠯ ᠤᠨ ᠬᠢᠷᠢ ᠭᠡᠮ ᠤᠨ ᠦᠨᠡᠯᠡᠯᠲᠡ ᠪᠤᠶᠤ ᠮᠡᠷᠭᠡᠵᠢᠯ ᠴᠢᠳᠠᠪᠤᠷᠢ ᠶᠢᠨ ᠵᠡᠷᠭᠡ ᠳᠡᠰ ᠤᠨ ᠮᠠᠭᠠᠳᠯᠠᠨ | ᠲᠣᠭᠲᠠᠭᠠᠬᠤ ᠳᠤ ᠰᠢᠭᠤᠳ ᠣᠷᠣᠯᠴᠠᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠠᠴᠠ ᠡᠯᠰᠡᠭᠰᠡᠨ ᠳᠡᠭᠡᠳᠦ | ᠳᠡᠰ ᠤᠨ ᠠᠵᠢᠯᠴᠢᠨ᠂ ᠮᠠᠰᠲ᠋ᠧᠷ᠂ ᠳᠡᠭᠡᠳᠦ ᠳᠡᠰ ᠤᠨ ᠮᠠᠰᠲ᠋ᠧᠷ ᠤᠨ ᠰᠤᠷᠤᠯᠴᠠᠵᠤ ᠳᠠᠪᠲᠠᠨ ᠪᠣᠯᠪᠠᠰᠤᠷᠠᠬᠤ᠂ | ᠣᠷᠣᠨ ᠰᠠᠭᠤᠴᠠ ᠶᠢᠨ ᠨᠡᠮᠡᠭᠦᠷᠢ᠂ ᠳᠤᠯᠠᠭᠠᠴᠠᠭᠤᠯᠬᠤ ᠰᠦᠢᠳᠬᠡᠯ ᠤᠨ ᠳᠠᠩᠰᠠ ᠶᠢ ᠲᠠᠶᠢᠯᠬᠤ᠂ ᠡᠮᠴᠢᠯᠡᠭᠡ | ᠪᠡᠶ᠎ᠡ ᠶᠢᠨ ᠪᠠᠶᠢᠴᠠᠭᠠᠯᠲᠠ᠂ ᠠᠵᠢᠯ ᠤᠨ ᠪᠠᠶᠢᠷᠢ ᠳᠤ ᠡᠯᠰᠡᠨ ᠬᠡᠷᠡᠭᠯᠡᠬᠦ᠂ ᠲᠤᠰᠢᠶᠠᠯ ᠤᠨ ᠵᠡᠷᠭᠡ ᠳᠡᠰ ᠢ ᠨᠢ | ᠳᠡᠪᠰᠢᠭᠦᠯᠬᠦ ᠵᠡᠷᠭᠡ ᠲᠠᠯ᠎ᠠ ᠪᠠᠷ᠂ ᠲᠤᠰ ᠲᠤᠰ ᠲᠤᠰᠠᠯᠠᠭᠴᠢ ᠢᠨᠵᠧᠨᠧᠷ᠂ ᠢᠨᠵᠧᠨᠧᠷ᠂ ᠳᠡᠭᠡᠳᠦ ᠳᠡᠰ ᠤᠨ | ᠢᠨᠵᠧᠨᠧᠷ ᠲᠠᠢ ᠬᠠᠷᠢᠴᠠᠭᠤᠯᠤᠨ ᠠᠳᠠᠯᠢ ᠳᠡᠰ ᠤᠨ ᠣᠯᠭᠤᠮᠵᠢ ᠬᠦᠷᠲᠡᠭᠡᠬᠦ ᠶᠢ ᠵᠣᠷᠢᠭᠵᠢᠭᠤᠯᠤᠨ᠎ᠠ᠃ ᠶᠡᠭᠡ ᠳᠡᠭᠡᠳᠦ | ᠰᠤᠷᠭᠠᠭᠤᠯᠢ ᠶᠢᠨ ᠳᠤᠮᠳᠠ ᠳᠡᠰ ᠤᠨ ᠠᠵᠢᠯᠴᠢᠨ ᠤ ᠠᠩᠭᠢ᠂ ᠳᠡᠭᠡᠳᠦ ᠳᠡᠰ ᠤᠨ ᠠᠵᠢᠯᠴᠢᠨ ᠤ ᠠᠩᠭᠢ᠂ ᠪᠡᠯᠡᠳᠬᠡᠯ | ᠮᠠᠰᠲ᠋ᠧᠷ ᠤᠨ ᠠᠩᠭᠢ ᠠᠴᠠ ᠲᠡᠭᠦᠰᠦᠭᠰᠡᠨ ᠮᠡᠷᠭᠡᠵᠢᠯ ᠤᠨ ᠠᠵᠢᠯᠴᠢᠨ ᠳᠤ ᠲᠤᠰ ᠲᠤᠰ ᠳᠤᠮᠳᠠ ᠵᠡᠷᠭᠡ ᠶᠢᠨ | ᠲᠤᠰᠬᠠᠢ ᠮᠡᠷᠭᠡᠵᠢᠯ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ᠂ ᠦᠨᠳᠦᠰᠦᠨ ᠠᠩᠭᠢ ᠶᠢᠨ ᠰᠤᠷᠤᠯᠭ᠎ᠠ ᠶᠢᠨ ᠨᠠᠮᠲᠠᠷ | ᠲᠠᠢ ᠠᠳᠠᠯᠢ ᠪᠠᠷ ᠬᠠᠮᠢᠶ᠎ᠠ ᠪᠦᠬᠦᠢ ᠣᠯᠭᠤᠮᠵᠢ ᠢ ᠨᠠᠶᠢᠳᠠᠪᠤᠷᠢᠵᠢᠭᠤᠯᠤᠨ᠎ᠠ᠃ | ᠬᠤᠶᠠᠷ ᠲᠤ᠂ ᠬᠥᠳᠡᠯᠮᠦᠷᠢ ᠪᠠ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠢᠶᠠᠷ ᠮᠡᠷᠭᠡᠵᠢᠯ ᠤᠨ ᠠᠵᠢᠯᠴᠢᠨ ᠢ | ᠰᠢᠯᠭᠠᠷᠠᠭᠤᠯᠤᠨ ᠰᠣᠩᠭᠤᠬᠤ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠮᠡᠷᠭᠡᠵᠢᠯ ᠴᠢᠳᠠᠪᠤᠷᠢ ᠶᠢᠨ | ᠮᠥᠷᠥᠶᠢᠴᠡᠭᠡᠨ ᠤ ᠰᠢᠯᠢᠳᠡᠭ ᠠᠵᠢᠯᠴᠢᠨ ᠤ ᠱᠠᠩᠨᠠᠯ ᠪᠠ ᠢᠷᠠᠭᠤ ᠠᠯᠳᠠᠷ ᠤᠨ ᠤᠷᠮᠠᠰᠢᠭᠤᠯᠤᠯ ᠢ | ᠴᠢᠩᠭᠠᠷᠠᠭᠤᠯᠬᠤ ᠪᠠᠷ ᠳᠤᠷᠠᠳᠤᠨ ᠭᠠᠷᠭᠠᠪᠠ᠃ ᠳᠡᠯᠡᠬᠡᠢ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠳᠤ ᠰᠢᠯᠢᠳᠡᠭ | ᠬᠢᠷᠢ ᠪᠦᠲᠦᠮᠵᠢ ᠣᠯᠣᠭᠰᠠᠨ ᠮᠠᠨ ᠤ ᠣᠷᠣᠨ ᠤ ᠠᠵᠢᠯᠴᠢᠨ ᠵᠢᠴᠢ ᠠᠵᠢᠯᠴᠢᠨ ᠤ ᠱᠠᠩᠨᠠᠯ ᠣᠯᠬᠤ ᠳᠤ | ᠵᠢᠯᠣᠭᠤᠳᠤᠯᠭ᠎ᠠ ᠪᠠ ᠬᠠᠪᠰᠤᠷᠤᠮᠵᠢ ᠬᠠᠩᠭᠠᠭᠰᠠᠨ ᠮᠡᠷᠭᠡᠵᠢᠯ ᠤᠨ ᠵᠢᠯᠣᠭᠤᠳᠤᠯᠭ᠎ᠠ ᠶᠢᠨ ᠲᠤᠰᠬᠠᠢ ᠮᠡᠷᠭᠡᠵᠢᠯᠲᠡᠨ᠂ | ᠵᠢᠭᠠᠨ ᠰᠤᠷᠭᠠᠭᠴᠢ᠂ ᠮᠡᠷᠭᠡᠵᠢᠯ ᠤᠨ ᠣᠷᠴᠢᠭᠤᠯᠤᠭᠴᠢ ᠳᠤ᠂ ᠤᠯᠤᠰ ᠤᠨ ᠱᠠᠩᠨᠠᠯ ᠤᠨ ᠪᠠᠷᠢᠮᠵᠢᠶ᠎ᠠ ᠶᠣᠰᠣᠭᠠᠷ ᠲᠤᠰ | ᠲᠤᠰ ᠠᠳᠠᠯᠢ ᠳᠡᠰ ᠤᠨ ᠱᠠᠩᠨᠠᠯ ᠣᠯᠭᠤᠨ᠎ᠠ᠃ ᠤᠯᠤᠰ ᠤᠨ ᠳᠡᠰ ᠤᠨ ᠨᠢᠭᠡᠳᠦᠭᠡᠷ ᠲᠥᠷᠥᠯ ᠤᠨ ᠮᠡᠷᠭᠡᠵᠢᠯ | ᠴᠢᠳᠠᠪᠤᠷᠢ ᠶᠢᠨ ᠤᠷᠤᠯᠳᠤᠭᠠᠨ ᠳᠤ ᠡᠮᠦᠨ᠎ᠡ 3 ᠨᠡᠷᠡᠰ ᠲᠤ ᠲᠣᠳᠣᠷᠠᠭᠰᠠᠨ ᠮᠠᠨ ᠤ ᠣᠷᠣᠨ ᠤ ᠠᠵᠢᠯᠴᠢᠨ ᠳᠤ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠢ | ᠮᠡᠷᠭᠡᠵᠢᠯᠲᠡᠨ ᠢ ᠰᠢᠯᠭᠠᠷᠠᠭᠤᠯᠤᠨ ᠰᠣᠩᠭᠤᠬᠤ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2014﹈ 41 ᠳ᠋ᠦ᠋ᠭᠡᠷ ᠲᠣᠭᠠᠲᠤ︶ ᠪᠠᠷ ᠯᠠᠪᠯᠠᠯᠲᠠ ᠪᠣᠯᠭᠠᠵᠤ ᠱᠠᠩᠨᠠᠯ ᠣᠯᠭᠤᠨ᠎ᠠ᠃ | ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠤ ᠲᠥᠪᠯᠡᠷᠡᠭᠦᠯᠦᠨ ᠪᠣᠯᠪᠠᠰᠤᠷᠠᠭᠤᠯᠬᠤ | ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠤ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠲᠤ | ᠲᠤᠰ ᠲᠤᠰ 300 ᠲᠦᠮᠡ ᠪᠠ 100 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ | ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠴᠡᠷᠢᠭ ᠪᠣᠯᠪᠠᠰᠤᠷᠠᠭᠤᠯᠤᠯᠲᠠ ᠪᠠ ᠮᠡᠷᠭᠡᠵᠢᠯ ᠤᠨ ᠮᠥᠷᠥᠶᠢᠴᠡᠭᠡᠨ ᠪᠠᠷ | ᠰᠠᠭᠤᠷᠢ ᠪᠣᠯᠭᠠᠭᠰᠠᠨ᠂ ᠣᠷᠣᠨ ᠨᠤᠲᠤᠭ ᠪᠠ ᠠᠵᠢᠯ ᠮᠡᠷᠭᠡᠵᠢᠯ ᠤᠨ ᠡᠷᠬᠢᠯᠡᠭᠰᠡᠨ ᠠᠵᠢᠯ ᠤᠨ ᠮᠡᠷᠭᠡᠵᠢᠯ | ᠴᠢᠳᠠᠪᠤᠷᠢ ᠶᠢᠨ ᠮᠥᠷᠥᠶᠢᠴᠡᠭᠡᠨ ᠢᠶᠠᠷ ᠭᠤᠣᠯ ᠴᠣᠭᠴᠠ ᠪᠣᠯᠭᠠᠭᠰᠠᠨ᠂ ᠣᠷᠣᠨ ᠤ ᠳᠣᠲᠣᠭᠠᠳᠤ ᠶᠢᠨ ᠮᠥᠷᠥᠶᠢᠴᠡᠭᠡᠨ | ᠪᠠ ᠪᠦᠬᠦ ᠤᠯᠤᠰ ᠤᠨ ᠮᠥᠷᠥᠶᠢᠴᠡᠭᠡᠨ ᠤ ᠵᠦᠢᠯ ᠢ ᠣᠷᠭᠠᠨᠢᠭ ᠢᠶᠠᠷ ᠵᠣᠯᠭᠠᠯᠳᠤᠭᠤᠯᠤᠭᠰᠠᠨ ᠡᠷᠬᠢᠯᠡᠭᠰᠡᠨ ᠠᠵᠢᠯ ᠤᠨ | ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠤ ᠲᠣᠭᠲᠠᠴᠠ ᠶᠢ ᠪᠠᠶᠢᠭᠤᠯᠤᠨ᠎ᠠ᠃ ᠡᠷᠬᠢᠯᠡᠭᠰᠡᠨ ᠠᠵᠢᠯ ᠤᠨ ᠮᠡᠷᠭᠡᠵᠢᠯ | ᠴᠢᠳᠠᠪᠤᠷᠢ ᠶᠢᠨ ᠮᠥᠷᠥᠶᠢᠴᠡᠭᠡᠨ ᠤ ᠠᠵᠢᠯ ᠳᠠᠬᠢ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ ᠵᠡᠷᠭᠡ ᠪᠦᠯᠬᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ | ᠨᠡᠶᠢᠭᠡᠮᠯᠢᠭ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠢᠨᠵᠧᠨᠧᠷᠢᠩ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠦᠢᠯᠡᠰ ᠤᠨ ᠲᠣᠭᠤᠷᠢᠨ ᠳᠤ | ᠬᠥᠳᠡᠯᠮᠦᠷᠢ ᠪᠠ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠥᠷᠨᠢᠭᠦᠯᠵᠦ᠂ ᠬᠥᠳᠡᠯᠮᠦᠷᠢ ᠪᠠ ᠮᠡᠷᠭᠡᠵᠢᠯ | ᠴᠢᠳᠠᠪᠤᠷᠢ ᠶᠢᠨ ᠮᠥᠷᠥᠶᠢᠴᠡᠭᠡᠨ ᠢ ᠵᠣᠬᠢᠶᠠᠨ ᠪᠠᠶᠢᠭᠤᠯᠬᠤ᠂ ᠦᠷ᠎ᠡ ᠴᠢᠳᠠᠮᠵᠢ ᠶᠢ ᠦᠨᠡᠯᠡᠨ ᠵᠢᠱᠢᠬᠦ ᠲᠣᠭᠲᠠᠴᠠ ᠶᠢ | ᠲᠡᠭᠦᠯᠳᠡᠷᠵᠢᠭᠦᠯᠵᠦ᠂ ᠨᠡᠩ ᠣᠯᠠᠨ ᠰᠢᠯᠢᠳᠡᠭ ᠮᠡᠷᠭᠡᠵᠢᠯ ᠤᠨ ᠠᠵᠢᠯᠴᠢᠨ ᠤ ᠴᠣᠯᠭᠤᠷᠠᠨ ᠭᠠᠷᠬᠤ ᠶᠢ ᠠᠬᠢᠭᠤᠯᠤᠨ᠎ᠠ᠃ | ᠭᠤᠷᠪᠠ ᠳᠤ᠂ ᠮᠡᠷᠭᠡᠵᠢᠯ ᠤᠨ ᠠᠵᠢᠯᠴᠢᠨ ᠤ ᠠᠮᠠᠷᠠᠯᠲᠠ ᠪᠠᠨ ᠠᠪᠬᠤ ᠡᠷᠬᠡ ᠶᠢ ᠨᠠᠶᠢᠳᠠᠪᠤᠷᠢᠵᠢᠭᠤᠯᠤᠨ᠎ᠠ᠃ | ᠬᠥᠳᠡᠯᠮᠦᠷᠢ ᠬᠦᠴᠦᠨ ᠤ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠶᠢ ᠴᠢᠩᠭᠠᠳᠬᠠᠨ᠂ ᠮᠡᠷᠭᠡᠵᠢᠯ ᠤᠨ | ᠠᠵᠢᠯᠴᠢᠨ ᠤ ᠠᠮᠠᠷᠠᠯᠲᠠ ᠪᠠᠨ ᠠᠪᠬᠤ ᠡᠷᠬᠡ ᠶᠢ ᠪᠠᠲᠤᠯᠠᠨ᠎ᠠ᠃ ᠰᠢᠯᠢᠳᠡᠭ ᠮᠡᠷᠭᠡᠵᠢᠯ ᠤᠨ ᠠᠵᠢᠯᠴᠢᠨ ᠤ ᠠᠮᠠᠷᠠᠵᠤ | ᠰᠤᠪᠢᠯᠠᠬᠤ ᠳᠦᠷᠢᠮ ᠢ ᠪᠠᠶᠢᠭᠤᠯᠤᠨ᠂ ᠠᠮᠠᠷᠠᠵᠤ ᠰᠤᠪᠢᠠᠯᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠨ | ᠵᠣᠬᠢᠶᠠᠨ ᠪᠠᠶᠢᠭᠤᠯᠵᠤ᠂ ᠱᠠᠲᠤ ᠳᠡᠰ ᠬᠤᠪᠢᠶᠠᠨ ᠬᠡᠷᠡᠭᠵᠢᠭᠦᠯᠦᠨ᠎ᠡ᠃ |