ᠦᠪᠦᠷ ᠵᠠᠰᠠᠭ ᠲᠠᠷᠬᠠᠭᠠᠭᠰᠠᠨ ﹇2018﹈ 44 ᠳ᠋ᠤᠭᠡᠷ ᠲᠣᠭᠠᠲᠤ | | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ | ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠬᠡᠴᠢ ᠳᠤ᠄ | ᠡᠳᠦᠬᠡ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠢ ᠰᠢᠯᠵᠢᠬᠦᠯᠬᠦ | ᠰᠢᠰᠲ᠋ᠧᠮᠵᠢ ᠶᠢ ᠪᠦᠳᠦᠬᠡᠨ ᠪᠠᠶᠢᠭᠤᠯᠬᠤ ᠶᠢᠨ ᠬᠡᠷᠡᠭᠵᠢᠬᠦᠯᠬᠦ ᠲᠦᠰᠦᠯ︾ ᠢ ᠲᠠ ᠨᠠᠷ ᠲᠤ ᠲᠠᠷᠤᠮᠠᠯᠯᠠᠨ ᠶᠠᠪᠤᠭᠤᠯᠤᠯ᠎ᠠ᠂ | ᠪᠤᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠤᠬᠢᠶᠠᠨ ᠪᠠᠶᠢᠭᠤᠯᠵᠦ ᠬᠡᠷᠡᠭᠵᠢᠬᠦᠯᠳᠦᠭᠦᠢ᠃ | | | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠢ ᠰᠢᠯᠵᠢᠬᠦᠯᠬᠦ | ᠰᠢᠰᠲ᠋ᠧᠮᠵᠢ ᠶᠢ ᠪᠦᠳᠦᠬᠡᠨ ᠪᠠᠶᠢᠭᠤᠯᠬᠤ ᠶᠢᠨ ᠬᠡᠷᠡᠭᠵᠢᠬᠦᠯᠬᠦ ᠲᠦᠰᠦᠯ | | | ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠢ ᠰᠢᠯᠵᠢᠬᠦᠯᠬᠦ ᠰᠢᠰᠲ᠋ᠧᠮᠵᠢ ᠪᠤᠯ ᠰᠢᠨᠵᠢᠯᠡᠬᠦ ᠤᠬᠠᠭᠠᠨ ᠲᠧᠭᠨᠢᠭ | ᠮᠡᠷᠬᠡᠵᠢᠯ ᠤᠨ ᠦᠷ᠎ᠡ ᠪᠦᠳᠦᠬᠡᠯ ᠤᠨ ᠦᠷᠭᠦᠯᠵᠢᠳᠡ ᠪᠤᠢ ᠪᠤᠯᠬᠤ ᠶᠢ ᠠᠬᠢᠭᠤᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠬᠡᠵᠢᠯ ᠤᠨ ᠦᠷ᠎ᠡ ᠪᠦᠳᠦᠬᠡᠯ ᠪᠠ ᠬᠡᠷᠡᠭᠯᠡᠬᠡᠨ ᠳᠤ ᠲᠤᠬᠢᠷᠠᠬᠤ ᠲᠡᠷᠢᠬᠦᠨ ᠤ ᠮᠡᠷᠬᠡᠵᠢᠯ ᠢ ᠦᠪᠦᠷ ᠮᠤᠩᠭᠤᠯ ᠳᠤ | ᠲᠡᠯᠬᠡᠷᠡᠬᠦᠯᠬᠦ᠂ ᠭᠦᠢᠯᠬᠡᠬᠡᠬᠦ᠂ ᠬᠠᠮᠳᠤ ᠳᠤ ᠪᠠᠨ ᠭᠦᠷᠳᠡᠬᠦ᠂ ᠬᠡᠷᠡᠭᠯᠡᠬᠦ ᠶᠢ ᠠᠬᠢᠭᠤᠯᠬᠤ ᠶᠢᠨ ᠬᠠᠮᠳᠤ ᠠᠵᠦ ᠠᠬᠤᠢ | ᠬᠢᠬᠡᠳ ᠨᠡᠶᠢᠬᠡᠮ ᠤᠨ ᠦᠷᠳᠡᠭ ᠢ ᠪᠡᠶᠡᠯᠡᠬᠦᠯᠬᠦ ᠠᠮᠢ ᠠᠬᠤᠢ ᠶᠢᠨ ᠰᠢᠰᠲ᠋ᠧᠮ ᠪᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠬᠦᠯᠬᠦ ᠨᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠬᠡᠨ ᠳᠤ ᠲᠤᠬᠢᠷᠠᠬᠤ ᠲᠡᠷᠢᠬᠦᠨ ᠤ ᠮᠡᠷᠬᠡᠵᠢᠯ ᠢ ᠰᠢᠯᠵᠢᠭᠦᠯᠦᠨ | ᠤᠯᠠᠷᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠤᠯᠤᠰ ᠤᠨ ᠮᠡᠷᠬᠡᠵᠢᠯ ᠢ ᠰᠢᠯᠵᠢᠬᠦᠯᠬᠦ | ᠰᠢᠰᠲ᠋ᠧᠮᠵᠢ ᠶᠢ ᠪᠦᠳᠦᠬᠡᠨ ᠪᠠᠶᠢᠭᠤᠯᠬᠤ ᠲᠦᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠶᠢᠨ ᠶᠠᠪᠤᠳᠠᠯ ᠤᠨ | ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2017﹈ 44 ᠳ᠋ᠤᠬᠡᠷ ᠲᠣᠭᠠᠲᠤ︶ ᠤᠨ ᠵᠣᠷᠢᠭ | ᠰᠠᠨᠠᠭ᠎ᠠ ᠶᠢ ᠭᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ | ᠰᠢᠯᠵᠢᠭᠦᠯᠬᠦ ᠰᠢᠰᠲ᠋ᠧᠮᠵᠢ ᠶᠢ ᠲᠦᠷᠭᠡᠪᠴᠢᠯᠡᠨ ᠪᠦᠳᠦᠬᠡᠨ ᠪᠠᠶᠢᠭᠤᠯᠬᠤ ᠪᠠ ᠲᠡᠭᠦᠯᠳᠡᠷᠵᠢᠬᠦᠯᠬᠦ ᠶᠢᠨ ᠲᠤᠰᠠᠳᠠ᠂ | ᠤᠨᠴᠠᠭᠠᠶᠢᠯᠠᠨ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠳᠡ ᠶᠢᠨ ᠲᠤᠬᠠᠶ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠤᠨᠤᠯᠵᠢᠬᠤᠨ ᠢ ᠪᠠᠲᠤ ᠪᠤᠢ ᠪᠤᠯᠭᠠᠬᠤ ᠪᠠ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨᠨᠰᠠᠨ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠭᠦᠨᠵᠡᠭᠡᠶ ᠬᠡᠷᠡᠭᠵᠢᠬᠦᠯᠦᠨ᠂ ᠳᠦᠷᠦ ᠶᠢᠨ ᠪᠤᠳᠤᠯᠭ᠎ᠠ ᠶᠢ ᠲᠦᠭᠦᠷᠵᠢᠬᠦᠯᠬᠦ ᠪᠠ ᠰᠢᠰᠲ᠋ᠧᠮᠵᠢ ᠶᠢ | ᠬᠠᠮᠵᠢᠯᠴᠠᠭᠤᠯᠬᠤ ᠪᠠᠨ ᠴᠢᠩᠭᠠᠳᠬᠠᠵᠦ᠂ ᠮᠡᠷᠭᠡᠵᠢᠯ ᠢ ᠰᠢᠯᠵᠢᠬᠦᠯᠬᠦ ᠲᠠᠯ᠎ᠠ ᠪᠠᠷ ᠬᠢ ᠰᠢᠨ᠎ᠡ ᠶᠢ ᠡᠭᠦᠳᠬᠦ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠭᠦᠭᠵᠢᠬᠡᠨ᠂ ᠮᠡᠷᠭᠡᠵᠢᠯ ᠤᠨ ᠬᠠᠩᠭᠠᠯᠭ᠎ᠠ ᠬᠡᠷᠡᠭᠴᠡᠭᠡ ᠶᠢ | ᠵᠠᠯᠭᠠᠯᠳᠤᠭᠤᠯᠬᠤ ᠪᠠ ᠥᠨᠳᠥᠷ ᠪᠦᠲᠦᠮᠵᠢᠲᠡᠶ ᠪᠠᠷ ᠰᠢᠯᠵᠢᠬᠦᠯᠬᠦ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠪᠠᠨ ᠬᠤᠪᠢᠷᠠᠭᠤᠯᠤᠨ ᠲᠠᠰ ᠲᠡᠪᠰᠢᠬᠦᠯᠬᠦ᠂ ᠠᠵᠤ ᠠᠬᠤᠢ ᠶᠢᠨ | ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠭᠦᠳᠡᠯᠬᠡᠭᠴᠢ | ᠬᠦᠴᠦᠨ ᠤ ᠬᠤᠪᠢᠰᠤᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ | ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨᠨᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠬᠡᠶᠢᠷᠡᠬᠦᠯᠬᠦ ᠪᠠᠷ | ᠭᠦᠳᠦᠯᠦᠨ ᠲᠠᠭᠠᠭᠤᠯᠤᠨᠨᠴᠢ ᠪᠤᠯᠭᠠᠵᠦ᠂ ᠮᠡᠷᠭᠡᠵᠢᠯ ᠢ ᠰᠢᠯᠵᠢᠬᠦᠯᠬᠦ ᠶᠢ ᠠᠬᠢᠭᠤᠯᠬᠤ ᠶᠠᠪᠤᠴᠠ ᠳᠠᠬᠢ ᠵᠠᠬ᠎ᠠ | ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠪᠠᠳᠠᠷᠠᠭᠤᠯᠤᠨ᠂ ᠮᠡᠷᠭᠡᠵᠢᠯ ᠢ ᠰᠢᠯᠵᠢᠭᠦᠯᠬᠦ ᠳᠤ ᠵᠠᠬ᠎ᠠ | ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠪᠠ ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ | ᠪᠠᠶᠢᠭᠤᠯᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠮᠡᠷᠭᠡᠵᠢᠯ ᠢ ᠰᠢᠯᠵᠢᠭᠦᠯᠬᠦ | ᠠᠮᠢᠵᠢᠷᠠᠯ ᠤᠨ ᠬᠦᠴᠦᠨ ᠢ ᠨᠢ ᠭᠦᠭᠵᠢᠬᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ | ᠪᠤᠯᠤᠨ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠤᠨ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠪᠠ | ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠨᠢᠭᠲᠠ ᠤᠶᠠᠯᠳᠤᠬᠤ ᠶᠢ ᠠᠬᠢᠭᠤᠯᠤᠨ᠎ᠠ᠃ | ᠳᠤᠲᠠᠭᠤᠳᠠᠯ ᠢ ᠨᠥᠬᠦᠪᠥᠷᠢᠯᠡᠵᠦ᠂ ᠰᠢᠨ᠎ᠠ ᠡᠭᠦᠳᠦᠯᠳᠡ ᠲᠠᠢ ᠪᠠᠷ ᠭᠦᠭᠵᠢᠬᠦᠯᠦᠨ᠎ᠠ᠃ ᠮᠡᠷᠭᠡᠵᠢᠯ ᠢ | ᠰᠢᠯᠵᠢᠭᠦᠯᠬᠦ ᠰᠢᠰᠲ᠋ᠧᠮᠵᠢ ᠶᠢᠨ ᠪᠠᠭᠤᠷᠠᠶ ᠲᠠᠯ᠎ᠠ ᠪᠠ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ | ᠲᠦᠪᠯᠡᠷᠡᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠬᠡᠨ ᠤ ᠦᠢᠯᠡᠰ ᠢ ᠶᠡᠭᠡ ᠪᠠᠷ | ᠭᠦᠭᠵᠢᠬᠦᠯᠦᠨ᠂ ᠮᠡᠷᠭᠡᠵᠢᠯ ᠤᠨ ᠰᠤᠯᠢᠯᠴᠠᠭᠠᠨ ᠤ ᠤᠯᠠᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠦ᠂ | ᠮᠡᠷᠭᠡᠵᠢᠯ ᠢ ᠰᠢᠯᠵᠢᠭᠦᠯᠬᠦ ᠲᠤᠰᠬᠠᠶᠢᠵᠢᠨᠨᠰᠠᠨ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠨ᠂ ᠮᠡᠷᠭᠡᠵᠢᠯ ᠢ | ᠰᠢᠯᠵᠢᠭᠦᠯᠬᠦ ᠦᠢᠯᠡᠴᠢᠯᠡᠬᠡᠨ ᠤ ᠪᠠᠶᠢᠭᠤᠯᠤᠮᠵᠢ ᠶᠢ ᠭᠦᠳᠦᠯᠦᠨ ᠵᠢᠯᠤᠭᠤᠳᠴᠤ ᠪᠠᠶᠢᠭᠠᠳ ᠵᠠᠬ᠎ᠠ ᠲᠡᠯᠬᠡᠭᠦᠷᠴᠢᠯᠡᠬᠦ᠂ | ᠲᠤᠰᠬᠠᠶᠢᠵᠢᠬᠤ ᠴᠢᠭᠯᠡᠯ ᠲᠠᠢ ᠪᠠᠷ ᠭᠦᠭᠵᠢᠬᠦᠯᠦᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ | ᠭᠦᠢᠯᠬᠡᠬᠡ ᠶᠢ ᠶᠡᠭᠡ ᠪᠠᠷ ᠭᠦᠭᠵᠢᠬᠦᠯᠵᠦ᠂ ᠦᠢᠯᠡᠰ ᠴᠣᠭᠴᠠᠯᠠᠬᠤ ᠪᠠᠷ ᠤᠷᠤᠭᠤᠯᠤᠨᠨᠰᠠᠨ ᠪᠡᠯᠡ ᠮᠦᠩᠭᠦ ᠶᠢᠨ | ᠪᠤᠴᠠᠭᠠᠨ ᠭᠠᠷᠭᠠᠬᠤ ᠲᠣᠭᠲᠠᠴᠠ ᠶᠢ ᠲᠡᠭᠦᠯᠳᠡᠷᠵᠢᠬᠦᠯᠦᠨ᠂ ᠮᠡᠷᠭᠡᠵᠢᠯ᠂ ᠭᠦᠷᠦᠩᠬᠡ᠂ ᠴᠢᠳᠠᠪᠤᠷᠢᠲᠠᠨ ᠵᠡᠷᠭᠡ | ᠴᠢᠬᠤᠯᠠ ᠭᠦᠴᠦᠨ ᠵᠦᠢᠯ ᠤᠳ ᠤᠨ ᠵᠠᠬ᠎ᠠ ᠳᠡᠯᠭᠡᠭᠦᠷ ᠲᠠᠢ ᠠᠭᠤᠰᠤᠯᠴᠠᠨ ᠵᠠᠯᠭᠠᠯᠳᠤᠬᠤ ᠶᠢ ᠠᠬᠢᠭᠤᠯᠵᠦ᠂ | ᠮᠡᠷᠭᠡᠵᠢᠯ ᠢ ᠰᠢᠯᠵᠢᠬᠦᠯᠦᠨ ᠰᠤᠯᠢᠯᠴᠠᠬᠤ ᠬᠡᠯᠬᠢᠶ᠎ᠡ᠂ ᠬᠠᠮᠳᠤᠷᠠᠨ ᠠᠵᠢᠯᠯᠠᠬᠤ ᠬᠡᠯᠬᠢᠶ᠎ᠡ᠂ ᠦᠢᠯᠡᠴᠢᠯᠡᠬᠦ ᠬᠡᠯᠬᠢᠶ᠎ᠡ ᠶᠢ | ᠪᠠᠶᠢᠭᠤᠯᠤᠨ᠎ᠠ᠃ | ᠵᠠᠰᠠᠭ ᠤᠨ ᠣᠷᠳᠣᠨ ᠠᠴᠠ ᠬᠥᠲᠥᠯᠦᠨ ᠵᠢᠯᠤᠭᠤᠳᠴᠤ᠂ ᠨᠡᠭᠡᠭᠡᠯᠲᠡ ᠬᠢᠵᠦ ᠬᠠᠮᠵᠢᠯᠴᠠᠨ᠎ᠠ᠃ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠪᠠᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠦᠭᠦᠴᠡᠯ ᠢ ᠡᠭᠦᠳᠦᠨ | ᠪᠦᠳᠦᠬᠡᠬᠦ ᠪᠠ ᠴᠢᠨᠠᠷ ᠰᠠᠶᠢᠲᠠᠶ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠲᠡᠶᠢᠰᠢ ᠬᠤᠪᠢᠷᠠᠭᠠᠬᠤ ᠶᠢ ᠲᠦᠯᠬᠢᠨ | ᠠᠬᠢᠭᠤᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠭᠤᠤᠯ | ᠪᠣᠯᠭᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠬᠠᠩᠭᠠᠬᠤ ᠂ ᠰᠤᠯᠢᠯᠴᠠᠬᠤ ᠪᠠ ᠡᠬᠢ | ᠪᠠᠶᠠᠯᠢᠭ ᠢ ᠲᠣᠬᠢᠷᠠᠭᠤᠯᠬᠤ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠲᠦᠭᠡᠮᠡᠯ ᠬᠠᠷᠠᠭᠠᠯᠵᠠᠬᠤ ᠴᠢᠨᠠᠷᠲᠠᠢ | ᠲᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠬᠦ ᠪᠠ ᠨᠠᠶᠢᠳᠠᠪᠤᠷᠢᠵᠢᠭᠤᠯᠤᠨ᠎ᠠ᠃ ᠪᠡᠭᠡᠵᠢᠩ ᠲᠢᠶᠠᠨᠵᠢᠨ | ᠾᠧᠪᠸᠢ ᠶᠢᠨ ᠵᠤᠬᠢᠴᠠᠯᠳᠤᠨ ᠬᠥᠭᠵᠢᠬᠦ ᠵᠡᠷᠭᠡ ᠪᠠᠶᠢᠯᠳᠤᠬᠤ ᠪᠣᠳᠣᠯᠭ᠎ᠠ ᠳᠤ ᠢᠳᠡᠪᠬᠢᠳᠡᠢ ᠤᠷᠤᠯᠴᠠᠵᠦ᠂ ᠮᠡᠷᠭᠡᠵᠢᠯ ᠢ | ᠰᠢᠯᠵᠢᠬᠦᠯᠬᠦ ᠲᠠᠯ᠎ᠠ ᠪᠠᠷ ᠨᠡᠭᠡᠭᠡᠯᠲᠡ ᠬᠢᠬᠦ ᠪᠠ ᠬᠠᠮᠲᠤᠷᠠᠨ ᠠᠵᠢᠯᠯᠠᠬᠤ ᠡᠷᠴᠢᠮ ᠢᠶᠠᠨ ᠴᠢᠩᠭᠠᠷᠠᠭᠤᠯᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠤᠨ | ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠳᠤ ᠠᠰᠢᠨᠨᠳᠠᠢ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ | ᠪᠣᠯᠭᠠᠨ᠎ᠠ᠃ | ︵ᠭᠤᠷᠪᠠ︶ ᠪᠦᠳᠦᠭᠡᠨ ᠪᠠᠶᠢᠭᠤᠯᠬᠤ ᠬᠠᠷᠠᠯᠲᠠ | 2020 ᠣᠨ ᠪᠣᠯᠬᠤ ᠳᠤ᠂ ᠰᠢᠨ᠎ᠡ ᠪᠠᠶᠢᠳᠠᠯ ᠳᠤ ᠵᠤᠬᠢᠴᠬᠠᠰᠠᠨ ᠥᠪᠡᠷᠲᠡᠭᠡᠨ ᠵᠠᠰᠠᠬᠤ ᠣᠷᠣᠨ ᠤ | ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ | ᠬᠤᠯᠪᠤᠭᠠᠯᠠᠨ ᠨᠡᠪᠳᠡᠷᠡᠯᠴᠡᠬᠦ ᠮᠡᠷᠭᠡᠵᠢᠯ ᠤᠨ ᠵᠠᠬ᠎ᠠ ᠳᠡᠯᠭᠡᠭᠦᠷ ᠢ ᠠᠩᠬ᠎ᠠ ᠠᠯᠬᠤᠮ ᠪᠦᠷᠢᠯᠳᠦᠬᠦᠯᠦᠨ᠂ ᠵᠠᠬ᠎ᠠ | ᠳᠡᠯᠭᠡᠭᠦᠷᠴᠢᠯᠡᠭᠰᠡᠨ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ᠂ ᠲᠤᠰᠬᠠᠶᠢᠵᠢᠨᠨᠰᠠᠨ ᠮᠡᠷᠭᠡᠵᠢᠯ ᠢ ᠰᠢᠯᠵᠢᠭᠦᠯᠬᠦ | ᠴᠢᠳᠠᠪᠤᠷᠢᠲᠠᠨ ᠤ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠡᠷᠭᠡᠵᠢᠯ ᠢ ᠰᠢᠯᠵᠢᠭᠦᠯᠬᠦ ᠵᠠᠮ ᠮᠦᠷ ᠢ ᠤᠯᠠᠮ | ᠰᠢᠯᠤᠭᠤᠳᠬᠠᠨ᠂ ᠪᠥᠬᠦ ᠣᠷᠣᠨ ᠳᠠᠬᠢ ᠮᠡᠷᠭᠡᠵᠢᠯ ᠤᠨ ᠬᠡᠷ᠎ᠡ ᠪᠠᠷ ᠰᠤᠯᠢᠯᠴᠬᠠᠰᠠᠨ ᠲᠤᠭ᠎ᠠ ᠶᠢ ᠮᠡᠳᠡᠭᠳᠡᠬᠦ᠋ᠢᠴᠡ | ᠲᠡᠬᠡᠭᠰᠢᠯᠡᠬᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠡᠷᠭᠡᠵᠢᠯ ᠢ ᠰᠢᠯᠵᠢᠭᠦᠯᠬᠦ ᠶᠢᠨ ᠵᠢᠱᠢᠶ᠎ᠡ ᠦᠵᠡᠭᠦᠯᠬᠦ | ᠪᠠᠶᠢᠭᠤᠯᠤᠮᠵᠢ ᠶᠢ 20 ᠠᠴᠠ ᠲᠡᠬᠡᠭᠰᠢ ᠪᠠᠶᠢᠭᠤᠯᠤᠨ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ᠂ | ᠭᠠᠵᠠᠷ ᠣᠷᠣᠨ ᠳᠤ ᠬᠠᠨᠳᠤᠭᠤᠯᠤᠨᠨᠰᠠᠨ ᠤᠯᠠᠨ ᠤᠯᠤᠰ ᠤᠨ ᠮᠡᠷᠭᠡᠵᠢᠯ ᠢ ᠰᠢᠯᠵᠢᠭᠦᠯᠬᠦ ᠠᠵᠢᠯ ᠢ ᠥᠷᠭᠡᠨ ᠢᠶᠠᠷ | ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ | ᠲᠡᠷᠢᠬᠦᠨ ᠤ ᠮᠡᠷᠭᠡᠵᠢᠯ ᠢ ᠬᠥᠷᠥᠩᠭᠡᠵᠢᠭᠦᠯᠬᠦ᠂ ᠠᠵᠤ ᠦᠢᠯᠡᠰᠵᠢᠭᠦᠯᠬᠦ ᠪᠠᠶᠢᠭᠤᠯᠤᠯ ᠲᠣᠭᠲᠠᠴᠠ ᠶᠢ | ᠦᠨᠳᠦᠰᠦᠨ ᠳᠤ ᠪᠠᠨ ᠪᠠᠶᠢᠭᠤᠯᠤᠨ᠎ᠠ᠃ | 2025 ᠣᠨ ᠪᠣᠯᠬᠤ ᠳᠤ᠂ ᠪᠦᠲᠦᠴᠡ ᠨᠢ ᠵᠣᠬᠢᠰᠲᠠᠶ᠂ ᠴᠢᠳᠠᠮᠵᠢ ᠨᠢ ᠲᠡᠭᠦᠯᠳᠡᠷ᠂ ᠪᠠᠶᠢᠭᠤᠯᠤᠯ ᠨᠢ ᠪᠦᠷᠢᠨ᠂ | ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠬᠤ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ | ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠤᠨ᠂ ᠮᠡᠷᠭᠡᠵᠢᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ | ᠲᠡᠭᠦᠯᠳᠡᠷᠵᠢᠬᠦᠯᠵᠦ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠭᠤᠤᠯ ᠴᠣᠭᠴᠠ ᠥᠨᠳᠥᠷ ᠪᠦᠲᠦᠮᠵᠢᠲᠡᠢ ᠪᠠᠷ | ᠬᠠᠮᠵᠢᠯᠴᠠᠨ ᠬᠥᠳᠡᠯᠦᠯᠴᠡᠵᠤ᠂ ᠮᠡᠷᠭᠡᠵᠢᠯ ᠢ ᠰᠢᠯᠵᠢᠭᠦᠯᠬᠦ ᠪᠠᠶᠢᠭᠤᠯᠤᠯ ᠲᠣᠭᠲᠠᠴᠠ ᠶᠢ ᠨᠡᠩ ᠪᠦᠷᠢᠨᠰᠢᠬᠦᠯᠦᠨ᠂ | ᠣᠷᠣᠨ ᠤ ᠳᠣᠲᠣᠷ᠎ᠠ ᠭᠠᠳᠠᠨᠠᠬᠢ ᠮᠡᠷᠭᠡᠵᠢᠯ ᠢ ᠰᠢᠯᠵᠢᠭᠦᠯᠬᠦ ᠲᠣᠣᠷ ᠰᠦᠯᠵᠢᠶ᠎ᠡ ᠶᠢᠨ ᠵᠠᠯᠭᠠᠯᠳᠠ ᠶᠢ ᠰᠠᠭᠠᠳ ᠦᠭᠡᠢ | ᠨᠡᠪᠲᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠡ ᠪᠦᠳᠦᠬᠡᠯ ᠪᠠ ᠬᠡᠷᠡᠭᠯᠡᠬᠡᠨ ᠳᠤ ᠲᠤᠬᠢᠷᠠᠬᠤ | ᠲᠡᠷᠢᠬᠦᠨ ᠤ ᠮᠡᠷᠬᠡᠵᠢᠯ ᠢ ᠲᠡᠯᠬᠡᠷᠡᠬᠦᠯᠬᠦ᠂ ᠭᠦᠢᠯᠬᠡᠬᠡᠬᠦ᠂ ᠬᠠᠮᠳᠤ ᠳᠤ ᠪᠠᠨ ᠭᠦᠷᠳᠡᠬᠦ᠂ ᠬᠡᠷᠡᠭᠯᠡᠬᠦ ᠶᠢ ᠨᠡᠩ | ᠰᠢᠯᠤᠭᠤᠬᠠᠨ ᠪᠤᠯᠭᠠᠨ᠎ᠠ᠃ | ︵ᠲᠦᠷᠪᠡ︶ ᠰᠢᠰᠲ᠋ᠧᠮᠵᠢ ᠶᠢᠨ ᠪᠠᠶᠢᠷᠢᠰᠢᠭᠤᠯᠤᠯᠳᠠ | ᠰᠠᠭᠤᠷᠢ ᠪᠦᠷᠢᠯᠳᠦᠴᠡ᠃ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠬᠦᠯᠬᠦ ᠰᠢᠰᠲ᠋ᠧᠮᠵᠢ ᠨᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ | ᠮᠡᠷᠭᠡᠵᠢᠯ ᠢ ᠡᠭᠦᠳᠦᠨ ᠪᠦᠲᠦᠭᠡᠬᠦ ᠪᠠ ᠬᠡᠷᠡᠭᠯᠡᠭᠡᠨ ᠤ ᠭᠤᠤᠯ ᠴᠣᠭᠴᠠ᠂ ᠮᠡᠷᠭᠡᠵᠢᠯ ᠤᠨ ᠰᠤᠯᠢᠯᠴᠠᠭᠠᠨ ᠤ ᠲᠡᠪᠴᠡᠩ᠂ | ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠪᠠ ᠠᠵᠢᠯᠲᠠᠨ᠂ ᠵᠤᠬᠢᠬᠤ ᠵᠠᠬ᠎ᠠ ᠳᠡᠯᠭᠡᠭᠦᠷ ᠤᠨ ᠶᠤᠰᠤ ᠲᠦᠷᠢᠮ ᠪᠣᠯᠤᠨ | ᠤᠷᠮᠠᠰᠢᠭᠤᠯᠬᠤ ᠲᠥᠷᠥ ᠶᠢᠨ ᠪᠣᠳᠣᠯᠭ᠎ᠠ ᠪᠠᠷ ᠪᠦᠷᠢᠯᠳᠦᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠢ ᠡᠭᠦᠳᠦᠨ ᠪᠦᠳᠦᠬᠡᠬᠦ ᠠᠴᠠ ᠪᠣᠯᠪᠠᠰᠤᠷᠠᠩᠭᠤᠶ | ᠪᠣᠯᠭᠠᠬᠤ᠂ ᠦᠨᠡᠯᠡᠨ ᠵᠢᠱᠢᠬᠦ᠂ ᠦᠨ᠎ᠡ ᠲᠤᠨᠨᠳᠠᠭᠠᠬᠤ᠂ ᠰᠤᠯᠢᠯᠴᠠᠬᠤ᠂ ᠬᠡᠷᠡᠭᠯᠡᠬᠦ ᠶᠢᠨ ᠪᠦᠬᠦ ᠶᠠᠪᠤᠴᠠ ᠶᠢ ᠪᠠᠭᠳᠠᠭᠠᠨ | ᠠᠭᠤᠯᠵᠦ ᠪᠠᠶᠢᠳᠠᠭ᠃ | ᠰᠢᠯᠵᠢᠬᠦᠯᠬᠦ ᠨᠡᠪᠳᠡᠷᠡᠯ ᠵᠠᠮ᠃ ᠡᠭᠦᠨ ᠳᠤ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ | ᠴᠢᠬᠤᠯᠠ ᠪᠤᠯᠬᠤ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠤᠳ ᠤᠨ ᠬᠤᠭᠤᠷᠣᠨᠳᠣᠬᠢ ᠤᠯᠤᠰ ᠠᠯᠤᠰᠯᠠᠭᠰᠠᠨ | ᠮᠡᠷᠭᠡᠵᠢᠯ ᠢ ᠰᠢᠯᠵᠢᠭᠦᠯᠬᠦ ᠨᠡᠪᠳᠡᠷᠡᠯ ᠵᠠᠮ᠂ ᠬᠥᠭᠵᠢᠭᠰᠡᠨ ᠮᠤᠵᠢ ︵ᠤᠷᠤᠨ᠂ ᠬᠤᠳᠠ︶᠂ ᠤᠯᠤᠰ ᠤᠨ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠤᠨ ᠬᠤᠭᠤᠷᠣᠨᠳᠣᠬᠢ ᠣᠷᠣᠨ ᠪᠦᠰᠡ ᠠᠯᠤᠰᠯᠠᠭᠰᠠᠨ | ᠮᠡᠷᠭᠡᠵᠢᠯ ᠢ ᠰᠢᠯᠵᠢᠭᠦᠯᠬᠦ ᠨᠡᠪᠳᠡᠷᠡᠯ ᠵᠠᠮ᠂ ᠴᠡᠷᠢᠭ ᠠᠩᠬᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ | ᠪᠠᠶᠢᠭᠤᠯᠤᠮᠵᠢ ᠨᠤᠭᠤᠳ ᠤᠨ ᠬᠤᠭᠤᠷᠣᠨᠳᠣᠬᠢ ᠴᠡᠷᠢᠭ ᠠᠷᠠᠳ ᠤᠨ ᠬᠡᠷᠡᠭᠴᠡᠬᠡᠨ ᠤ ᠮᠡᠷᠭᠡᠵᠢᠯ ᠢ ᠰᠢᠯᠵᠢᠭᠦᠯᠬᠦ | ᠨᠡᠪᠳᠡᠷᠡᠯ ᠵᠠᠮ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠨᠤᠭᠤᠳ ᠤᠨ ᠬᠤᠭᠤᠷᠣᠨᠳᠣᠬᠢ ᠣᠷᠣᠨ ᠤ ᠲᠤᠳᠤᠷᠠᠬᠢ ᠮᠡᠷᠭᠡᠵᠢᠯ ᠢ ᠰᠢᠯᠵᠢᠭᠦᠯᠬᠦ ᠨᠡᠪᠳᠡᠷᠡᠯ ᠵᠠᠮ ᠤᠳ | ᠪᠠᠭᠳᠠᠨ᠎ᠠ᠃ | ᠲᠤᠯᠭᠠᠭᠤᠷᠢᠯᠠᠬᠤ ᠪᠠᠳᠤᠯᠠᠭ᠎ᠠ᠃ ᠡᠭᠦᠨ ᠳᠤ ᠮᠡᠷᠭᠡᠵᠢᠯ ᠢ ᠰᠤᠯᠢᠯᠴᠬᠠᠰᠠᠨ ᠤ ᠲᠠᠷᠠᠭ᠎ᠠ ᠨᠥᠬᠦᠪᠥᠷᠢ ᠦᠭᠬᠦ᠂ | ᠭᠠᠶᠢᠯᠢ ᠲᠠᠲᠠᠪᠤᠷᠢ ᠶᠢᠨ ᠲᠠᠯ᠎ᠠ ᠳᠤ ᠬᠠᠷᠠᠭᠠᠯᠵᠠᠯ ᠦᠵᠡᠬᠦᠯᠬᠦ᠂ ᠦᠷ᠎ᠡ ᠪᠦᠲᠦᠭᠡᠯ ᠢ ᠡᠮᠬᠢᠳᠬᠡᠨ ᠴᠤᠨᠨᠯᠠᠭᠤᠯᠵᠦ | ᠲᠤᠰᠢᠶᠠᠬᠤ᠂ ᠮᠡᠳᠡᠭᠡ ᠵᠠᠩᠭᠢ ᠶᠢ ᠬᠠᠮᠲᠤ ᠳᠤ ᠪᠠᠨ ᠭᠦᠷᠳᠡᠬᠦ᠂ ᠮᠡᠳᠡᠯᠭᠡ ᠶᠢᠨ ᠪᠦᠳᠦᠬᠡᠭᠳᠡᠬᠦᠨ ᠤ ᠦᠮᠴᠢᠯᠡᠯ ᠤᠨ | ᠡᠷᠬᠡ ᠶᠢ ᠬᠠᠮᠠᠭᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠬᠡᠬᠡ᠂ ᠡᠷᠬᠡ ᠠᠰᠢᠭ ᠢ | ᠵᠠᠭᠠᠭᠯᠠᠨ ᠲᠤᠨᠨᠳᠠᠭᠠᠬᠤ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠤᠷᠮᠠᠰᠢᠭᠤᠯᠬᠤ ᠲᠥᠷᠥ ᠶᠢᠨ | ᠪᠣᠳᠣᠯᠭ᠎ᠠ ᠨᠤᠭᠤᠳ ᠪᠠᠭᠳᠠᠨ᠎ᠠ᠃ | ᠬᠤᠶᠠᠷ᠂ ᠭᠤᠤᠯᠳᠠᠯᠭ᠎ᠠ ᠲᠠᠢ ᠠᠵᠢᠯ | ︵ᠨᠢᠭᠡ︶ ᠰᠢᠨ᠎ᠡ ᠶᠢ ᠡᠭᠦᠳᠬᠦ ᠭᠤᠣᠯ ᠴᠣᠭᠴᠠ ᠶᠢᠨ ᠮᠡᠷᠭᠡᠵᠢᠯ ᠢ ᠰᠢᠯᠵᠢᠬᠦᠯᠬᠦ ᠠᠮᠢᠵᠢᠷᠠᠯ ᠤᠨ ᠭᠦᠴᠦᠨ ᠢ | ᠭᠦᠭᠵᠢᠬᠡᠨᠠ | ᠮᠡᠷᠭᠡᠵᠢᠯ ᠢ ᠰᠢᠯᠵᠢᠭᠦᠯᠬᠦ ᠶᠠᠪᠤᠴᠠ ᠳᠠᠬᠢ ᠠᠵᠦ ᠠᠬᠤᠶᠢᠯᠠᠯ ᠤᠳ ᠤᠨ ᠭᠤᠣᠯ ᠴᠣᠭᠴᠠ ᠶᠢᠨ ᠦᠢᠯᠡᠳᠦᠯ ᠢ | ᠪᠠᠳᠠᠷᠠᠭᠤᠯᠵᠤ᠂ ᠮᠡᠷᠭᠡᠵᠢᠯ ᠢ ᠰᠢᠯᠵᠢᠬᠦᠯᠬᠦ ᠲᠦᠷᠦ ᠶᠢᠨ ᠪᠤᠳᠤᠯᠭ᠎ᠠ᠂ ᠲᠠᠪᠴᠠᠩ᠂ ᠮᠡᠳᠡᠭᠡ ᠵᠠᠩᠭᠢ᠂ ᠦᠢᠯᠡᠴᠢᠯᠡᠭᠡ | ᠬᠢᠬᠡᠳ ᠠᠵᠤ ᠠᠬᠤᠶᠢᠯᠠᠯ ᠤᠳ ᠤᠨ ᠵᠠᠯᠭᠠᠯᠳᠤᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠮᠡᠷᠭᠡᠵᠢᠯ ᠢ ᠡᠵᠡᠩᠨᠡᠬᠦ | ᠦᠵᠡᠯ ᠤᠬᠠᠮᠰᠠᠷ ᠢ ᠪᠤᠶᠢᠵᠢᠭᠤᠯᠵᠦ᠂ ᠠᠵᠤ ᠠᠬᠤᠶᠢᠯᠠᠯ ᠢ ᠲᠡᠮᠵᠢᠵᠦ ᠪᠠᠶᠢᠭᠠᠳ ᠮᠡᠷᠭᠡᠵᠢᠯ ᠢ ᠰᠢᠯᠵᠢᠭᠦᠯᠬᠦ | ᠪᠠᠶᠢᠭᠤᠯᠤᠮᠵᠢ ᠪᠠ ᠮᠡᠷᠭᠡᠵᠢᠯ ᠢ ᠰᠢᠯᠵᠢᠭᠦᠯᠬᠦ ᠲᠤᠰᠬᠠᠶ ᠲᠤᠰᠢᠶᠠᠯᠳᠠᠳ ᠲᠤᠬᠢᠷᠠᠭᠤᠯᠤᠨ᠎ᠠ᠃ ᠤᠳᠤ ᠶᠢᠨ ᠪᠠᠶᠢᠭ᠎ᠠ | ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠴᠢᠳᠠᠪᠤᠷᠢ ᠶᠢ ᠨᠢ ᠲᠡᠬᠡᠭᠰᠢᠯᠡᠬᠦᠯᠦᠨ᠂ ᠰᠢᠨ᠎ᠡ | ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠲᠦᠷᠭᠡᠪᠴᠢᠯᠡᠨ ᠬᠥᠭᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠤᠳᠤᠯᠭᠠᠨ ᠤ ᠶᠠᠪᠤᠴᠠ ᠳᠤ ᠲᠤᠷᠰᠢᠬᠤ᠂ ᠪᠣᠯᠪᠠᠰᠤᠷᠠᠩᠭᠤᠶ ᠪᠣᠯᠭᠠᠬᠤ | ᠨᠢᠭᠡ ᠪᠦᠯᠦᠭ ᠭᠦᠷᠢᠶ᠎ᠡ ᠴᠠᠷᠠᠭ᠎ᠠ ᠬᠤᠪᠢᠢᠬᠠᠰᠠᠨ ᠰᠠᠭᠤᠷᠢᠨ ᠭᠠᠵᠠᠷ ᠢ ᠪᠠᠶᠢᠭᠤᠯᠤᠨ᠂ ᠮᠡᠷᠭᠡᠵᠢᠯ ᠤᠨ | ᠪᠤᠯᠪᠠᠰᠤᠷᠠᠩᠭᠤᠢ ᠶᠢᠨ ᠬᠡᠮᠵᠢᠶ᠎ᠡ ᠶᠢ ᠨᠢ ᠦᠨᠡᠯᠡᠬᠦ ᠶᠢ ᠲᠡᠯᠬᠡᠷᠡᠬᠦᠯᠵᠦ᠂ ᠮᠡᠷᠭᠡᠵᠢᠯ ᠤᠨ ᠦᠷ᠎ᠡ ᠪᠦᠲᠦᠭᠡᠯ ᠢ | ᠬᠡᠪᠴᠢᠶᠡᠵᠢᠭᠦᠯᠦᠨ ᠬᠡᠷᠡᠭᠯᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠢᠶᠠᠷ ᠲᠦᠷᠦᠭᠦᠯᠡᠬᠦᠯᠵᠦ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠲᠠᠢ | ᠬᠠᠮᠳᠤᠷᠠᠯᠴᠠᠵᠦ ᠪᠠᠶᠢᠭᠠᠳ ᠠᠵᠤ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠳᠡ ᠶᠢᠨ ᠪᠠᠶᠢᠯᠳᠤᠬᠤ ᠪᠣᠳᠣᠯᠭ᠎ᠠ ᠶᠢᠨ | ᠬᠤᠯᠪᠣᠭ᠎ᠠ ᠶᠢ ᠬᠠᠮᠳᠤ ᠪᠠᠷ ᠪᠠᠶᠢᠭᠤᠯᠬᠤ ᠶᠢ ᠲᠡᠮᠵᠢᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠮᠡᠷᠬᠡᠵᠢᠯ ᠢ | ᠰᠢᠯᠵᠢᠬᠦᠯᠬᠦ ᠪᠠᠨ ᠬᠠᠮᠵᠢᠯᠴᠠᠨ ᠠᠬᠢᠭᠤᠯᠬᠤ ᠶᠢ ᠪᠡᠶᠡᠯᠡᠬᠦᠯᠦᠨ᠎ᠠ᠃ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠰᠢᠨᠵᠢᠯᠡᠬᠦ | ᠤᠬᠠᠭᠠᠨ ᠤ ᠰᠤᠳᠤᠯᠤᠯ ᠤᠨ ᠠᠵᠢᠯ ᠦᠢᠯᠡᠰ ᠤᠨ ᠨᠢᠬᠡᠴᠢ ᠨᠦᠭᠦᠳ ᠢ ᠵᠤᠷᠢᠨᠨᠵᠢᠭᠤᠯᠵᠦ ᠪᠠᠶᠢᠭᠠᠳ ᠮᠡᠷᠭᠡᠵᠢᠯ ᠢ | ᠰᠢᠯᠵᠢᠭᠦᠯᠬᠦ ᠠᠵᠢᠯ ᠦᠷᠨᠢᠬᠦᠯᠦᠭᠦᠯᠵᠦ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠵᠡᠷᠭᠡ ᠨᠢᠭᠡᠴᠢ ᠨᠦᠭᠦᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢᠶᠠᠨ ᠤᠯᠠᠷᠢᠭᠤᠯᠤᠨᠨᠰᠠᠨ ᠪᠠᠶᠢᠳᠠᠯ ᠤᠨ ᠣᠨ ᠤ ᠮᠡᠳᠡᠭᠦᠯᠦᠯᠲᠡ ᠬᠢᠬᠦ ᠲᠦᠷᠢᠮ ᠢ ᠪᠠᠶᠢᠭᠤᠯᠤᠨ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠦ ᠳᠡᠯᠭᠡᠷᠡᠭᠦᠯᠬᠦ ᠭᠠᠷᠴᠠᠭ ᠢ | ᠨᠡᠶᠢᠳᠡᠯᠡᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ | ᠨᠢᠬᠡᠴᠢ ᠨᠦᠭᠦᠳ ᠤᠨ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ ᠪᠠ ᠲᠤᠰᠬᠠᠶ ᠠᠵᠢᠯ ᠤᠨ ᠪᠠᠶᠢᠷᠢ ᠲᠤᠬᠢᠷᠠᠭᠤᠯᠬᠤ ᠶᠢ | ᠵᠤᠷᠢᠨᠨᠵᠢᠭᠤᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠠᠰᠢᠨᠨᠳᠠᠢ | ᠬᠤᠪᠢᠶᠠᠷᠢᠯᠠᠯᠲᠠ ᠶᠢᠨ ᠲᠦᠷᠢᠮ ᠢ ᠲᠤᠨᠨᠳᠠᠭᠠᠨ᠂ ᠮᠡᠷᠭᠡᠵᠢᠯ ᠤᠨ ᠡᠵᠡᠩᠨᠡᠨ ᠡᠷᠬᠢᠯᠡᠭᠴᠢ ᠢ ᠤᠷᠢᠵᠤ ᠬᠡᠷᠡᠭᠯᠡᠬᠦ | ᠲᠦᠷᠢᠮ ᠢ ᠰᠦᠪᠡᠭᠴᠢᠯᠡᠨ ᠬᠡᠷᠡᠭᠵᠢᠬᠦᠯᠵᠦ᠂ ᠬᠤᠪᠢ ᠨᠡᠮᠡᠷᠢ ᠪᠠᠷ ᠲᠣᠪᠤᠶᠢᠮ᠎ᠠ ᠪᠠᠶᠢᠭ᠎ᠠ ᠮᠡᠷᠭᠡᠵᠢᠯ ᠢ ᠰᠢᠯᠵᠢᠬᠦᠯᠦᠭᠰᠡᠨ | ᠠᠵᠢᠯᠳᠠᠳ ᠲᠤ ᠮᠡᠷᠭᠡᠵᠢᠯ ᠤᠨ ᠴᠣᠯᠠ ᠶᠢ ᠨᠢ ᠬᠢᠨᠠᠨ ᠲᠣᠭᠲᠠᠭᠠᠬᠤ᠂ ᠠᠮᠵᠢᠯᠲᠠ ᠪᠦᠲᠦᠮᠵᠢ ᠶᠢᠨ ᠴᠠᠯᠢᠩ ᠢ ᠨᠢ | ᠬᠤᠪᠢᠶᠠᠷᠢᠯᠠᠬᠤ ᠵᠡᠷᠭᠡ ᠲᠠᠯ᠎ᠠ ᠪᠠᠷ ᠬᠠᠷᠠᠭᠠᠯᠵᠠᠯ ᠦᠵᠡᠬᠦᠯᠦᠨ᠎ᠠ᠃ | ︵ᠬᠤᠶᠠᠷ︶ ᠮᠡᠷᠭᠡᠵᠢᠯ ᠤᠨ ᠵᠠᠬ᠎ᠠ ᠳᠡᠯᠭᠡᠭᠦᠷ ᠢ ᠲᠦᠷᠭᠡᠪᠴᠢᠯᠡᠨ ᠭᠦᠭᠵᠢᠬᠦᠯᠦᠨ᠎ᠠ | ᠦᠢᠯᠡᠳᠦᠯ ᠴᠢᠳᠠᠮᠵᠢ ᠪᠠᠷ ᠲᠡᠭᠦᠯᠳᠡᠷ᠂ ᠨᠥᠯᠥᠭᠡᠯᠡᠬᠦ ᠦᠢᠯᠡᠳᠦᠯ ᠢᠶᠠᠷ ᠴᠢᠩᠭ᠎ᠠ ᠪᠤᠯᠬᠤ ᠣᠷᠣᠨ ᠪᠦᠰᠡ ᠶᠢᠨ | ᠴᠢᠨᠠᠷᠲᠠᠶ ᠮᠡᠷᠭᠡᠵᠢᠯ ᠤᠨ ᠰᠤᠯᠢᠯᠴᠠᠭᠠᠨ ᠤ ᠵᠠᠬ᠎ᠠ ᠳᠡᠯᠭᠡᠭᠦᠷ ᠤᠳ ᠢ ᠪᠤᠶᠢᠵᠢᠭᠤᠯᠤᠨ ᠭᠦᠭᠵᠢᠬᠦᠯᠵᠦ᠂ ᠪᠥᠬᠦ | ᠣᠷᠣᠨ ᠤ ᠮᠡᠷᠭᠡᠵᠢᠯ ᠤᠨ ᠰᠤᠯᠢᠯᠴᠠᠭᠠᠨ ᠤ ᠲᠤᠤᠷ ᠰᠦᠯᠵᠢᠶ᠎ᠡ ᠶᠢ ᠪᠠᠶᠢᠭᠤᠯᠤᠨ᠂ ᠲᠡᠭᠦᠨ ᠢ ᠪᠠᠨ ᠪᠥᠬᠦ ᠤᠯᠤᠰ ᠤᠨ | ᠮᠡᠷᠭᠡᠵᠢᠯ ᠤᠨ ᠰᠤᠯᠢᠯᠴᠠᠭᠠᠨ ᠤ ᠰᠦᠯᠵᠢᠶ᠎ᠡ ᠲᠠᠢ ᠬᠤᠯᠪᠤᠭᠠᠯᠠᠨ ᠨᠡᠪᠳᠡᠷᠡᠯᠴᠡᠬᠦᠯᠦᠨᠠ᠃ ᠤᠳᠤ ᠶᠢᠨ ᠪᠠᠶᠢᠭ᠎ᠠ | ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠤᠯᠢᠯᠴᠠᠭᠠᠨ ᠤ ᠰᠦᠯᠵᠢᠶᠡᠨ ᠲᠠᠪᠴᠠᠩ ᠳᠤ ᠲᠦᠰᠢᠭᠯᠡᠵᠦ᠂ ᠪᠥᠬᠦ | ᠣᠷᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ | ᠲᠡᠷᠢᠭᠦᠨ ᠤ ᠮᠡᠷᠭᠡᠵᠢᠯ ᠤᠨ ᠨᠢᠭᠡᠳᠦᠯᠲᠡᠶ ᠳ᠋ᠠᠶᠢᠲ᠋ᠠ ᠬᠥᠮᠥᠷᠭᠡ ᠶᠢ ᠪᠠᠶᠢᠭᠤᠯᠤᠨ᠂ ᠢᠨᠲ᠋ᠧᠷ ᠰᠦᠯᠵᠢᠶ᠎ᠡ ᠪᠠᠷ | ᠲᠠᠮᠵᠢᠭᠤᠯᠤᠨ ᠮᠡᠷᠭᠡᠵᠢᠯ ᠢ ᠰᠢᠯᠵᠢᠭᠦᠯᠬᠦ ᠶᠢᠨ ᠰᠤᠯᠢᠯᠴᠠᠬᠤ ᠡᠳᠡᠬᠡᠳ ᠪᠠ ᠦᠢᠯᠡᠴᠢᠯᠡᠬᠦᠯᠬᠦ ᠡᠲᠡᠭᠡᠳ ᠢ ᠬᠤᠯᠪᠤᠵᠦ᠂ | ᠰᠦᠯᠵᠢᠶ᠎ᠡ ᠪᠠᠷ ᠪᠠ ᠰᠦᠯᠵᠢᠶᠡᠨ ᠤ ᠭᠠᠳᠠᠭᠤᠷᠬᠢ ᠶᠢ ᠤᠶᠠᠯᠳᠤᠭᠤᠯᠤᠭᠰᠠᠨ ᠮᠡᠷᠭᠡᠵᠢᠯ ᠤᠨ ᠰᠤᠯᠢᠯᠴᠠᠭᠠᠨ ᠤ | ᠠᠵᠢᠯᠯᠠᠭ᠎ᠠ ᠶᠢ ᠦᠷᠨᠢᠬᠦᠯᠦᠨ᠎ᠠ᠃ ᠮᠡᠷᠭᠡᠵᠢᠯ ᠤᠨ ᠵᠠᠬ᠎ᠠ ᠳᠡᠯᠭᠡᠭᠦᠷ ᠬᠢᠬᠡᠳ ᠬᠦᠷᠦᠩᠭᠡ ᠶᠢᠨ ᠵᠠᠬ᠎ᠠ ᠳᠡᠯᠭᠡᠭᠦᠷ ᠤᠨ | ᠬᠤᠯᠪᠤᠭᠠᠯᠠᠨ ᠭᠦᠳᠡᠯᠦᠯᠴᠡᠬᠦ ᠪᠠ ᠪᠠᠭᠳᠠᠯᠴᠠᠬᠤ ᠶᠢ ᠠᠬᠢᠭᠤᠯᠤᠨ᠂ ᠡᠯ᠎ᠡ ᠲᠥᠷᠥᠯ ᠤᠨ ᠬᠥᠷᠥᠩᠭᠡ ᠶᠢ ᠲᠡᠮᠵᠢᠵᠦ | ᠪᠠᠶᠢᠭᠠᠳ ᠮᠡᠷᠭᠡᠵᠢᠯ ᠢ ᠰᠢᠯᠵᠢᠭᠦᠯᠬᠦ ᠶᠢᠨ ᠪᠡᠯᠡ ᠣᠷᠣᠭᠤᠯᠵᠤ ᠲᠤᠬᠢᠷᠠᠭᠤᠯᠬᠤ ᠠᠵᠢᠯᠯᠠᠭ᠎ᠠ ᠳᠤ ᠤᠷᠤᠯᠴᠠᠭᠤᠯᠵᠦ᠂ | ᠬᠦᠷᠦᠩᠭᠡ ᠶᠢ ᠡᠷᠬᠢᠯᠳᠦᠬᠦᠯᠬᠦ ᠪᠠ ᠪᠤᠴᠠᠭᠠᠨ ᠭᠠᠷᠭᠠᠬᠤ ᠠᠷᠭ᠎ᠠ ᠵᠠᠮ ᠢ ᠦᠷᠬᠡᠳᠬᠡᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠬᠢᠭᠡᠳ ᠲᠠᠨᠢᠯᠴᠠᠭᠤᠯᠤᠨ ᠤᠬᠠᠭᠤᠯᠬᠤ ᠠᠵᠢᠯᠯᠠᠭ᠎ᠠ | ᠥᠷᠨᠢᠭᠦᠯᠵᠦ᠂ ᠮᠡᠷᠭᠡᠵᠢᠯ᠂ ᠬᠦᠷᠦᠩᠭᠡ ᠪᠠ ᠠᠵᠤ ᠠᠬᠤᠶᠢᠯᠠᠯ ᠤᠳ ᠤᠨ ᠲᠦᠢᠯ ᠤᠨ ᠤᠨᠤᠪᠴᠢᠳᠠᠢ ᠪᠠᠷ | ᠵᠠᠯᠭᠠᠯᠳᠤᠬᠤ ᠶᠢ ᠠᠬᠢᠭᠤᠯᠤᠨ᠎ᠠ᠃ | ᠮᠡᠷᠭᠡᠵᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠰᠢᠯᠢᠳᠡᠭᠵᠢᠬᠦᠯᠵᠦ᠂ ᠡᠯ᠎ᠡ ᠲᠦᠷᠦᠯ ᠤᠨ ᠥᠮᠴᠢᠯᠡᠯ ᠤᠨ | ᠡᠷᠬᠡ ᠪᠠᠷ ᠢᠯᠡ ᠲᠣᠳᠣᠷᠬᠠᠶ ᠪᠠᠶᠢᠭ᠎ᠠ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢ ᠬᠥᠲᠥᠯᠥᠨ ᠵᠢᠯᠣᠭᠤᠳᠴᠤ | ᠪᠠᠶᠢᠭᠠᠳ ᠵᠠᠬ᠎ᠠ ᠳᠡᠯᠭᠡᠭᠦᠷ ᠲᠤ ᠤᠷᠤᠭᠤᠯᠤᠨ ᠰᠤᠯᠢᠯᠴᠠᠵᠦ ᠠᠷᠠᠯᠵᠢᠶᠠᠯᠠᠭᠤᠯᠤᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠯ᠎ᠠ ᠪᠠᠷ ᠬᠢ ᠬᠥᠲᠥᠯᠥᠨ ᠵᠢᠯᠣᠭᠤᠳᠬᠤ ᠲᠦᠷᠦᠯ ᠤᠨ ᠲᠦᠷᠦᠯ | ᠵᠦᠢᠯ ᠤᠨ ᠨᠥᠬᠦᠪᠥᠷᠢ᠂ ᠮᠡᠷᠭᠡᠵᠢᠯ ᠢ ᠰᠤᠯᠢᠯᠴᠬᠠᠰᠠᠨ ᠤ ᠲᠠᠷᠠᠭᠠᠬᠢ ᠨᠦᠭᠦᠪᠦᠷᠢ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠪᠠᠷ ᠢᠶᠠᠨ ᠲᠠᠨᠵᠢᠯᠠᠵᠦ ᠪᠠᠯᠠ ᠲᠤᠬᠢᠷᠠᠭᠤᠯᠬᠤ ᠶᠢᠨ ᠨᠦᠭᠦᠪᠦᠷᠢ᠂ ᠲᠦᠭᠰᠢᠭᠦᠷᠢᠲᠦ ᠪᠠᠯᠠ | ᠣᠷᠣᠭᠤᠯᠤᠯᠲᠠ ᠶᠢᠨ ᠨᠦᠭᠦᠪᠦᠷᠢ ᠵᠡᠷᠭᠡ ᠤᠷᠮᠠᠰᠢᠭᠤᠯᠬᠤ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ᠮᠡᠷᠭᠡᠵᠢᠯ ᠢ ᠰᠢᠯᠵᠢᠭᠦᠯᠬᠦ ᠦᠢᠯᠡᠴᠢᠯᠡᠬᠡᠨ ᠤ ᠵᠢᠷᠤᠮᠵᠢᠯ ᠢ ᠬᠡᠷᠡᠭᠵᠢᠬᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠬᠡᠵᠢᠯ ᠤᠨ ᠦᠷ᠎ᠡ ᠪᠦᠳᠦᠬᠡᠯ ᠢ ᠠᠷᠠᠯᠵᠢᠶᠠᠯᠠᠬᠤ ᠤᠨᠴᠠᠯᠢᠭ ᠲᠤ ᠲᠤᠬᠢᠷᠬᠠᠰᠠᠨ ᠵᠠᠬ᠎ᠠ ᠳᠡᠯᠭᠡᠭᠦᠷᠴᠢᠯᠡᠭᠰᠡᠨ ᠦᠨ᠎ᠡ | ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠦᠨ᠎ᠡ ᠬᠠᠶᠠᠯᠴᠠᠨ ᠬᠤᠳᠠᠯᠳᠤᠬᠤ᠂ ᠮᠡᠷᠬᠡᠵᠢᠯ ᠤᠨ ᠰᠤᠯᠢᠯᠴᠠᠭᠠᠨ ᠤ ᠵᠠᠬ᠎ᠠ ᠲᠡᠯᠬᠡᠭᠦᠷ ᠲᠤ ᠲᠡᠮᠳᠡᠭ | ᠬᠠᠳᠠᠵᠦ ᠠᠷᠠᠯᠵᠢᠶᠠᠯᠠᠬᠤ᠂ ᠵᠦᠪᠯᠡᠯᠴᠡᠬᠡᠷ ᠢᠶᠠᠷ ᠠᠷᠠᠯᠵᠢᠶ᠎ᠠ ᠪᠦᠲᠦᠭᠰᠡᠨ ᠮᠡᠳᠡᠭᠡ ᠵᠠᠩᠭᠢ ᠶᠢ ᠢᠯᠡ ᠨᠡᠶᠢᠲᠡᠯᠡᠬᠦ ᠵᠡᠷᠭᠡ | ᠠᠵᠢᠯ ᠤᠨ ᠴᠤᠪᠤᠷᠠᠯ ᠢ ᠲᠤᠳᠤᠷᠬᠠᠶᠢᠯᠠᠨ᠂ ᠮᠡᠷᠭᠡᠵᠢᠯ ᠢ ᠰᠢᠯᠵᠢᠭᠦᠯᠬᠦ ᠦᠢᠯᠡᠴᠢᠯᠡᠬᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠮᠡᠷᠬᠡᠵᠢᠯ ᠢ ᠰᠢᠯᠵᠢᠬᠦᠯᠬᠦ ᠦᠢᠯᠡᠴᠢᠯᠡᠬᠡᠨ ᠤ ᠦᠢᠯᠡᠰ ᠤᠨ ᠲᠤᠰᠬᠠᠢ ᠵᠦᠢᠯ ᠤᠨ ᠪᠦᠷᠢᠳᠬᠡᠬᠦ | ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠮᠡᠷᠭᠡᠵᠢᠯ ᠤᠨ ᠭᠡᠷ᠎ᠡ ᠶᠢ ᠲᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ | ᠠᠷᠭ᠎ᠠ ᠶᠢ ᠲᠡᠭᠦᠯᠳᠡᠷᠵᠢᠬᠦᠯᠦᠨ᠂ ᠠᠮᠵᠢᠯᠲᠠ ᠪᠦᠲᠦᠮᠵᠢ ᠪᠠᠷ ᠳᠤᠪᠤᠶᠢᠮ᠎ᠠ ᠪᠠᠶᠢᠭ᠎ᠠ ᠭᠡᠷ᠎ᠡ ᠶᠢ ᠮᠠᠭᠠᠳᠯᠠᠨ | ᠲᠤᠨᠨᠳᠠᠭᠠᠵᠦ ᠲᠠᠩᠰᠠᠯᠠᠨ ᠲᠡᠮᠳᠡᠭᠯᠡᠬᠦ ᠪᠠᠶᠢᠭᠤᠯᠤᠮᠵᠢ ᠶᠢ ᠲᠣᠭᠲᠠᠭᠠᠯ ᠶᠣᠰᠣᠭᠠᠷ ᠱᠠᠩᠨᠠᠨ ᠭᠦᠬᠢᠬᠦᠯᠦᠨᠠ᠃ | ︵ᠭᠤᠷᠪᠠ︶ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠶᠢ ᠶᠡᠭᠡ ᠪᠠᠷ ᠪᠤᠶᠢᠵᠢᠭᠤᠯᠤᠨ᠎ᠠ | ᠵᠠᠰᠠᠭ ᠤᠨ ᠤᠷᠳᠤᠨ ᠤ ᠭᠦᠳᠦᠯᠦᠨ ᠵᠢᠯᠤᠭᠤᠳᠬᠤ ᠬᠢᠬᠡᠳ ᠦᠢᠯᠡᠴᠢᠯᠡᠬᠦ ᠶᠢ ᠴᠢᠩᠭᠠᠷᠠᠭᠤᠯᠵᠦ᠂ ᠪᠦᠭᠦ | ᠤᠷᠤᠨ ᠤ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠶᠢ ᠪᠤᠶᠢᠵᠢᠭᠤᠯᠵᠦ ᠵᠢᠯᠤᠭᠤᠳᠬᠤ ᠪᠠᠨ ᠴᠢᠩᠭᠠᠳᠬᠠᠨ᠂ | ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠶᠢᠨ ᠵᠠᠬ᠎ᠠ ᠲᠡᠯᠬᠡᠭᠦᠷᠴᠢᠯᠡᠭᠰᠡᠨ᠂ ᠲᠤᠰᠬᠠᠶᠢᠵᠢᠨᠨᠰᠠᠨ ᠪᠠ ᠵᠢᠷᠤᠮᠵᠢᠨᠨᠰᠠᠨ | ᠭᠦᠭᠵᠢᠯᠳᠡ ᠶᠢ ᠭᠦᠳᠦᠯᠦᠨ ᠵᠢᠯᠤᠭᠤᠳᠴᠤ᠂ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠨᠢ ᠲᠡᠬᠡᠭᠰᠢᠯᠡᠬᠦᠯᠦᠨ᠂ | ᠵᠢᠱᠢᠶ᠎ᠡ ᠦᠵᠡᠬᠦᠯᠵᠦ ᠲᠠᠶᠢᠴᠢᠯᠠᠨ ᠲᠠᠭᠠᠭᠤᠯᠬᠤ ᠦᠢᠯᠡᠳᠦᠯ ᠪᠦᠭᠦᠢ ᠨᠢᠬᠡ ᠪᠦᠯᠦᠭ ᠮᠡᠷᠬᠡᠵᠢᠯ ᠢ ᠰᠢᠯᠵᠢᠬᠦᠯᠬᠦ | ᠪᠠᠶᠢᠭᠤᠯᠤᠮᠵᠢ ᠶᠢ ᠪᠤᠶᠢᠵᠢᠭᠤᠯᠤᠨ᠎ᠠ᠃ ᠮᠡᠷᠬᠡᠵᠢᠯ ᠢ ᠰᠢᠯᠵᠢᠬᠦᠯᠬᠦ ᠦᠢᠯᠡᠴᠢᠯᠡᠬᠡᠨ ᠤ ᠭᠦᠷᠢᠶ᠎ᠡ ᠴᠠᠷᠠᠭ᠎ᠠ ᠶᠢ | ᠦᠷᠬᠡᠳᠬᠡᠵᠦ᠂ ᠮᠡᠳᠡᠯᠬᠡ ᠶᠢᠨ ᠪᠦᠳᠦᠬᠡᠭᠳᠡᠬᠦᠨ ᠤ ᠦᠮᠴᠢᠯᠡᠯ ᠤᠨ ᠡᠷᠬᠡ᠂ ᠬᠠᠤᠯᠢ ᠴᠠᠭᠠᠵᠠ ᠶᠢᠨ ᠵᠦᠪᠯᠡᠯᠬᠡ᠂ | ᠭᠦᠷᠦᠩᠬᠡ ᠮᠦᠩᠬᠦ ᠶᠢ ᠨᠢ ᠦᠨᠡᠯᠡᠨ ᠵᠢᠱᠢᠬᠦ᠂ ᠮᠡᠷᠬᠡᠵᠢᠯ ᠢ ᠨᠢ ᠦᠨᠡᠯᠡᠬᠦ᠂ ᠰᠢᠨᠵᠢᠯᠡᠬᠦ ᠤᠬᠠᠭᠠᠨ ᠲᠧᠭᠨᠢᠭ | ᠮᠡᠷᠬᠡᠵᠢᠯ ᠤᠨ ᠮᠦᠩᠬᠦᠨ ᠭᠦᠢᠯᠬᠡᠬᠡ ᠵᠡᠷᠬᠡ ᠲᠤᠰᠬᠠᠶᠢᠵᠢᠨᠨᠰᠠᠨ ᠦᠢᠯᠡᠴᠢᠯᠡᠭᠡ ᠦᠷᠨᠢᠬᠦᠯᠬᠦ ᠶᠢ ᠵᠤᠷᠢᠨᠨᠵᠢᠭᠤᠯᠤᠨ᠎ᠠ᠃ | ᠮᠡᠷᠬᠡᠵᠢᠯ ᠢ ᠰᠢᠯᠵᠢᠬᠦᠯᠬᠦ ᠦᠢᠯᠡᠴᠢᠯᠡᠭᠡ ᠶᠢᠨ ᠠᠮᠵᠢᠯᠳᠠ ᠪᠦᠳᠦᠮᠵᠢ ᠶᠢᠨ ᠦᠨᠡᠯᠡᠯᠳᠡ ᠬᠢᠬᠦ ᠶᠢ ᠦᠷᠨᠢᠬᠦᠯᠵᠦ᠂ | ᠦᠨᠡᠯᠡᠬᠡᠳ ᠬᠢᠷᠢ ᠲᠡᠩᠴᠡᠭᠰᠡᠨ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠳᠤ ᠲᠠᠷᠠᠭᠠᠬᠢ ᠨᠦᠬᠦᠪᠦᠷᠢ ᠶᠢᠨ ᠲᠡᠮᠵᠢᠯᠬᠡ | ᠦᠵᠡᠬᠦᠯᠦᠨ᠎ᠠ᠃ | ︵ᠲᠦᠷᠪᠡ︶ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠤ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ | ᠨᠥᠬᠦᠴᠡᠯ ᠲᠠᠢ ᠳᠡᠭᠡᠳᠦ ᠰᠤᠷᠭᠠᠭᠤᠯᠢ ᠨᠤᠭᠤᠳ ᠤᠨ ᠮᠡᠷᠭᠡᠵᠢᠯ ᠢ ᠰᠢᠯᠵᠢᠭᠦᠯᠬᠦ ᠬᠠᠮᠢᠶ᠎ᠠ ᠪᠥᠬᠦᠶ ᠬᠢᠴᠢᠶᠡᠯ | ᠲᠤᠬᠢᠷᠠᠭᠤᠯᠬᠤ ᠶᠢ ᠵᠤᠷᠢᠨᠨᠵᠢᠭᠤᠯᠵᠦ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠲᠠᠢ ᠬᠠᠮᠲᠤ ᠪᠠᠷ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ | ᠭᠦᠮᠦᠵᠢᠬᠦᠯᠬᠦ ᠰᠠᠭᠤᠷᠢᠨ ᠭᠠᠵᠠᠷ ᠪᠠᠶᠢᠭᠤᠯᠤᠨ᠂ ᠬᠤᠯᠪᠤᠭᠠᠯᠠᠵᠦ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ | ᠮᠡᠷᠭᠡᠵᠢᠯ ᠢ ᠰᠢᠯᠵᠢᠭᠦᠯᠬᠦ ᠬᠠᠮᠢᠶᠠᠷᠤᠯᠲᠠ ᠶᠢᠨ ᠠᠵᠢᠯᠳᠠᠨ᠂ ᠮᠡᠷᠭᠡᠵᠢᠯ ᠤᠨ ᠵᠠᠭᠤᠴᠢᠯᠠᠭᠴᠢ᠂ ᠮᠡᠷᠭᠡᠵᠢᠯ ᠤᠨ ᠡᠵᠡᠩᠨᠡᠨ | ᠡᠷᠬᠢᠯᠡᠭᠴᠢ ᠵᠡᠷᠭᠡ ᠴᠢᠳᠠᠪᠤᠷᠢᠲᠠᠨ ᠢ ᠪᠣᠯᠪᠠᠰᠤᠷᠠᠭᠤᠯᠬᠤ ᠡᠷᠴᠢᠮ ᠢ ᠨᠢ ᠴᠢᠩᠭᠠᠷᠠᠭᠤᠯᠤᠨ᠎ᠠ᠃ ᠮᠡᠷᠭᠡᠵᠢᠯ ᠢ | ᠰᠢᠯᠵᠢᠭᠦᠯᠬᠦ ᠴᠢᠳᠠᠪᠤᠷᠢᠳᠠᠳ ᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠡᠷᠭᠡᠵᠢᠯ ᠢ | ᠰᠢᠯᠵᠢᠭᠦᠯᠦᠭᠰᠡᠨ ᠢᠶᠠᠷ ᠰᠢᠯᠢᠳᠡᠭ ᠴᠢᠳᠠᠪᠤᠷᠢᠳᠠᠳ ᠢ ᠱᠠᠩᠨᠠᠨ ᠭᠦᠬᠢᠬᠦᠯᠦᠨᠠ᠃ | ︵ᠲᠠᠪᠤ︶ ᠮᠡᠷᠭᠡᠵᠢᠯ ᠢ ᠰᠢᠯᠵᠢᠭᠦᠯᠬᠦ ᠠᠷᠭ᠎ᠠ ᠵᠠᠮ ᠢ ᠪᠦᠭᠦ ᠲᠠᠯ᠎ᠠ ᠪᠠᠷ ᠦᠷᠬᠡᠳᠬᠡᠨ᠎ᠠ | ᠣᠷᠣᠨ ᠪᠦᠰᠡ ᠶᠢᠨ ᠮᠡᠷᠭᠡᠵᠢᠯ ᠢ ᠰᠢᠯᠵᠢᠭᠦᠯᠬᠦ ᠲᠠᠯ᠎ᠠ ᠪᠠᠷ ᠬᠢ ᠬᠠᠮᠳᠤᠷᠠᠨ ᠠᠵᠢᠯᠯᠠᠬᠤ ᠶᠢ ᠴᠢᠩᠭᠠᠷᠠᠭᠤᠯᠵᠦ᠂ | ᠶᠠᠮᠤᠨ ᠬᠢᠬᠡᠳ ᠦᠪᠡᠷᠳᠡᠬᠡᠨ ᠵᠠᠰᠠᠬᠤ ᠤᠷᠤᠨ ᠤ ᠬᠤᠭᠤᠷᠤᠨᠳᠤ ᠶᠢᠨ ᠬᠠᠮᠳᠤᠷᠠᠨ ᠵᠦᠪᠳᠡᠯᠴᠡᠬᠦ ᠶᠢ ᠴᠢᠩᠭᠠᠳᠬᠠᠨ᠂ | ᠬᠥᠭᠵᠢᠭᠡᠳᠦᠶ ᠭᠠᠵᠠᠷ ᠣᠷᠣᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠳᠡᠮᠵᠢᠬᠦ ᠲᠠᠯ᠎ᠠ ᠪᠠᠷ ᠬᠢ ᠤᠯᠤᠰ ᠤᠨ | ᠲᠥᠷᠥ ᠶᠢᠨ ᠪᠣᠳᠣᠯᠭ᠎ᠠ ᠶᠢ ᠴᠢᠷᠮᠠᠶᠢᠨ ᠤᠯᠤᠨ᠎ᠠ᠃ ᠪᠡᠭᠡᠵᠢᠩ ᠲᠢᠶᠠᠨᠵᠢᠨ ᠡᠾᠧᠪᠸᠢ ᠣᠷᠣᠨ ᠪᠠ ᠡᠷᠭᠢᠨ | ᠲᠣᠭᠤᠷᠢᠨ ᠤ ᠮᠤᠵᠢ ︵ᠣᠷᠣᠨ᠂ ᠬᠤᠳᠠ︶ ᠲᠠᠢ ᠬᠤᠯᠪᠣᠭ᠎ᠠ ᠠᠪᠴᠤ ᠵᠠᠯᠭᠠᠭᠤᠯᠬᠤ ᠶᠢ ᠴᠢᠩᠭᠠᠳᠬᠠᠵᠦ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠬᠥᠭᠵᠢᠭᠰᠡᠨ ᠭᠠᠵᠠᠷ | ᠣᠷᠣᠨ ᠯᠤᠭ᠎ᠠ ᠬᠠᠮᠳᠤᠷᠠᠯᠴᠠᠵᠦ ᠰᠤᠯᠢᠯᠴᠠᠬᠤ ᠪᠠᠨ ᠦᠷᠬᠡᠳᠬᠡᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ ᠲᠠᠢ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠳᠤᠷᠠᠯᠴᠠᠬᠤ ᠶᠢ | ᠴᠢᠩᠭᠠᠳᠬᠠᠨ᠂ ᠶᠡᠭᠡ ᠬᠦᠴᠦ ᠵᠠᠷᠤᠴᠠᠭᠤᠯᠵᠦ ᠪᠠᠶᠢᠭᠠᠳ ᠰᠢᠨ᠎ᠡ ᠬᠡᠯᠪᠡᠷᠢ ᠪᠦᠭᠦᠢ ᠰᠤᠳᠤᠯᠤᠨ ᠨᠡᠭᠡᠭᠡᠬᠦ | ᠪᠠᠶᠢᠭᠤᠯᠤᠮᠵᠢ ᠪᠠ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠤᠯᠤᠰ ᠤᠨ | ᠳᠣᠲᠣᠭᠠᠳᠤ ᠶᠢᠨ ᠮᠡᠷᠭᠡᠵᠢᠯ ᠢ ᠰᠢᠯᠵᠢᠭᠦᠯᠬᠦ ᠲᠠᠯ᠎ᠠ ᠪᠠᠷ ᠬᠢ ᠬᠥᠲᠥᠴᠢ ᠠᠵᠤ ᠠᠬᠤᠶᠢᠯᠠᠯ ᠲᠠᠢ ᠲᠤᠨᠨᠳᠠᠪᠤᠷᠢᠳᠠᠢ | ᠬᠠᠮᠳᠤᠷᠠᠯᠴᠠᠬᠤ ᠬᠠᠷᠢᠴᠠᠭ᠎ᠠ ᠪᠠᠶᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ | ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠳᠤ ᠪᠤᠳᠠᠳᠠᠶᠢᠵᠢᠭᠤᠯᠵᠦ | ᠤᠯᠠᠷᠢᠭᠤᠯᠬᠤ ᠶᠢ ᠠᠬᠢᠭᠤᠯᠤᠨ᠎ᠠ᠃ | ᠤᠯᠠᠨ ᠤᠯᠤᠰ ᠯᠤᠭ᠎ᠠ ᠶᠢᠨ ᠮᠡᠷᠭᠡᠵᠢᠯ ᠢ ᠰᠢᠯᠵᠢᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠢᠲ᠋ᠠᠯᠢ᠂ | ᠭᠧᠷᠮᠠᠨ᠂ ᠢᠰᠷᠧᠯ᠂ ᠰᠸᠧᠳᠧᠨ᠂ ᠶᠠᠫᠣᠨ᠂ ᠺᠣᠷᠢᠶᠠ ᠵᠡᠷᠭᠡ ᠬᠥᠭᠵᠢᠭᠰᠡᠨ ᠤᠯᠤᠰ ᠤᠨ ᠴᠢᠬᠤᠯᠠ ᠪᠤᠯᠬᠤ ᠰᠢᠨᠵᠢᠯᠡᠬᠦ | ᠤᠬᠠᠭᠠᠨ ᠤ ᠰᠤᠳᠤᠯᠤᠯ ᠤᠨ ᠪᠠᠶᠢᠭᠤᠯᠤᠮᠵᠢ ᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠬᠡᠢ | ᠦᠷᠨᠢᠬᠦᠯᠦᠨ᠂ ᠣᠷᠣᠰ᠂ ᠮᠤᠩᠭᠤᠯ᠂ ᠵᠡᠭᠦᠨ ᠡᠮᠦᠨᠡᠲᠦ ᠠᠽᠢᠶ᠎ᠠ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ | ᠤᠯᠤᠰ ᠪᠠ ᠭᠠᠵᠠᠷ ᠣᠷᠣᠨ ᠲᠠᠢ ᠮᠡᠷᠭᠡᠵᠢᠯ ᠢ ᠰᠢᠯᠵᠢᠭᠦᠯᠬᠦ ᠬᠠᠮᠲᠤᠷᠠᠯᠴᠠᠭ᠎ᠠ ᠰᠣᠯᠢᠯᠴᠠᠭ᠎ᠠ ᠪᠠᠨ ᠦᠷᠬᠡᠳᠬᠡᠵᠦ᠂ | ᠲᠡᠷᠢᠭᠦᠨ ᠤ ᠮᠡᠷᠭᠡᠵᠢᠯ ᠢ ᠶᠡᠭᠡ ᠪᠠᠷ ᠤᠷᠤᠭᠤᠯᠤᠨ ᠠᠪᠴᠢᠷᠠᠵᠦ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ | ᠰᠢᠯᠵᠢᠭᠦᠯᠬᠦ ᠳᠡᠯᠡᠬᠡᠶᠢᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ | ᠱᠠᠲᠤᠨ ᠤ ᠮᠡᠷᠭᠡᠵᠢᠯ ᠢ ᠰᠢᠯᠵᠢᠭᠦᠯᠬᠦ ᠠᠵᠢᠯ ᠤᠨ ᠰᠦᠯᠵᠢᠶ᠎ᠡ ᠶᠢ ᠪᠠᠶᠢᠭᠤᠯᠤᠨ ᠪᠦᠷᠢᠨᠰᠢᠬᠦᠯᠵᠦ᠂ ᠳᠤᠮᠳᠠ᠂ ᠵᠡᠭᠦᠨ᠂ | ᠪᠠᠷᠠᠭᠤᠨ ᠬᠡᠰᠡᠭ ᠤᠨ ᠭᠠᠵᠠᠷ ᠣᠷᠣᠨ ᠳᠤ ᠮᠡᠷᠭᠡᠵᠢᠯ ᠤᠨ ᠰᠤᠯᠢᠯᠴᠠᠭᠠᠨ ᠤ ᠪᠠᠶᠢᠩᠭᠤ ᠶᠢᠨ ᠵᠠᠬ᠎ᠠ ᠳᠡᠯᠭᠡᠭᠦᠷ ᠢ | ᠪᠠᠶᠢᠭᠤᠯᠤᠨ ᠲᠡᠭᠦᠯᠳᠡᠷᠵᠢᠬᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠠᠨᠳᠤᠭᠤᠯᠤᠨᠨᠰᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠠᠨᠢᠯᠴᠠᠭᠤᠯᠬᠤ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠦᠷᠨᠢᠬᠦᠯᠦᠨ᠂ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠬᠤᠰᠢᠭᠤ ᠰᠢᠶᠠᠨ ︵ᠬᠤᠳᠠ᠂ ᠲᠣᠭᠤᠷᠢᠭ︶ ᠲᠡᠶᠢᠰᠢ ᠰᠢᠯᠵᠢᠭᠦᠯᠵᠦ | ᠤᠯᠠᠷᠢᠭᠤᠯᠬᠤ ᠪᠠᠨ ᠲᠦᠷᠬᠡᠳᠬᠡᠵᠦ᠂ ᠬᠤᠰᠢᠭᠤ ᠰᠢᠶᠠᠨ ᠤ ᠬᠡᠪᠴᠢᠶᠡᠨ ᠳᠠᠬᠢ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠤᠯᠭᠠᠨᠨᠰᠠᠨ ᠭᠦᠭᠵᠢᠯᠳᠡ ᠶᠢ ᠠᠬᠢᠭᠤᠯᠤᠨ᠎ᠠ᠃ | ᠴᠡᠷᠢᠭ ᠠᠷᠠᠳ ᠤᠨ ᠬᠡᠷᠡᠭᠴᠡᠬᠡᠨ ᠤ ᠮᠡᠷᠬᠡᠵᠢᠯ ᠤᠨ ᠲᠠᠯ᠎ᠠ ᠳᠠᠬᠢ ᠬᠠᠩᠭᠠᠯᠭ᠎ᠠ ᠬᠡᠷᠡᠭᠴᠡᠭᠡ ᠶᠢ | ᠵᠠᠯᠭᠠᠯᠳᠤᠭᠤᠯᠬᠤ ᠪᠠᠨ ᠴᠢᠩᠭᠠᠳᠬᠠᠨ᠂ ᠴᠡᠷᠢᠭ ᠠᠷᠠᠳ ᠤᠨ ᠬᠡᠷᠡᠭᠴᠡᠬᠡᠨ ᠤ ᠮᠡᠷᠭᠡᠵᠢᠯ ᠤᠨ ᠲᠠᠯ᠎ᠠ ᠳᠠᠬᠢ ᠬᠠᠩᠭᠠᠯᠭ᠎ᠠ | ᠬᠡᠷᠡᠭᠴᠡᠭᠡ ᠶᠢ ᠵᠠᠯᠭᠠᠯᠳᠤᠭᠤᠯᠬᠤ ᠲᠠᠪᠴᠠᠩ ᠢ ᠪᠠᠶᠢᠭᠤᠯᠵᠤ᠂ ᠴᠡᠷᠢᠭ ᠠᠷᠠᠳ ᠤᠨ ᠬᠡᠷᠡᠭᠴᠡᠬᠡᠨ ᠤ ᠰᠤᠳᠤᠯᠤᠨ | ᠨᠡᠭᠡᠭᠡᠬᠦ ᠡᠬᠢ ᠪᠠᠶᠠᠯᠢᠭ ᠢ ᠬᠠᠮᠲᠤ ᠳᠤ ᠪᠠᠨ ᠭᠦᠷᠳᠡᠬᠦ ᠶᠢ ᠴᠢᠩᠭᠠᠳᠬᠠᠨ᠎ᠠ᠃ ᠪᠤᠭᠤᠲᠤ ᠬᠤᠲᠠ ᠳᠤ ᠴᠡᠷᠢᠭ | ᠠᠷᠠᠳ ᠤᠨ ᠬᠡᠷᠡᠭᠴᠡᠬᠡᠨ ᠤ ᠠᠭᠤᠰᠤᠯᠴᠠᠭᠤᠯᠤᠨᠨᠰᠠᠨ ᠮᠡᠷᠭᠡᠵᠢᠯ ᠢ ᠰᠢᠯᠵᠢᠭᠦᠯᠬᠦ ᠲᠣᠭᠲᠠᠴᠠ ᠶᠢ ᠰᠦᠪᠡᠭᠴᠢᠯᠡᠬᠦ ᠪᠠ | ᠲᠦᠷᠦ ᠶᠢᠨ ᠪᠤᠳᠤᠯᠭ᠎ᠠ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠨᠡᠶᠢᠳᠡᠯᠢᠭ ᠦᠷ᠎ᠡ ᠪᠦᠳᠦᠬᠡᠯ ᠢ | ᠰᠢᠯᠵᠢᠬᠦᠯᠵᠦ ᠤᠯᠠᠷᠢᠭᠤᠯᠬᠤ ᠳᠤ ᠵᠢᠱᠢᠶ᠎ᠡ ᠦᠵᠡᠬᠦᠯᠬᠦ ᠶᠢ ᠦᠷᠨᠢᠬᠦᠯᠦᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠦᠷᠦᠯ ᠵᠦᠢᠯ ᠤᠳ ᠢ ᠴᠡᠷᠢᠭ ᠠᠷᠠᠳ ᠬᠤᠯᠪᠤᠭᠠᠯᠠᠵᠦ ᠨᠤᠲᠠᠯᠠᠯᠲᠠ ᠬᠢᠬᠦ ᠬᠢᠬᠡᠳ ᠵᠣᠬᠢᠶᠠᠨ | ᠪᠠᠶᠢᠭᠤᠯᠵᠤ ᠬᠡᠷᠡᠭᠵᠢᠭᠦᠯᠬᠦ ᠶᠢᠨ ᠰᠢᠨ᠎ᠡ ᠲᠣᠭᠲᠠᠴᠠ ᠶᠢ ᠰᠦᠪᠡᠭᠴᠢᠯᠡᠨ᠎ᠡ᠃ | ︵ᠵᠢᠷᠭᠤᠭ᠎ᠠ︶ ᠰᠢᠨ᠎ᠠ ᠶᠢ ᠡᠭᠦᠳᠬᠦ ᠪᠠ ᠦᠢᠯᠡᠰ ᠴᠤᠨᠨᠴᠠᠯᠠᠬᠤ ᠶᠢ ᠢᠳᠡᠪᠬᠢᠳᠡᠢ ᠪᠠᠷ ᠲᠡᠮᠵᠢᠨ᠎ᠠ | ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠢ ᠭᠦᠳᠦᠯᠦᠨ ᠵᠢᠯᠤᠭᠤᠳᠴᠤ ᠪᠠᠶᠢᠭᠠᠳ ᠠᠵᠤ | ᠠᠬᠤᠶᠢᠯᠠᠯ ᠳᠤ ᠬᠠᠨᠳᠤᠭᠤᠯᠤᠨ ᠮᠡᠷᠭᠡᠵᠢᠯ ᠢ ᠨᠡᠭᠡᠭᠡᠨ ᠬᠥᠭᠵᠢᠭᠦᠯᠬᠦ᠂ ᠮᠡᠷᠭᠡᠵᠢᠯ ᠢ ᠰᠢᠯᠵᠢᠬᠦᠯᠦᠨ ᠬᠤᠳᠠᠯᠳᠤᠬᠤ᠂ | ᠮᠡᠷᠭᠡᠵᠢᠯ ᠤᠨ ᠵᠦᠪᠯᠡᠯᠬᠡ ᠦᠭᠬᠦ᠂ ᠮᠡᠷᠭᠡᠵᠢᠯ ᠤᠨ ᠦᠢᠯᠡᠴᠢᠯᠡᠭᠡ ᠦᠷᠨᠢᠬᠦᠯᠵᠦ᠂ ᠠᠵᠤ ᠠᠬᠤᠶᠢᠯᠠᠯ ᠳᠤ ᠲᠤᠰᠢᠶᠠᠯ | ᠡᠭᠦᠷᠬᠡᠯᠡᠬᠦ᠂ ᠲᠤᠰᠢᠶᠠᠯ ᠬᠠᠪᠰᠤᠷᠭᠠᠬᠤ ᠪᠤᠶᠤ ᠠᠵᠢᠯᠯᠠᠵᠦ ᠪᠠᠶᠢᠬᠤ ᠬᠤᠭᠤᠴᠠᠭᠠᠨ ᠳᠤ ᠪᠠᠨ ᠠᠵᠦ ᠠᠬᠤᠶᠢᠯᠠᠯ | ᠡᠭᠦᠳᠦᠨ ᠡᠷᠬᠢᠯᠡᠬᠦ ᠵᠢᠴᠢ ᠠᠵᠢᠯ ᠤᠨ ᠪᠠᠶᠢᠷᠢ ᠠᠴᠠ ᠪᠠᠨ ᠰᠠᠯᠵᠤ ᠦᠢᠯᠡᠰ ᠴᠤᠨᠨᠴᠠᠯᠠᠬᠤ ᠵᠡᠷᠭᠡ ᠤᠯᠠᠨ ᠵᠦᠢᠯ ᠤᠨ | ᠠᠷᠭ᠎ᠠ ᠬᠡᠯᠪᠡᠷᠢ ᠪᠠᠷ ᠲᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠤᠮᠳᠠ | ᠵᠢᠵᠢᠭ ᠪᠢᠴᠢᠯ ᠠᠵᠤ ᠠᠬᠤᠶᠢᠯᠠᠯ ᠲᠡᠶᠢᠰᠢ ᠰᠢᠯᠵᠢᠬᠦᠯᠬᠦ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠨᠢ ᠲᠤᠨᠨᠳᠠᠮᠠᠯ ᠪᠤᠰᠤ ᠠᠵᠢᠯ ᠤᠨ ᠪᠠᠶᠢᠷᠢ ᠲᠤᠬᠢᠷᠠᠭᠤᠯᠬᠤ | ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠵᠦ᠂ ᠠᠵᠦ ᠠᠬᠤᠶᠢᠯᠠᠯ ᠤᠨ ᠰᠢᠨ᠎ᠠ ᠶᠢ ᠡᠭᠦᠳᠴᠤ ᠦᠢᠯᠡᠰ ᠴᠤᠨᠨᠴᠠᠯᠠᠬᠤ | ᠴᠢᠳᠠᠪᠤᠷᠢᠳᠠᠳ ᠢ ᠭᠦᠳᠦᠯᠦᠨ ᠲᠠᠳᠠᠵᠦ ᠪᠠᠶᠢᠭᠠᠳ ᠮᠡᠷᠬᠡᠵᠢᠯ ᠢ ᠰᠢᠯᠵᠢᠬᠦᠯᠬᠦ ᠠᠵᠢᠯ ᠳᠤ ᠲᠤᠰᠢᠶᠠᠯ ᠬᠠᠪᠰᠤᠷᠭᠠᠵᠦ | ᠠᠵᠢᠯᠯᠠᠬᠤ ᠶᠢ ᠨᠢ ᠲᠡᠮᠵᠢᠨ᠎ᠠ᠃ | ᠰᠢᠨ᠎ᠡ ᠶᠢ ᠡᠭᠦᠳᠴᠤ ᠦᠢᠯᠡᠰ ᠴᠣᠭᠴᠠᠯᠠᠬᠤ ᠠᠴᠢᠶᠡᠯᠡᠪᠦᠷᠢ ᠶᠢᠨ ᠮᠡᠷᠭᠡᠵᠢᠯ ᠢ ᠰᠢᠯᠵᠢᠭᠦᠯᠬᠦ ᠡᠭᠦᠷᠬᠡ | ᠴᠢᠳᠠᠮᠵᠢ ᠶᠢ ᠨᠢ ᠴᠢᠩᠭᠠᠷᠠᠭᠤᠯᠤᠨ᠎ᠠ᠃ ᠪᠣᠳᠠᠲᠤ ᠴᠤᠨᠨᠴᠠᠳᠤ ᠠᠵᠤ ᠠᠬᠤᠶ ᠪᠠ ᠳᠠᠪᠠᠭᠤᠯᠢᠭ ᠠᠵᠤ ᠦᠢᠯᠡᠰ ᠲᠤ | ᠠᠩᠬᠠᠷᠤᠯ ᠢᠶᠠᠨ ᠬᠠᠨᠳᠤᠭᠤᠯᠵᠦ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠢ ᠭᠦᠳᠦᠯᠦᠨ ᠵᠢᠯᠤᠭᠤᠳᠴᠤ ᠪᠠᠶᠢᠭᠠᠳ ᠤᠯᠠᠨ ᠢᠶᠠᠷ ᠢᠶᠠᠨ ᠦᠢᠯᠡᠰ | ᠴᠤᠨᠨᠴᠠᠯᠠᠵᠦ ᠰᠢᠨ᠎ᠠ ᠶᠢ ᠡᠭᠦᠳᠬᠦ ᠲᠤᠰᠬᠠᠶᠢᠵᠢᠨᠨᠰᠠᠨ ᠣᠷᠣᠨ ᠵᠠᠶ ᠶᠢ ᠭᠦᠭᠵᠢᠬᠦᠯᠦᠨ᠎ᠠ᠃ ᠨᠡᠪᠴᠢᠭᠦᠯᠦᠬᠦᠷ᠂ | ᠲᠦᠷᠬᠡᠳᠬᠡᠬᠦᠷ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠭᠠᠵᠠᠷ ᠵᠡᠷᠭᠡ | ᠡᠯ᠎ᠡ ᠲᠥᠷᠥᠯ ᠤᠨ ᠨᠡᠪᠴᠢᠬᠦᠯᠬᠦ ᠠᠴᠢᠶᠡᠯᠡᠪᠦᠷᠢ ᠶᠢᠨ ᠡᠭᠦᠷᠬᠡ ᠴᠢᠳᠠᠮᠵᠢ ᠶᠢ ᠰᠢᠯᠢᠳᠡᠭᠵᠢᠬᠦᠯᠵᠦ᠂ ᠮᠡᠷᠭᠡᠵᠢᠯ ᠢ | ᠰᠤᠳᠤᠯᠤᠨ ᠨᠡᠭᠡᠭᠡᠬᠦ᠂ ᠠᠵᠤ ᠠᠬᠤᠶᠢᠯᠠᠯ ᠢ ᠨᠡᠪᠴᠢᠬᠦᠯᠬᠦ᠂ ᠠᠵᠤ ᠦᠢᠯᠡᠰᠵᠢᠭᠰᠡᠨ ᠨᠡᠭᠡᠭᠡᠯᠳᠡ ᠬᠢᠬᠦ ᠶᠢ | ᠬᠠᠮᠤᠷᠤᠨᠨᠰᠠᠨ ᠪᠦᠬᠦ ᠬᠡᠯᠬᠢᠶᠡᠰᠦ ᠳᠤ ᠨᠡᠪᠴᠢᠭᠦᠯᠬᠦ ᠰᠢᠰᠲ᠋ᠧᠮᠵᠢ ᠶᠢ ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ | ᠣᠷᠣᠨ ᠤ ᠰᠢᠨ᠎ᠡ ᠶᠢ ᠡᠭᠦᠳᠴᠤ ᠦᠢᠯᠡᠰ ᠴᠣᠭᠴᠠᠯᠠᠬᠤ ᠠᠴᠢᠶᠡᠯᠡᠪᠦᠷᠢ ᠶᠢᠨ ᠪᠦᠳᠦᠬᠡᠨ ᠪᠠᠶᠢᠭᠤᠯᠤᠯᠲᠠ ᠶᠢ | ᠴᠢᠩᠭᠠᠳᠬᠠᠵᠤ᠂ ᠲᠦᠬᠡᠮᠡᠯ ᠦᠢᠯᠡᠰ ᠴᠣᠭᠴᠠᠯᠠᠬᠤ ᠰᠠᠭᠤᠷᠢᠨ ᠭᠠᠵᠠᠷ ᠢ ᠭᠦᠳᠦᠯᠦᠨ ᠵᠢᠯᠤᠭᠤᠳᠴᠤ ᠭᠦᠭᠵᠢᠬᠦᠯᠦᠨ᠂ | ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠰᠢᠯᠵᠢᠬᠦᠯᠵᠦ | ᠤᠯᠠᠷᠢᠭᠤᠯᠬᠤ ᠲᠡᠪᠴᠡᠩ ᠤᠨ ᠪᠦᠳᠦᠬᠡᠨ ᠪᠠᠶᠢᠭᠤᠯᠤᠯᠳᠠ ᠶᠢ ᠲᠡᠮᠵᠢᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠬᠤᠯᠠ ᠭᠦᠴᠦᠨ ᠵᠦᠢᠯ ᠢ ᠭᠦᠳᠦᠯᠦᠨ ᠵᠢᠯᠤᠭᠤᠳᠴᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ | ᠲᠡᠶᠢᠰᠢ ᠲᠦᠪᠯᠡᠷᠡᠬᠦᠯᠬᠦ ᠲᠠᠯ᠎ᠠ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠤᠮᠢᠯᠬᠠᠴᠢᠳ ᠤᠨ | ᠴᠢᠬᠤᠯᠠ ᠦᠢᠯᠡᠳᠦᠯ ᠢ ᠪᠠᠳᠠᠷᠠᠭᠤᠯᠤᠨ᠎ᠠ᠃ | ︵ᠲᠤᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ ᠪᠠ ᠠᠵᠢᠯᠯᠠᠵᠦ | ᠡᠵᠡᠩᠨᠡᠬᠦ ᠶᠢ ᠴᠢᠩᠭᠠᠳᠬᠠᠨ᠎ᠠ | ᠰᠢᠨ᠎ᠡ ᠠᠵᠤ ᠠᠬᠤᠢ ᠰᠢᠨ᠎ᠡ ᠵᠠᠭᠪᠤᠷ ᠲᠤ ᠲᠤᠬᠢᠷᠠᠯᠴᠬᠠᠰᠠᠨ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠲᠡᠭᠦᠯᠳᠡᠷᠵᠢᠬᠦᠯᠵᠦ᠂ ᠰᠢᠨ᠎ᠡ ᠶᠢ ᠡᠭᠦᠳᠴᠤ ᠦᠢᠯᠡᠰ ᠴᠣᠭᠴᠠᠯᠠᠬᠤ ᠶᠢᠨ | ᠭᠦᠳᠡᠯᠬᠡᠭᠴᠢ ᠬᠦᠴᠦᠨ ᠬᠢᠬᠡᠳ ᠠᠮᠢᠵᠢᠷᠠᠯ ᠤᠨ ᠭᠦᠴᠦᠨ ᠢ ᠭᠦᠭᠵᠢᠬᠡᠨ ᠪᠠᠳᠠᠷᠠᠭᠠᠨ᠎ᠠ᠃ ᠮᠡᠷᠭᠡᠵᠢᠯ ᠢ ᠰᠢᠯᠵᠢᠭᠦᠯᠬᠦ | ᠶᠠᠪᠤᠴᠠ ᠳᠠᠬᠢ ᠬᠤᠳᠠᠯᠳᠤᠭᠠᠨ ᠤ ᠨᠢᠭᠤᠴᠠ ᠶᠢ ᠬᠠᠤᠯᠢ ᠪᠠᠷ ᠬᠠᠮᠠᠭᠠᠯᠠᠬᠤ ᠶᠢ ᠴᠢᠩᠭᠠᠳᠬᠠᠵᠦ᠂ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠤᠯᠢ ᠴᠠᠭᠠᠵᠠ ᠪᠠᠷ ᠬᠠᠮᠠᠭᠠᠯᠠᠬᠤ ᠶᠢᠨ ᠭᠤᠤᠯᠯᠠᠨ ᠵᠢᠯᠤᠭᠤᠳᠬᠤ | ᠦᠢᠯᠡᠳᠦᠯ ᠢ ᠪᠠᠳᠠᠷᠠᠭᠤᠯᠵᠤ᠂ ᠵᠠᠰᠠᠭ ᠵᠠᠬᠢᠷᠭᠠᠨ ᠢᠶᠠᠷ ᠬᠠᠤᠯᠢ ᠬᠡᠷᠡᠭᠵᠢᠭᠦᠯᠬᠦ ᠪᠠ ᠬᠠᠤᠯᠢ ᠴᠠᠭᠠᠵᠠ ᠪᠠᠷ ᠬᠠᠮᠠᠭᠠᠯᠠᠬᠤ | ᠬᠤᠶᠠᠷ ᠠᠷᠭ᠎ᠠ ᠵᠠᠮ ᠤᠨ ᠳᠠᠪᠠᠭᠤᠯᠢᠭ ᠲᠠᠯ᠎ᠠ ᠶᠢ ᠬᠠᠷᠢᠯᠴᠠᠨ ᠨᠦᠭᠦᠪᠦᠷᠢᠯᠡᠭᠰᠡᠨ᠂ ᠣᠷᠭᠠᠨᠢᠭ ᠢᠶᠠᠷ | ᠵᠤᠯᠭᠠᠯᠳᠤᠭᠤᠯᠤᠨᠨᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠵᠠᠭᠪᠤᠷ ᠢ | ᠲᠡᠭᠦᠯᠳᠡᠷᠵᠢᠬᠦᠯᠦᠨ᠎ᠠ᠃ ᠲᠤᠰᠬᠠᠶ ᠠᠰᠢᠭ ᠤᠨ ᠬᠢᠨᠠᠨ ᠪᠠᠶᠢᠴᠠᠭᠠᠬᠤ ᠴᠤᠪᠤᠷᠠᠯ ᠢ ᠰᠢᠯᠢᠳᠡᠭᠵᠢᠬᠦᠯᠵᠦ᠂ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠴᠢᠨᠠᠷ ᠴᠢᠨᠰᠠᠭ᠎ᠠ ᠶᠢ ᠲᠡᠬᠡᠭᠰᠢᠯᠡᠬᠦᠯᠦᠨ᠎ᠠ᠃ | ︵ᠨᠠᠢᠮᠠ︶ ᠦᠨᠡᠯᠡᠵᠦ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠦᠨ᠎ᠠ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠤ ᠠᠬᠤᠶᠢᠯᠠᠯ | ᠠᠵᠢᠯ ᠦᠢᠯᠡᠰ ᠤᠨ ᠨᠢᠬᠡᠴᠢ ᠶᠢᠨ ᠬᠢᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠳᠠᠳ ᠢ ᠲᠦᠷᠦᠯ | ᠬᠤᠪᠢᠶᠠᠨ ᠦᠨᠡᠯᠡᠬᠦ ᠳᠦᠷᠢᠮ ᠢᠶᠠᠨ ᠲᠡᠭᠦᠯᠳᠡᠷᠵᠢᠬᠦᠯᠬᠦ ᠶᠢ ᠠᠬᠢᠭᠤᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠦᠭᠰᠡᠨ ᠴᠢᠨᠠᠷ ᠴᠢᠨᠰᠠᠭ᠎ᠠ᠂ ᠬᠤᠪᠢ ᠨᠡᠮᠡᠷᠢ᠂ ᠠᠮᠵᠢᠯᠲᠠ ᠪᠦᠲᠦᠮᠵᠢ ᠪᠠᠷ | ᠤᠳᠤᠷᠢᠳᠤᠮᠵᠢ ᠪᠣᠯᠭᠠᠭᠰᠠᠨ ᠲᠦᠷᠦᠯ ᠬᠤᠪᠢᠶᠠᠨ ᠦᠨᠡᠯᠡᠬᠦ ᠰᠢᠰᠲ᠋ᠧᠮᠵᠢ ᠶᠢ ᠪᠠᠶᠢᠭᠤᠯᠤᠨ᠂ ᠭᠠᠭᠴᠠ ᠬᠦ ᠥᠭᠦᠯᠡᠯ ᠢ | ᠯᠡ ᠦᠵᠡᠳᠡᠭ᠂ ᠭᠠᠭᠴᠠ ᠬᠦ ᠰᠤᠷᠤᠯᠭ᠎ᠠ ᠶᠢᠨ ᠨᠠᠮᠳᠠᠷ ᠢᠶᠠᠷ ᠯᠠ ᠪᠤᠯᠭᠠᠳᠠᠭ ᠦᠨᠡᠯᠡᠯᠲᠡ ᠬᠢᠬᠦ ᠭᠦᠳᠦᠯᠦᠮᠵᠢ ᠶᠢ | ᠬᠤᠪᠢᠷᠠᠭᠤᠯᠤᠨ᠎ᠠ᠃ ᠬᠡᠷᠡᠭᠯᠡᠬᠡᠨ ᠤ ᠰᠤᠳᠤᠯᠭᠠᠨ᠂ ᠮᠡᠷᠬᠡᠵᠢᠯ ᠢ ᠨᠡᠬᠡᠬᠡᠨ ᠭᠦᠭᠵᠢᠬᠦᠯᠬᠦ᠂ ᠦᠷ᠎ᠡ ᠪᠦᠳᠦᠬᠡᠯ ᠢ | ᠤᠯᠠᠷᠢᠭᠤᠯᠬᠤ ᠠᠵᠢᠯ ᠢ ᠭᠤᠤᠯᠯᠠᠨ ᠡᠷᠬᠢᠯᠡᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠳᠠᠳ ᠲᠤ | ᠦᠷ᠎ᠡ ᠪᠦᠳᠦᠬᠡᠯ ᠢ ᠤᠯᠠᠷᠢᠭᠤᠯᠬᠤ᠂ ᠮᠡᠷᠬᠡᠵᠢᠯ ᠢ ᠰᠢᠯᠵᠢᠬᠦᠯᠬᠦ᠂ ᠮᠡᠷᠬᠡᠵᠢᠯ ᠢ ᠲᠡᠯᠬᠡᠷᠡᠬᠦᠯᠬᠦ᠂ ᠮᠡᠷᠬᠡᠵᠢᠯ ᠢᠶᠠᠷ | ᠦᠢᠯᠡᠴᠢᠯᠡᠬᠦ ᠵᠡᠷᠬᠡ ᠶᠢᠨ ᠦᠨᠡᠯᠡᠯᠳᠡ ᠬᠢᠬᠦ ᠭᠦᠢᠴᠡᠳᠬᠡᠯ ᠲᠤᠭᠠᠨ ᠤ ᠴᠢᠬᠤᠯᠠᠴᠢᠯᠬᠠᠳᠠᠬᠤ ᠬᠡᠮᠵᠢᠶ᠎ᠡ ᠶᠢ ᠨᠢ | ᠨᠡᠮᠡᠭᠳᠡᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢ ᠰᠢᠯᠵᠢᠭᠦᠯᠦᠭᠰᠡᠨ ᠠᠴᠠ ᠪᠤᠯᠵᠦ ᠠᠵᠦ ᠠᠬᠤᠢ | ᠨᠡᠶᠢᠬᠡᠮ ᠤᠨ ᠭᠦᠭᠵᠢᠯᠳᠡ ᠳᠤ ᠦᠵᠡᠬᠦᠯᠬᠦ ᠬᠤᠪᠢ ᠨᠡᠮᠡᠷᠢ ᠶᠢ ᠨᠢ ᠰᠢᠨᠵᠢᠯᠡᠬᠦ ᠤᠬᠠᠭᠠᠨ ᠤ ᠰᠤᠳᠤᠯᠤᠯ ᠤᠨ | ᠠᠵᠢᠯᠳᠠᠳ ᠤᠨ ᠲᠤᠰᠢᠶᠠᠯ ᠲᠡᠪᠰᠢᠬᠦ᠂ ᠮᠡᠷᠬᠡᠵᠢᠯ ᠤᠨ ᠴᠤᠯᠠ ᠶᠢ ᠨᠢ ᠬᠢᠨᠠᠨ ᠲᠤᠨᠨᠳᠠᠭᠠᠬᠤ᠂ ᠠᠮᠵᠢᠯᠳᠠ | ᠪᠦᠳᠦᠮᠵᠢ ᠶᠢ ᠨᠢ ᠰᠢᠯᠭᠠᠨ ᠬᠢᠨᠠᠬᠤ ᠵᠡᠷᠬᠡ ᠶᠢᠨ ᠴᠢᠬᠤᠯᠠ ᠦᠨᠳᠦᠰᠦᠯᠡᠯ ᠪᠤᠯᠭᠠᠵᠦ᠂ ᠦᠷᠬᠡᠨ ᠤᠯᠠᠨ ᠰᠢᠨᠵᠢᠯᠡᠬᠦ | ᠤᠬᠠᠭᠠᠨ ᠲᠧᠭᠨᠢᠭ ᠮᠡᠷᠬᠡᠵᠢᠯ ᠤᠨ ᠠᠵᠢᠯᠳᠠᠳ ᠢ ᠭᠦᠳᠦᠯᠦᠨ ᠵᠢᠯᠤᠭᠤᠳᠴᠤ ᠪᠠᠶᠢᠭᠠᠳ ᠠᠵᠢᠯ ᠮᠡᠷᠬᠡᠵᠢᠯ ᠢᠶᠠᠷ ᠢᠶᠠᠨ | ᠡᠬᠡ ᠤᠷᠤᠨ ᠳᠤ ᠪᠠᠨ ᠭᠦᠴᠦ ᠪᠠᠨ ᠡᠷᠬᠦᠬᠦ ᠪᠤᠯᠭᠠᠨ᠎ᠠ᠃ | ᠲᠡᠬᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠭᠦᠷᠢᠶᠡᠯᠡᠩ ᠭᠠᠵᠠᠷ᠂ ᠤᠯᠤᠰ ᠤᠨ | ᠦᠮᠴᠢᠯᠡᠯᠳᠦ ᠠᠵᠦ ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠤᠳᠤᠷᠢᠳᠤᠯᠭ᠎ᠠ ᠨᠠᠷ ᠤᠨ ᠦᠷ᠎ᠡ ᠪᠦᠳᠦᠬᠡᠯ ᠤᠨ | ᠦᠨ᠎ᠠ ᠲᠤᠨᠨᠳᠠᠭᠠᠬᠤ ᠲᠠᠯ᠎ᠠ ᠳᠤ ᠰᠶᠢᠳᠪᠦᠷᠢᠳᠦ ᠪᠤᠳᠤᠯᠭ᠎ᠠ ᠲᠤᠨᠨᠳᠠᠭᠠᠬᠤ ᠡᠭᠦᠷᠬᠡ ᠬᠠᠷᠢᠭᠤᠴᠠᠯᠭ᠎ᠠ ᠪᠠᠨ | ᠭᠦᠢᠴᠡᠳᠬᠡᠬᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠠᠮᠢᠶᠠᠷᠤᠯᠳᠠ ᠶᠢᠨ ᠠᠵᠢᠯᠳᠠᠳ ᠤᠨ ᠲᠦᠷᠦᠯ ᠵᠦᠢᠯ | ᠲᠤᠨᠨᠳᠠᠭᠠᠬᠤ ᠬᠢᠬᠡᠳ ᠬᠠᠮᠢᠶᠠᠷᠤᠯᠳᠠ ᠶᠢᠨ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠤᠷᠢᠨᠨᠵᠢᠭᠤᠯᠵᠦ᠂ | ᠤᠷᠮᠠᠰᠢᠭᠤᠯᠬᠤ ᠲᠤᠨᠨᠳᠠᠴᠠ ᠪᠠ ᠠᠯᠳᠠᠰᠢ ᠶᠢ ᠠᠭᠤᠴᠢᠯᠠᠵᠦ ᠵᠠᠯᠠᠷᠠᠭᠤᠯᠬᠤ ᠲᠤᠨᠨᠳᠠᠴᠠ ᠶᠢ ᠪᠦᠷᠢᠨᠰᠢᠬᠦᠯᠦᠨ᠂ | ᠴᠢᠷᠮᠠᠶᠢᠨ ᠠᠵᠢᠯᠯᠠᠵᠦ ᠬᠠᠷᠢᠭᠤᠴᠠᠯᠭ᠎ᠠ ᠪᠠᠨ ᠭᠦᠢᠴᠡᠳᠬᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠵᠦ᠂ | ᠵᠤᠷᠢᠨᠨᠳᠠᠢ ᠪᠠᠷ ᠤᠯᠠᠷᠢᠭᠤᠯᠬᠤ᠂ ᠰᠠᠶᠢᠨ ᠲᠤᠷ᠎ᠠ ᠠᠴᠠ ᠪᠠᠨ ᠤᠯᠠᠷᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠤᠢ ᠪᠤᠯᠭᠠᠨ᠎ᠠ᠃ ᠮᠡᠷᠬᠡᠵᠢᠯ ᠢ ᠰᠢᠯᠵᠢᠬᠦᠯᠬᠦ ᠲᠠᠯ᠎ᠠ ᠪᠠᠷ ᠬᠢ ᠢᠳᠡᠬᠡᠮᠵᠢ ᠶᠢᠨ ᠲᠡᠮᠳᠡᠭᠯᠡᠯ ᠢ ᠦᠪᠡᠷᠳᠡᠬᠡᠨ ᠵᠠᠰᠠᠬᠤ | ᠤᠷᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠳᠡᠬᠡᠮᠵᠢ ᠶᠢᠨ ᠰᠢᠰᠲ᠋ᠧᠮᠵᠢ ᠳᠤ ᠤᠷᠤᠭᠤᠯᠵᠦ᠂ | ᠡᠷᠬᠡ ᠠᠰᠢᠭ ᠨᠢ ᠲᠦᠪ ᠭᠤᠤᠯᠴᠢ᠂ ᠠᠵᠠ ᠲᠤᠬᠢᠶᠠᠯ ᠨᠢ ᠲᠦᠪ ᠭᠤᠤᠯᠴᠢ᠂ ᠲᠦᠷᠢᠮ ᠭᠤᠷᠢᠮ ᠨᠢ ᠲᠦᠪ | ᠭᠤᠤᠯᠴᠢ ᠪᠠᠶᠢᠬᠤ ᠵᠠᠬ᠎ᠠ ᠲᠡᠯᠬᠡᠭᠦᠷ ᠤᠨ ᠤᠷᠴᠢᠨ ᠨᠦᠭᠦᠴᠡᠯ ᠢ ᠪᠦᠷᠢᠯᠳᠦᠬᠦᠯᠦᠨ᠎ᠠ᠃ | ︵ᠶᠢᠰᠦ︶ ᠲᠦᠷᠦ ᠶᠢᠨ ᠪᠤᠳᠤᠯᠭ᠎ᠠ ᠪᠠ ᠳᠦᠷᠢᠮ ᠤᠨ ᠲᠦᠭᠦᠷᠵᠢᠬᠦᠯᠦᠨ ᠵᠣᠯᠭᠠᠯᠳᠤᠭᠤᠯᠬᠤ ᠶᠢ | ᠲᠡᠭᠦᠯᠳᠡᠷᠵᠢᠬᠦᠯᠦᠨ᠎ᠠ | ᠮᠡᠷᠭᠡᠵᠢᠯ ᠤᠨ ᠰᠤᠯᠢᠯᠴᠠᠭᠠᠨ ᠤ ᠭᠠᠶᠢᠯᠢ ᠲᠠᠲᠠᠪᠤᠷᠢ ᠳᠤ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠮᠡᠷᠭᠡᠵᠢᠯ ᠤᠨ ᠰᠤᠯᠢᠯᠴᠠᠭᠠᠨ ᠤ ᠭᠠᠶᠢᠯᠢ ᠶᠢ ᠭᠦᠩᠬᠡᠯᠡᠵᠦ ᠬᠡᠯᠲᠦᠷᠢᠭᠦᠯᠬᠦ ᠳᠤ ᠰᠦᠯᠵᠢᠶ᠎ᠡ | ᠬᠤᠯᠪᠤᠵᠦ ᠭᠤᠶᠤᠴᠢᠯᠠᠨ ᠮᠡᠳᠡᠬᠦᠯᠬᠦ ᠲᠤᠨᠨᠳᠠᠴᠠ ᠶᠢ ᠰᠦᠪᠡᠭᠴᠢᠯᠡᠨ ᠪᠠᠶᠢᠭᠤᠯᠵᠦ᠂ ᠮᠡᠷᠭᠡᠵᠢᠯ ᠤᠨ ᠰᠤᠯᠢᠯᠴᠠᠭᠠᠨ ᠤ | ᠭᠠᠶᠢᠯᠢ ᠶᠢ ᠭᠦᠩᠬᠡᠯᠡᠵᠦ ᠬᠡᠯᠲᠦᠷᠢᠭᠦᠯᠬᠦ ᠴᠤᠪᠤᠷᠠᠯ ᠢ ᠰᠢᠯᠢᠳᠡᠭᠵᠢᠬᠦᠯᠦᠨ᠎ᠠ᠃ ᠲᠦᠷᠦ ᠶᠢᠨ ᠪᠤᠳᠤᠯᠭ᠎ᠠ ᠶᠢᠨ | ᠲᠤᠨᠨᠳᠠᠭᠠᠯ ᠶᠤᠰᠤᠭᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠳ ᠨᠢ ᠲᠤᠰᠢᠶᠠᠯ ᠤᠨ | ᠪᠠᠶᠢᠷᠢ ᠳᠤ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨᠨᠰᠠᠨ ᠪᠡᠯᠡᠨ | ᠮᠥᠩᠭᠦᠨ ᠤ ᠱᠠᠩᠨᠠᠯ ᠭᠥᠷᠳᠡᠪᠡᠯ᠂ 50% ᠪᠠᠷ ᠭᠦᠩᠬᠡᠯᠡᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠳᠠᠳ ᠤᠨ ᠲᠣᠰ ᠰᠠᠷ᠎ᠠ ᠶᠢᠨ ︽ᠴᠠᠯᠢᠩ ᠮᠦᠩᠬᠦᠨ ᠤ ᠤᠯᠵᠠᠪᠤᠷᠢ︾ ᠳᠤ ᠪᠤᠳᠤᠵᠦ ᠤᠷᠤᠭᠤᠯᠤᠨ᠂ ᠬᠠᠤᠯᠢ | ᠶᠣᠰᠣᠭᠠᠷ ᠬᠤᠪᠢ ᠬᠥᠮᠦᠨ ᠤ ᠤᠯᠵᠠᠪᠤᠷᠢ ᠶᠢᠨ ᠭᠠᠶᠢᠯᠢ ᠲᠤᠰᠢᠶᠠᠬᠤ ᠬᠡᠷᠡᠭᠲᠡᠶ᠃ | ᠤᠯᠤᠰ ᠤᠨ ᠦᠮᠴᠢᠯᠡᠯᠳᠦ ᠮᠡᠷᠭᠡᠵᠢᠯ ᠤᠨ ᠲᠦᠷᠦᠯ ᠤᠨ ᠪᠤᠳᠠᠰᠯᠢᠭ ᠪᠤᠰᠤ ᠭᠦᠷᠦᠩᠬᠡ ᠶᠢᠨ | ᠬᠠᠮᠢᠶᠠᠷᠤᠯᠳᠠ ᠶᠢᠨ ᠲᠦᠷᠢᠮ ᠢ ᠪᠦᠷᠢᠨᠰᠢᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠣᠨᠴᠠᠯᠢᠭ ᠢ ᠨᠢ ᠦᠨᠳᠦᠰᠦᠯᠡᠨ᠂ ᠬᠠᠮᠢᠶ᠎ᠠ ᠪᠦᠬᠦᠢ ᠡᠳ᠋ ᠬᠥᠷᠥᠩᠭᠡ ᠶᠢ ᠦᠨᠡᠯᠡᠨ ᠵᠢᠱᠢᠬᠦ | ᠬᠠᠮᠢᠶᠠᠷᠤᠯᠲᠠ ᠶᠢᠨ ᠴᠤᠪᠤᠷᠠᠯ ᠢ ᠰᠢᠯᠢᠳᠡᠭᠵᠢᠭᠦᠯᠵᠦ᠂ ᠢᠯᠡ ᠨᠡᠶᠢᠲᠡᠯᠡᠬᠦ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠵᠦ | ᠪᠦᠷᠢᠳᠬᠡᠨ ᠳᠠᠩᠰᠠᠯᠠᠭᠤᠯᠬᠤ ᠲᠡᠰ ᠲᠠᠷᠠᠭᠠᠯᠠᠯ ᠢ ᠲᠦᠭᠦᠮᠴᠢᠯᠡᠬᠦ ᠪᠠᠷ ᠰᠦᠪᠡᠭᠴᠢᠯᠡᠨ᠎ᠠ᠃ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠠᠵᠢᠯᠳᠠᠳ ᠤᠨ ᠬᠠᠤᠯᠢ ᠶᠣᠰᠣᠭᠠᠷ ᠣᠯᠤᠭᠰᠠᠨ ᠦᠷ᠎ᠡ ᠪᠦᠲᠦᠭᠡᠯ ᠢᠶᠠᠨ ᠤᠯᠠᠷᠢᠭᠤᠯᠤᠭᠠᠳ ᠱᠠᠩᠨᠠᠭᠤᠯᠵᠦ | ᠭᠦᠬᠢᠭᠦᠯᠦᠭᠳᠡᠭᠰᠡᠨ ᠣᠷᠣᠯᠭ᠎ᠠ ᠶᠢ ᠨᠢ ᠠᠮᠵᠢᠯᠲᠠ ᠪᠦᠲᠦᠮᠵᠢ ᠶᠢᠨ ᠴᠠᠯᠢᠩ ᠳᠤ ᠤᠷᠤᠭᠤᠯᠬᠤ ᠦᠭᠡᠢ᠃ | ᠭᠤᠣᠯᠳᠠᠯᠭ᠎ᠠ ᠲᠠᠢ ᠭᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠴᠢᠬᠤᠯᠠ ᠶᠡᠭᠡ ᠲᠦᠷᠦᠯ ᠵᠦᠢᠯ ᠳᠤ ᠦᠷ᠎ᠡ ᠪᠦᠲᠦᠭᠡᠯ ᠢ ᠤᠯᠠᠷᠢᠭᠤᠯᠬᠤ ᠡᠭᠦᠷᠭᠡ ᠶᠢ | ᠲᠤᠳᠤᠷᠬᠠᠶᠢᠯᠠᠨ᠂ ᠤᠯᠠᠷᠢᠭᠤᠯᠬᠤ ᠲᠠᠢ ᠰᠢᠭᠤᠳ ᠬᠤᠯᠪᠣᠭᠳᠠᠬᠤ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ | ᠲᠤᠨᠨᠳᠠᠭᠠᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠮᠥᠩᠭᠦᠨ ᠭᠦᠢᠯᠭᠡᠭᠡᠨ ᠤ ᠣᠯᠠᠨ ᠡᠰᠢᠵᠢᠭᠰᠡᠨ | ᠦᠢᠯᠡᠴᠢᠯᠡᠭᠡᠨ ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠦ ᠬᠥᠲᠥᠯᠥᠨ ᠵᠢᠯᠣᠭᠤᠳᠬᠤ ᠲᠦᠷᠦᠯ ᠤᠨ ᠰᠠᠭᠤᠷᠢ ᠮᠥᠩᠭᠦ ᠶᠢ ᠪᠤᠯ | ᠦᠢᠯᠡᠰ ᠴᠣᠭᠴᠠᠯᠠᠬᠤ ᠪᠠᠷ ᠪᠠᠯᠠ ᠤᠷᠤᠭᠤᠯᠤᠨᠨᠰᠠᠨ ᠳᠠᠭᠠᠯᠲᠠ ᠰᠠᠭᠤᠷᠢ ᠮᠥᠩᠭᠦ ᠪᠠᠶᠢᠭᠤᠯᠬᠤ᠂ ᠵᠢᠭᠡᠯᠡᠯᠭᠡ ᠶᠢᠨ | ᠲᠦᠭᠰᠢᠭᠦᠷᠢ ᠶᠢᠨ ᠲᠠᠯ᠎ᠠ ᠳᠤ ᠨᠦᠭᠦᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠲᠠᠮᠵᠢᠭᠤᠯᠤᠨ᠂ ᠨᠡᠶᠢᠭᠡᠮ ᠤᠨ ᠬᠥᠷᠥᠩᠭᠡ | ᠮᠥᠩᠭᠦ ᠶᠢ ᠬᠥᠲᠥᠯᠦᠨ ᠵᠢᠯᠣᠭᠤᠳᠴᠤ ᠪᠠᠶᠢᠭᠠᠳ ᠮᠡᠷᠭᠡᠵᠢᠯ ᠢ ᠰᠢᠯᠵᠢᠭᠦᠯᠬᠦ ᠡᠬᠢᠨ ᠤ ᠦᠶ᠎ᠡ ᠶᠢᠨ ᠲᠦᠷᠦᠯ ᠵᠦᠢᠯ | ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠭᠦᠢ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ | ᠪᠠᠯᠠ ᠣᠷᠣᠭᠤᠯᠵᠤ ᠳᠣᠭᠢᠷᠠᠭᠤᠯᠬᠤ ᠲᠠᠯ᠎ᠠ ᠪᠠᠷ ᠲᠡᠮᠵᠢᠬᠦ ᠶᠢ ᠨᠡᠮᠡᠭᠳᠡᠬᠦᠯᠦᠨ᠎ᠠ᠃ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠯ ᠤᠨ ᠡᠷᠬᠡ ᠶᠢ ᠲᠡᠮᠳᠡᠭᠳᠦᠵᠢᠬᠦᠯᠬᠦ ᠶᠢᠨ ᠪᠡᠯᠡ ᠲᠤᠬᠢᠷᠠᠭᠤᠯᠬᠤ ᠲᠤᠷᠰᠢᠯᠳᠠ ᠶᠢᠨ ᠴᠡᠭ ᠢ ᠦᠷᠨᠢᠬᠦᠯᠵᠦ᠂ | ᠬᠤᠳᠠᠯᠳᠤᠭᠠᠨ ᠤ ᠪᠠᠩᠬᠢ ᠶᠢ ᠵᠤᠷᠢᠨᠨᠵᠢᠭᠤᠯᠵᠦ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ | ᠡᠷᠬᠡ ᠶᠢᠨ ᠳᠠᠨᠵᠢᠯᠠᠬᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠦᠷᠨᠢᠬᠦᠯᠦᠨ᠎ᠠ᠃ | ᠭᠤᠷᠪᠠ᠂ ᠵᠣᠬᠢᠶᠠᠨ ᠪᠠᠶᠢᠭᠤᠯᠵᠦ ᠬᠡᠷᠡᠭᠵᠢᠭᠦᠯᠬᠦ ᠶᠢ ᠴᠢᠩᠭᠠᠷᠠᠭᠤᠯᠤᠨ᠎ᠠ | ︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ | ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠪᠠᠶᠢᠭᠤᠯᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ | ᠵᠦᠢᠯ ᠳᠤ ᠪᠠᠨ ᠣᠷᠣᠭᠤᠯᠵᠤ᠂ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ᠂ ᠪᠣᠳᠠᠲᠤ ᠲᠠᠢ ᠪᠠᠨ | ᠤᠶᠠᠯᠳᠤᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠰᠠᠶᠢᠳᠤᠷ ᠠᠳᠬᠤᠬᠤ ᠬᠡᠷᠡᠭᠳᠡᠢ᠃ ᠬᠥᠬᠡᠬᠤᠲᠠ᠂ | ᠪᠤᠭᠤᠲᠤ ᠬᠤᠳᠠ᠂ ᠣᠷᠳᠣᠰ ᠬᠤᠲᠠ ᠨᠢ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ | ᠦᠵᠡᠭᠦᠯᠬᠦ ᠲᠤᠭᠤᠷᠢᠭ ᠢ ᠴᠤᠨᠨᠴᠠᠯᠠᠨ ᠪᠠᠶᠢᠭᠤᠯᠬᠤ ᠶᠢᠨ ᠲᠤᠭᠤᠷᠢᠨ ᠳᠤ᠂ ᠮᠡᠷᠭᠡᠵᠢᠯ ᠢ ᠰᠢᠯᠵᠢᠭᠦᠯᠬᠦ ᠨᠢᠬᠡᠳᠦᠯᠳᠡᠢ | ᠰᠢᠰᠲ᠋ᠧᠮᠵᠢ ᠶᠢ ᠪᠠᠶᠢᠭᠤᠯᠬᠤ ᠠᠵᠢᠯ ᠢᠶᠠᠨ ᠲᠦᠷᠭᠡᠳᠬᠡᠵᠦ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ | ᠬᠢᠬᠡᠳ ᠲᠦᠷᠦ ᠶᠢᠨ ᠪᠤᠳᠤᠯᠭ᠎ᠠ ᠶᠢ ᠤᠷᠢᠳ ᠢᠶᠠᠷ ᠬᠡᠷᠡᠭᠵᠢᠭᠦᠯᠵᠦ ᠲᠤᠷᠰᠢᠬᠤ ᠶᠢ ᠦᠷᠨᠢᠬᠦᠯᠦᠨ᠂ ᠨᠢᠭᠡ ᠪᠦᠯᠦᠭ | ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠬᠡᠳ ᠵᠠᠭᠪᠤᠷ ᠢ ᠰᠦᠪᠡᠭᠴᠢᠯᠡᠨ᠎ᠡ᠃ ᠥᠪᠡᠷᠲᠡᠭᠡᠨ | ᠵᠠᠰᠠᠬᠤ ᠣᠷᠣᠨ ᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ | ᠤᠯᠤᠰ ᠤᠨ ᠦᠮᠴᠢᠯᠡᠯᠳᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠲᠣᠭᠲᠠᠭᠠᠯ ᠶᠣᠰᠣᠭᠠᠷ ᠵᠢᠱᠢᠶ᠎ᠡ | ᠦᠵᠡᠭᠦᠯᠬᠦ ᠲᠤᠭᠤᠷᠢᠭ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠨᠢ ᠵᠦᠪᠰᠢᠶᠡᠷᠡᠨ᠎ᠠ᠃ | ᠥᠪᠡᠷᠲᠡᠭᠡᠨ ᠵᠠᠰᠠᠬᠤ ᠣᠷᠣᠨ ᠤ ᠡᠯ᠎ᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠲᠣᠰ | ᠲᠥᠰᠦᠯ ᠢ ᠦᠨᠳᠦᠰᠦᠯᠡᠨ ᠮᠡᠷᠬᠡᠵᠢᠯ ᠢ ᠰᠢᠯᠵᠢᠬᠦᠯᠬᠦ ᠶᠢ ᠠᠬᠢᠭᠤᠯᠬᠤ ᠪᠣᠳᠠᠲᠠᠶ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠤᠨ ᠲᠤᠨᠨᠳᠠᠭᠠᠬᠤ ᠬᠡᠷᠡᠭᠲᠡᠶ᠃ | ︵ᠬᠤᠶᠠᠷ︶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠨ᠎ᠠ᠃ ᠮᠡᠷᠭᠡᠵᠢᠯ ᠢ | ᠰᠢᠯᠵᠢᠭᠦᠯᠬᠦ ᠶᠢ ᠠᠬᠢᠭᠤᠯᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠭᠦᠷ ᠲᠦᠷᠦ ᠶᠢᠨ | ᠪᠤᠳᠤᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠡᠮᠳᠡᠭᠳᠦ ᠴᠢᠨᠠᠷ ᠪᠠ ᠬᠤᠯᠪᠣᠯᠳᠤᠬᠤ | ᠴᠢᠨᠠᠷ ᠤᠨ ᠦᠢᠯᠡᠳᠦᠯ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠨ | ᠭᠤᠤᠯᠳᠠᠯᠭ᠎ᠠ ᠲᠠᠢ ᠰᠠᠶᠢᠳᠤᠷ ᠠᠳᠬᠤᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠨᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠦ᠂ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨᠨᠰᠠᠨ ᠡᠰᠡᠬᠦ ᠶᠢ ᠮᠦᠷᠳᠡᠵᠦ ᠬᠢᠨᠠᠨ ᠰᠢᠨᠵᠢᠬᠦ ᠪᠠ ᠦᠷ᠎ᠡ | ᠪᠦᠳᠦᠮᠵᠢ ᠶᠢ ᠨᠢ ᠦᠨᠡᠯᠡᠬᠦ ᠪᠠᠨ ᠦᠨᠡᠨ ᠬᠦ ᠴᠢᠩᠭᠠᠳᠬᠠᠨ᠂ ᠨᠢᠭᠡᠨᠲᠡ ᠨᠡᠶᠢᠳᠡᠯᠡᠭᠳᠡᠭᠰᠡᠨ ᠴᠢᠬᠤᠯᠠ ᠶᠡᠭᠡ | ᠥᠭᠡᠷᠡᠴᠢᠯᠡᠯᠲᠡ ᠪᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ | ᠲᠤᠬᠠᠢ ᠳᠤ ᠨᠢ ᠮᠦᠷᠳᠡᠬᠦ᠂ ᠴᠠᠭ ᠲᠤᠬᠠᠶ ᠳᠤ ᠨᠢ ᠪᠠᠶᠢᠴᠠᠭᠠᠬᠤ᠂ ᠴᠠᠭ ᠲᠤᠬᠠᠶ ᠳᠤ ᠨᠢ ᠦᠨᠡᠯᠡᠨ ᠵᠢᠱᠢᠵᠦ᠂ | ᠨᠡᠶᠢᠲᠡᠯᠢᠭ ᠲᠤᠷᠰᠢᠯᠭ᠎ᠠ ᠪᠠ ᠠᠷᠭ᠎ᠠ ᠬᠢᠳᠡᠯ ᠢ ᠢᠳᠡᠪᠬᠢᠳᠡᠢ ᠪᠠᠷ ᠳ᠋ᠦ᠋ᠶᠢᠩᠨᠡᠨ ᠳᠡᠯᠭᠡᠷᠡᠭᠦᠯᠬᠦ ᠬᠡᠷᠡᠭᠲᠡᠶ᠃ | ︵ᠭᠤᠷᠪᠠ︶ ᠪᠡᠯᠡ ᠣᠷᠣᠭᠤᠯᠤᠯᠲᠠ ᠶᠢ ᠨᠡᠮᠡᠭᠳᠡᠬᠦᠯᠦᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠨᠢ ᠮᠡᠷᠭᠡᠵᠢᠯ ᠢ ᠰᠢᠯᠵᠢᠭᠦᠯᠬᠦ ᠪᠠ ᠦᠷ᠎ᠡ ᠪᠦᠲᠦᠭᠡᠯ ᠢ ᠤᠯᠠᠷᠢᠭᠤᠯᠬᠤ ᠳᠤ ᠦᠵᠡᠬᠦᠯᠬᠦ | ᠡᠳ᠋ ᠤᠨ ᠵᠠᠰᠠᠭ ᠤᠨ ᠪᠡᠯᠡ ᠮᠦᠩᠬᠦᠨ ᠤ ᠭᠦᠳᠦᠯᠦᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠦ᠂ | ᠨᠥᠬᠦᠴᠡᠯ ᠲᠠᠢ ᠭᠠᠵᠠᠷ ᠣᠷᠣᠨ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ | ᠶᠣᠰᠣᠭᠠᠷ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ ᠪᠦᠳᠦᠬᠡᠨ ᠪᠠᠶᠢᠭᠤᠯᠬᠤ ᠲᠤᠰᠬᠠᠶ ᠵᠦᠢᠯ ᠤᠨ ᠪᠡᠯᠡ ᠮᠥᠩᠭᠦ ᠶᠢ | ᠲᠤᠬᠢᠷᠠᠭᠤᠯᠤᠨ᠂ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ ᠶᠢ ᠪᠤᠶᠢᠵᠢᠭᠤᠯᠬᠤ᠂ ᠮᠡᠳᠡᠭᠡ ᠵᠠᠩᠭᠢ ᠶᠢ ᠬᠠᠮᠳᠤ ᠳᠤ ᠪᠠᠨ | ᠭᠥᠷᠳᠡᠬᠦ ᠦᠢᠯᠡᠴᠢᠯᠡᠬᠡᠨ ᠤ ᠲᠠᠪᠴᠠᠩ ᠢ ᠪᠥᠲᠥᠭᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠦ᠂ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠬᠡᠳ ᠮᠥᠩᠭᠦᠨ ᠭᠦᠢᠯᠭᠡᠭᠡᠨ ᠤ ᠤᠶᠠᠯᠳᠤᠯ ᠢ ᠠᠬᠢᠭᠤᠯᠤᠨ᠂ ᠡᠳ᠋ ᠤᠨ | ᠵᠠᠰᠠᠭ ᠤᠨ ᠪᠡᠯᠡ ᠮᠥᠩᠭᠦ ᠬᠢᠭᠡᠳ ᠨᠡᠶᠢᠭᠡᠮ ᠤᠨ ᠬᠥᠷᠥᠩᠭᠡ ᠶᠢ ᠬᠠᠷᠢᠯᠴᠠᠨ ᠤᠶᠠᠯᠳᠤᠭᠤᠯᠤᠭᠰᠠᠨ ᠤᠯᠠᠨ | ᠡᠰᠢᠵᠢᠭᠰᠡᠨ ᠣᠷᠣᠭᠤᠯᠤᠯᠲᠠ ᠶᠢᠨ ᠪᠠᠶᠢᠷᠢᠰᠢᠯ ᠢ ᠪᠤᠢ ᠪᠤᠯᠭᠠᠬᠤ ᠬᠡᠷᠡᠭᠳᠡᠢ᠃ |