ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠢᠯᠡᠷᠬᠡᠶᠢᠯᠡᠯ ᠡᠯᠭᠦᠪᠡ
ᠨᠡᠶᠢᠲᠡᠯᠡᠭᠰᠡᠨ ᠴᠠᠭ᠄
2019/4/17
     4 ᠳ᠋ᠦ᠋ᠭᠡᠷ ᠰᠠᠷ᠎ᠠ ᠶᠢᠨ 14᠎ ᠤ ᠡᠳᠦᠷ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢᠨ ᠶᠠᠷᠢᠶᠠᠨ ᠤ ᠲᠠᠪᠴᠠᠩ ᠵᠢᠴᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠢᠯᠡᠷᠬᠡᠶᠢᠯᠡᠯ ᠰᠡᠬᠦᠬᠦ ᠶᠣᠰᠣᠯᠠᠯ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠠᠶᠢᠬᠠᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠳᠤ ᠶᠠᠪᠤᠭᠳᠠᠪᠠ᠃      ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠪᠣᠯ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠠᠪᠠᠭᠤᠯᠢᠭ ᠰᠢᠨᠵᠢᠯᠡᠭᠡᠨ ᠤ ᠰᠠᠯᠠᠭ᠎ᠠ ᠮᠥᠨ᠂ ᠰᠤᠷᠭᠠᠭᠤᠯᠢ ᠶᠢᠨ ᠬᠠᠮᠤᠭ ᠡᠷᠲᠡ ᠪᠠᠶᠢᠭᠤᠯᠤᠭᠰᠠᠨ ᠰᠢᠨᠵᠢᠯᠡᠭᠡᠨ ᠤ ᠰᠠᠯᠠᠭ᠎ᠠ ᠶᠢᠨ ᠨᠢᠭᠡ ᠮᠥᠨ᠂ ᠨᠢᠭᠡᠨᠲᠡ 60 ᠭᠠᠷᠤᠶ ᠵᠢᠯ ᠤᠨ ᠲᠡᠤᠬᠡ ᠲᠠᠢ ᠪᠣᠯᠵᠠᠶ᠃ ᠰᠢᠨ᠎ᠡ ᠪᠠᠷ ᠪᠠᠶᠢᠭᠤᠯᠤᠭᠳᠠᠭᠰᠠᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠨᠢ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠬᠡᠰᠡᠭ᠂ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ᠂ ᠰᠠᠭᠤᠷᠢ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠵᠢᠴᠢ ᠲᠢᠶᠠᠨ ᠵᠢᠶᠠ ᠪᠢᠩ ᠤᠨ ᠰᠤᠷᠭᠠᠨ ᠬᠥᠮᠦᠵᠢᠯ ᠤᠨ ᠪᠢᠴᠢᠭ ᠤᠨ ᠬᠦᠷᠢᠶᠡᠯᠡᠩ ᠢᠶᠠᠷ ᠨᠡᠶᠢᠯᠡᠵᠦ ᠪᠦᠲᠦᠪᠡ᠂ ᠳᠡᠭᠡᠳᠦ ᠰᠤᠷᠭᠠᠭᠤᠯᠢ ᠨᠢ ᠳᠣᠣᠷ᠎ᠠ ᠪᠠᠨ ᠰᠤᠷᠭᠠᠨ ᠬᠥᠮᠦᠵᠢᠯ ᠤᠨ ᠤᠬᠠᠭᠠᠨ ᠤ ᠰᠠᠯᠪᠤᠷᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠪᠠ ᠣᠨᠴᠠᠭᠠᠢ ᠰᠤᠷᠭᠠᠨ ᠬᠥᠮᠦᠵᠢᠯ ᠤᠨ ᠰᠠᠯᠪᠤᠷᠢ᠂ ᠣᠯᠠᠨ ᠨᠡᠶᠢᠲᠡ ᠶᠢᠨ ᠠᠵᠢᠯ ᠦᠢᠯᠡᠰ ᠤᠨ ᠬᠠᠮᠢᠶᠠᠷᠤᠯᠲᠠ ᠶᠢᠨ ᠰᠠᠯᠪᠤᠷᠢ᠂ ᠰᠤᠷᠭᠠᠨ ᠬᠥᠮᠦᠵᠢᠯ ᠤᠨ ᠮᠡᠷᠭᠡᠵᠢᠯ ᠤᠨ ᠰᠠᠯᠪᠤᠷᠢ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠠᠯᠪᠤᠷᠢ ᠵᠡᠷᠭᠡ 5 ᠰᠠᠯᠪᠤᠷᠢ ᠲᠣᠬᠢᠷᠠᠭᠤᠯᠪᠠ᠃ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢ ᠪᠠᠶᠢᠭᠤᠯᠤᠭᠰᠠᠨ ᠎ ᠨᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠣᠬᠢᠶᠠᠨ ᠪᠠᠶᠢᠭᠤᠯᠤᠯᠲᠠ ᠶᠢᠨ ᠳᠠᠪᠬᠤᠷᠭ᠎ᠠ ᠠᠴᠠ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠵᠠᠶᠢᠯᠠᠰᠢ ᠥᠬᠡᠶ ᠰᠣᠩᠭᠤᠯᠲᠠ ᠪᠣᠯᠬᠤ ᠮᠥᠷᠲᠡᠭᠡᠨ ᠪᠠᠰᠠ ᠲᠤᠰ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠎ ᠨᠢ ᠲᠡᠷᠢᠭᠦᠨ ᠤ ᠰᠢᠨᠵᠢᠯᠡᠭᠡᠨ ᠤ ᠰᠠᠯᠠᠭ᠎ᠠ ᠲᠡᠰᠢ ᠬᠥᠭᠵᠢᠬᠦ ᠶᠢᠨ ᠪᠤᠰᠤᠳᠴᠢ ᠬᠡᠷᠡᠭᠴᠡᠭᠡ ᠪᠣᠯᠤᠨ᠎ᠠ᠃ ᠣᠶᠢᠯᠠᠭᠠᠭᠰᠠᠨ ᠢᠶᠠᠷ᠂ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠤ ᠳᠠᠷᠠᠭ᠎ᠠ᠂ ᠰᠤᠷᠭᠠᠨ ᠬᠥᠮᠦᠵᠢᠯ ᠤᠨ ᠦᠵᠡᠯ ᠰᠠᠨᠠᠭ᠎ᠠ᠂ ᠰᠤᠷᠭᠠᠨ ᠬᠥᠮᠦᠵᠢᠯ ᠤᠨ ᠵᠠᠭᠪᠤᠷ ᠪᠣᠯᠣᠨ ᠰᠤᠷᠭᠠᠨ ᠬᠥᠮᠦᠵᠢᠯ ᠤᠨ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠤᠷᠭᠠᠨ ᠬᠥᠮᠦᠵᠢᠯ ᠤᠨ ᠤᠬᠠᠭᠠᠨ ᠤ ᠰᠢᠨᠵᠢᠯᠡᠭᠡᠨ ᠤ ᠰᠠᠯᠠᠭ᠎ᠠ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠤᠨ᠂ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢᠨ ᠰᠢᠨ᠎ᠡ ᠬᠥᠳᠡᠯᠦᠯ ᠪᠠᠶᠢᠳᠠᠯ ᠪᠣᠯᠣᠨ ᠰᠢᠨ᠎ᠡ ᠠᠬᠢᠴᠠ ᠶᠢ ᠵᠠᠳᠠᠯᠵᠤ᠂ ᠰᠢᠨᠵᠢᠯᠡᠭᠡᠨ ᠤ ᠰᠠᠯᠠᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠰᠢᠨᠵᠢᠯᠡᠭᠡᠨ ᠤ ᠰᠠᠯᠠᠭ᠎ᠠ ᠶᠢᠨ ᠳᠠᠪᠠᠭᠤᠯᠢᠭ ᠢ ᠳᠣᠪᠤᠶᠢᠯᠭᠠᠵᠤ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠣᠯᠣᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠵᠤ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠴᠢᠳᠠᠪᠤᠷᠢᠲᠠᠨ ᠢ ᠬᠥᠮᠦᠵᠢᠭᠦᠯᠬᠦ᠂ ᠨᠡᠶᠢᠭᠡᠮ ᠤᠨ ᠦᠶᠯᠡᠴᠢᠯᠡᠭᠡ ᠵᠡᠷᠭᠡ ᠲᠠᠯ᠎ᠠ ᠪᠠᠷ ᠨᠠᠩ ᠶᠡᠭᠡ ᠠᠮᠵᠢᠯᠲᠠ ᠣᠯᠬᠤ ᠪᠣᠯᠣᠨ᠎ᠠ᠃      ᠡᠭᠦᠨ ᠠᠴᠠ ᠭᠠᠳᠠᠨ᠎ᠠ᠂ ᠶᠣᠰᠣᠯᠠᠯ ᠳᠡᠭᠡᠷ᠎ᠡ ᠪᠡᠭᠡᠵᠢᠩ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠶᠠᠨ ᠹᠧᠩ ᠴᠢᠶᠣᠤ ᠪᠣᠯᠤᠨ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠤᠬᠠᠭᠠᠨ ᠤ ᠬᠡᠯᠲᠡᠰ ᠤᠨ ᠳᠡᠳ᠋ ᠳᠠᠷᠤᠭ᠎ᠠ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠯᠢ ᠮᠠᠩ ᠵᠡᠷᠭᠡ 7 ᠫᠷᠣᠹᠧᠰᠰᠣᠷ ᠢ ᠳᠡᠭᠡᠳᠦ ᠰᠤᠷᠭᠠᠭᠤᠯᠢ ᠶᠢᠨ ᠬᠠᠪᠰᠤᠷᠭᠠᠭᠰᠠᠨ ᠲᠤᠰᠢᠶᠠᠯᠲᠤ ᠫᠷᠤᠹᠧᠰᠰᠤᠷ ᠢᠶᠠᠷ ᠤᠷᠢᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号