︽70 ᠵᠢᠯ ᠤᠨ ᠬᠡᠷᠡᠴᠢ︾ ᠳᠤᠮᠳᠠᠳᠤ ᠮᠤᠩᠭᠤᠯ ᠤᠨ ᠵᠠᠭᠤᠴᠢᠯᠠᠭᠤᠷ ᠤᠨ ᠬᠠᠮᠲᠤᠷᠠᠭᠰᠠᠨ ᠰᠤᠷᠪᠤᠯᠵᠢᠯᠠᠭ᠎ᠠ ᠶᠢᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2019/4/16
     4 ᠳ᠋ᠦ᠋ᠭᠡᠷ ᠰᠠᠷ᠎ᠠ ᠶᠢᠨ 12᠎ ᠤᠨ ᠡᠳᠦᠷ᠂ ︽70 ᠵᠢᠯ ᠤᠨ ᠬᠡᠷᠡᠴᠢ︾ ᠳᠤᠮᠳᠠᠳᠤ ᠮᠤᠩᠭᠤᠯ ᠤᠨ ᠵᠠᠭᠤᠴᠢᠯᠠᠭᠤᠷ ᠤᠨ ᠬᠠᠮᠲᠤᠷᠠᠭᠰᠠᠨ ᠰᠤᠷᠪᠤᠯᠵᠢᠯᠠᠭ᠎ᠠ ᠶᠢᠨ ᠰᠢᠷᠢᠰ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠬᠦᠬᠡᠬᠤᠲᠠ ᠳᠤ ᠶᠠᠪᠤᠭᠳᠠᠪᠠ᠃ ᠲᠤᠰ ᠠᠵᠢᠯᠯᠠᠭ᠎ᠠ ᠶᠢ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠪᠠ ᠮᠤᠩᠭᠤᠯ ᠤᠯᠤᠰ ᠤᠨ ᠰᠡᠳᠭᠦᠯᠴᠢᠳ ᠤᠨ ᠨᠢᠭᠡᠳᠦᠭᠰᠡᠨ ᠡᠪᠯᠡᠯ ᠠᠴᠠ ᠭᠤᠤᠯᠯᠠᠨ ᠡᠷᠬᠢᠯᠡᠵᠤ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ ᠶᠢᠨ ᠰᠤᠯᠤᠩᠭ᠎ᠠ ᠮᠡᠳᠡᠭᠡᠯᠡᠯ ᠤᠨ ᠲᠦᠪ ᠠᠴᠠ ᠲᠠᠭᠠᠭᠠᠴᠢᠯᠠᠨ ᠡᠷᠬᠢᠯᠡᠪᠠ᠃      ᠤᠶᠢᠯᠠᠭᠠᠭᠰᠠᠨ ᠢᠶᠠᠷ᠂ 4 ᠳ᠋ᠦ᠋ᠭᠡᠷ ᠰᠠᠷ᠎ᠠ ᠶᠢᠨ 12᠎ ᠤᠨ ᠡᠳᠦᠷ ᠠᠴᠠ 4 ᠳ᠋ᠦ᠋ᠭᠡᠷ ᠰᠠᠷ᠎ᠠ ᠶᠢᠨ 18᠎ ᠤ ᠡᠳᠦᠷ ᠪᠣᠯᠳᠠᠯᠠᠬᠢ 7 ᠡᠳᠦᠷ ᠤᠨ ᠲᠦᠪᠯᠡᠷᠡᠭᠦᠯᠦᠭᠰᠡᠨ ᠰᠤᠷᠪᠤᠯᠵᠢᠯᠠᠭ᠎ᠠ ᠶᠢᠨ ᠬᠤᠭᠤᠴᠠᠭᠠᠨ ᠳᠤ᠂ ᠳᠣᠮᠳᠠᠳᠣ ᠮᠤᠩᠭᠤᠯ ᠬᠤᠶᠠᠷ ᠤᠯᠤᠰ ᠤᠨ 30 ᠭᠠᠷᠤᠢ ᠰᠤᠷᠪᠤᠯᠵᠢᠯᠠᠭᠴᠢ ᠮᠠᠨ ᠤ ᠤᠷᠤᠨ ᠤ ᠬᠡᠰᠡᠭ ᠠᠶᠢᠮᠠᠭ ᠬᠤᠲᠠ ᠪᠠ ᠱᠠᠨᠰᠢ ᠮᠤᠵᠢ ᠎ ᠶᠢᠨ ᠶᠠᠨ ᠠᠨ ᠬᠤᠲᠠ ᠳᠤ ᠭᠦᠨᠵᠡᠭᠡᠶᠢᠷᠡᠵᠤ᠂ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢᠬᠢ ᠡᠯ᠎ᠡ ᠭᠠᠵᠠᠷ ᠣᠷᠣᠨ ᠡᠯ᠎ᠡ ᠦᠨᠳᠦᠰᠦᠲᠡᠨ ᠤ ᠠᠷᠠᠳ ᠲᠦᠮᠡᠨ ᠤ ᠡᠷᠡᠮᠡᠬᠡᠶᠢᠯᠡᠨ ᠤᠷᠤᠭᠰᠢᠯᠠᠭᠰᠠᠨ᠂ ᠰᠢᠷᠭᠠᠭᠤ ᠲᠠᠮᠡᠴᠡᠭᠰᠡᠨ ᠤᠶᠤᠨ ᠰᠠᠨᠠᠭᠠᠨ ᠤ ᠲᠦᠷᠰᠦ ᠪᠠᠶᠢᠳᠠᠯ ᠢ ᠦᠰᠦᠭ ᠪᠢᠴᠢᠭ᠂ ᠵᠢᠷᠤᠭ᠂ ᠬᠠᠷᠠᠭᠠᠨ ᠳᠠᠪᠲᠠᠮᠵᠢ ᠵᠡᠷᠭᠡ ᠬᠠᠮ ᠵᠠᠭᠤᠴᠢᠯᠠᠭᠤᠷ ᠤᠨ ᠭᠡᠯᠪᠡᠷᠢ ᠪᠠᠷ ᠰᠤᠷᠪᠤᠯᠵᠢᠯᠠᠨ ᠮᠡᠳᠡᠭᠡᠯᠡᠵᠦ᠂ ᠡᠯ᠎ᠡ ᠠᠵᠢᠯ ᠲᠦᠷᠦᠯ ᠤᠨ ᠤᠯᠤᠭᠰᠠᠨ ᠭᠡᠷᠡᠯ ᠰᠠᠴᠤᠷᠠᠩᠭᠤᠢ ᠠᠮᠵᠢᠯᠲᠠ ᠪᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢ ᠭᠦᠢᠴᠡᠳ ᠳᠣᠰᠬᠠᠨ᠂ ᠳᠤᠮᠳᠠᠳᠤ ᠤᠯᠤᠰ ᠤᠨ ᠦᠭᠡᠷᠡᠴᠢᠯᠡᠯᠲᠡ ᠨᠡᠭᠡᠭᠡᠯᠲᠡ ᠬᠢᠭᠰᠡᠨ ᠳᠦᠴᠢᠨ ᠵᠢᠯ ᠤᠨ ᠲᠤᠷᠰᠢᠬᠢ ᠠᠵᠤ ᠠᠬᠤᠢ ᠶᠢᠨ ᠬᠦᠭᠵᠢᠯᠲᠠ᠂ ᠨᠡᠶᠢᠭᠡᠮ ᠤᠨ ᠲᠠᠪᠰᠢᠯᠲᠠ᠂ ᠠᠷᠠᠳ ᠲᠦᠮᠡᠨ ᠤ ᠵᠢᠷᠭᠠᠯᠲᠣ ᠠᠮᠢᠳᠣᠷᠠᠯ ᠢ ᠠᠮᠢᠳᠤᠯᠢᠭ ᠢᠶᠠᠷ ᠵᠢᠷᠤᠭᠯᠠᠵᠣ᠂ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠳᠣᠷᠰᠢᠬᠢ ᠳᠣᠮᠳᠠᠳᠣ ᠣᠯᠣᠰ ᠤᠨ ᠰᠠᠶᠢᠨ ᠰᠠᠶᠢᠬᠠᠨ ᠦᠯᠢᠭᠡᠷ ᠢ ᠬᠦᠤᠷᠨᠢᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号