ᠥᠪᠥᠷ ᠮᠣᠩᠭᠤᠯ ᠤᠨ 32 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠠᠳᠠᠭᠤ ᠶᠢ ᠲᠡᠳᠬᠦᠬᠦ 59 ᠲᠥᠷᠥᠯ ᠵᠦᠶᠯ ᠢ ᠳᠠᠭᠠᠭᠠᠨ ᠠᠪᠤᠪᠠ
ᠨᠡᠶᠢᠲᠡᠯᠡᠭᠰᠡᠨ ᠴᠠᠭ᠄
2019/4/18
     4 ᠳ᠋ᠦ᠋ᠭᠡᠷ ᠰᠠᠷ᠎ᠠ ᠶᠢᠨ 15᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠶᠯᠡᠴᠢᠯᠡᠭᠡᠨ ᠤ ᠲᠥᠪ ᠠᠴᠠ ᠡᠷᠭᠢᠯᠡᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠣᠭᠤᠳᠬᠤ ᠪᠠ ᠳᠠᠶᠢᠴᠢᠯᠠᠬᠤ ᠪᠠᠷ ᠳᠠᠮᠵᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠥᠪᠳᠡᠯᠴᠡᠨ ᠵᠣᠯᠭᠠᠯᠳᠤᠭᠤᠯᠬᠤ ᠬᠤᠷᠠᠯ ᠬᠦᠬᠡᠬᠤᠲᠠ ᠳᠤ ᠬᠤᠷᠠᠯᠳᠤᠵᠤ᠂ ᠪᠥᠬᠦ ᠣᠷᠣᠨ ᠤ ᠴᠢᠨᠠᠷᠲᠠᠶ 32 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠠᠳᠠᠭᠤ ᠶᠢ ᠲᠡᠳᠬᠦᠬᠦ ᠲᠥᠷᠥᠯ ᠵᠦᠶᠯ ᠢ ᠢᠳᠡᠪᠬᠢᠲᠡᠶ ᠪᠠᠷ ᠳᠠᠭᠠᠭᠠᠨ ᠠᠪᠴᠤ᠂ 89 ᠬᠠᠪᠰᠤᠷᠤᠨ ᠲᠡᠳᠬᠦᠬᠦ ᠰᠠᠨᠠᠮᠵᠢ ᠲᠣᠬᠢᠷᠠᠯᠴᠠᠵᠤ᠂ 59 ᠬᠠᠪᠰᠤᠷᠤᠨ ᠲᠡᠳᠬᠦᠬᠦ ᠲᠥᠷᠥᠯ ᠵᠦᠶᠯ ᠳᠤ ᠭᠠᠷ ᠤᠨ ᠥᠰᠥᠭ ᠵᠢᠷᠤᠵᠤ᠂ ᠨᠡᠶᠢᠲᠡ 204 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠣᠷᠣᠭᠤᠯᠪᠠ᠃      ᠵᠥᠪᠳᠡᠯᠴᠡᠨ ᠶᠠᠷᠢᠯᠴᠠᠬᠤ ᠬᠤᠷᠠᠯ ᠳᠡᠭᠡᠷ᠎ᠡ᠂ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠣᠷᠣᠯᠴᠠᠭᠰᠠᠨ ᠲᠤᠷᠰᠢᠯᠭ᠎ᠠ ᠪᠠᠨ ᠬᠤᠪᠢᠶᠠᠯᠴᠠᠵᠤ᠂ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠬᠠᠷᠢᠭᠤ ᠮᠡᠳᠡᠭᠦᠯᠵᠡᠢ᠃ ᠲᠤᠷᠰᠢᠯᠭ᠎ᠠ ᠪᠠᠨ ᠭᠦᠶᠴᠡᠳ ᠰᠣᠯᠢᠯᠴᠠᠭᠰᠠᠨ ᠤ ᠳᠠᠷᠠᠭ᠎ᠠ᠂ ᠮᠠᠨ ᠤ ᠣᠷᠣᠨ ᠤ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠬᠠᠷᠢᠭᠤᠴᠠᠯᠭᠠᠲᠠᠨ ᠡᠭᠡᠯᠵᠢᠯᠡᠨ ᠲᠠᠶᠢᠰᠠᠨ ᠳᠤ ᠭᠠᠷᠴᠤ᠂ ᠶᠠᠳᠠᠭᠤ ᠶᠢ ᠲᠡᠳᠬᠦᠬᠦ ᠲᠥᠷᠥᠯ ᠵᠦᠶᠯ ᠢᠶᠠᠨ ᠲᠠᠨᠢᠯᠴᠠᠭᠤᠯᠪᠠ᠂ ᠲᠥᠷᠥᠯ ᠵᠦᠶᠯ ᠨᠢ ᠭᠤᠤᠯᠳᠠᠭᠤ ᠦᠶᠯᠡᠳᠪᠦᠷᠢᠯᠡᠯ ᠪᠣᠷᠣᠯᠠᠭᠤᠯᠭ᠎ᠠ ᠶᠢ ᠬᠠᠪᠰᠤᠷᠤᠨ ᠲᠡᠳᠬᠦᠬᠦ᠂ ᠡᠮ ᠡᠮᠨᠡᠯᠭᠡ ᠪᠠᠷ ᠬᠠᠪᠰᠤᠷᠤᠨ ᠲᠡᠳᠬᠦᠬᠦ᠂ ᠮᠡᠷᠭᠡᠵᠢᠯ ᠢᠶᠠᠷ ᠬᠠᠪᠰᠤᠷᠤᠨ ᠲᠡᠳᠬᠦᠬᠦ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢᠨ ᠲᠣᠭᠤᠷᠢᠨ ᠳᠤ ᠪᠠᠭᠲᠠᠵᠤ᠂ 32 ᠨᠡᠶᠢᠭᠡᠮ ᠤᠨ ᠵᠣᠬᠢᠶᠠᠨ ᠪᠠᠶᠢᠭᠤᠯᠤᠯᠲᠠ ᠢᠳᠡᠪᠬᠢᠲᠡᠶ ᠪᠠᠷ ᠫᠠᠶᠢᠰᠠ ᠡᠷᠭᠦᠵᠦ᠂ ᠲᠥᠷᠥᠯ ᠵᠦᠶᠯ ᠤᠨ ᠪᠣᠳᠠᠲᠠᠶ ᠪᠠᠶᠢᠳᠠᠯ ᠢ ᠨᠢ ᠦᠨᠳᠦᠰᠦᠯᠡᠨ ᠳᠠᠭᠠᠭᠠᠵᠤ ᠠᠪᠤᠭᠰᠠᠨ ᠪᠠᠶᠢᠨ᠎ᠠ᠃      ᠣᠷᠴᠣᠨ ᠬᠤᠰᠢᠭᠤ ᠦᠶᠯᠡᠳᠪᠦᠷᠢᠯᠡᠯ ᠪᠣᠷᠣᠯᠠᠭᠤᠯᠤᠯᠲᠠ ᠶᠢ ᠬᠠᠪᠰᠤᠷᠤᠨ ᠲᠡᠳᠬᠦᠬᠦ ᠲᠥᠷᠥᠯ ᠵᠦᠶᠯ ᠢ ᠳᠤᠷᠠᠳᠴᠤ᠂ ᠲᠤᠬᠠᠶ ᠶᠢᠨ ᠭᠠᠵᠠᠷ ᠤᠨ 3 ᠲᠦᠮᠡᠨ ᠵᠢᠩ ᠬᠠᠷ᠎ᠠ ᠳᠡᠯᠳᠡᠦ ᠶᠢᠨ ᠪᠣᠷᠣᠯᠠᠭᠤᠯᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠪᠠᠷ ᠳᠤᠷᠠᠳᠤᠭᠰᠠᠨ ᠳᠤ᠂ ᠥᠪᠥᠷ ᠮᠣᠩᠭᠤᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠠᠬᠢᠭᠤᠯᠬᠤ ᠬᠤᠷᠠᠯ ᠤᠨ ᠬᠠᠷᠢᠭᠤᠴᠠᠯᠭᠠᠲᠠᠨ ᠫᠠᠶᠢᠰᠠ ᠡᠷᠭᠦᠨ ᠳᠠᠭᠠᠭᠠᠨ ᠠᠪᠴᠤ᠂ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠳᠠᠮᠵᠢᠭᠤᠯᠤᠨ ᠲᠠᠷᠢᠶᠠᠴᠢᠨ ᠡᠷᠦᠬᠡ ᠶᠢ ᠬᠠᠪᠰᠤᠷᠤᠨ ᠪᠣᠷᠣᠯᠠᠭᠤᠯᠵᠦ ᠥᠭᠬᠦ ᠪᠠᠷ ᠠᠮᠠᠯᠠᠵᠠᠶ᠃ ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠠᠴᠠ ᠢᠷᠡᠭᠰᠡᠨ ᠨᠢᠭᠡ ᠶᠠᠳᠠᠭᠤ ᠬᠦᠴᠢᠷᠳᠡᠯᠲᠡᠢ ᠬᠥᠮᠥᠨ 31 ᠨᠠᠰᠤᠲᠠᠢ ᠳᠤ ᠪᠠᠨ ᠠᠭᠤᠰᠬᠢᠨ ᠥᠮᠡᠨ ᠳᠤ ᠨᠡᠷᠪᠡᠭᠳᠡᠵᠡᠢ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠥᠪᠥᠷ ᠮᠣᠩᠭᠤᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠨᠡᠶᠢᠭᠡᠮᠯᠢᠭ᠂ ᠥᠪᠥᠷ ᠮᠣᠩᠭᠤᠯ ᠤᠨ ᠪᠠᠷᠢᠯᠭ᠎ᠠ ᠶᠢᠨ ᠳᠡᠯᠪᠡᠴᠢᠯᠲᠡ ᠶᠢᠨ ᠨᠡᠶᠢᠭᠡᠮᠯᠢᠭ ᠵᠡᠷᠭᠡ 3 ᠨᠡᠶᠢᠭᠡᠮ ᠤᠨ ᠵᠣᠬᠢᠶᠠᠨ ᠪᠠᠶᠢᠭᠤᠯᠤᠯᠲᠠ ᠬᠠᠮᠲᠤᠷᠠᠨ ᠲᠡᠭᠦᠨ ᠳᠤ ᠡᠮ ᠡᠮᠨᠡᠯᠭᠡ ᠶᠢᠨ ᠪᠡᠯᠡ ᠮᠦᠩᠭᠦᠨ ᠤ ᠬᠠᠪᠰᠤᠷᠤᠮᠵᠢ ᠦᠵᠡᠭᠦᠯᠬᠦ ᠪᠠᠷ ᠪᠣᠯᠪᠠ᠃ ᠡᠭᠦᠨ ᠠᠴᠠ ᠭᠠᠳᠠᠨ᠎ᠠ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠭᠡᠷ ᠲᠤ ᠪᠠᠨ ᠬᠤᠴᠣᠷᠤᠭᠰᠠᠨ ᠬᠡᠤᠬᠡᠳ᠂ ᠶᠠᠳᠠᠭᠤ ᠬᠦᠴᠢᠷᠳᠡᠯᠲᠡᠶ ᠰᠤᠷᠤᠭᠴᠢ ᠳᠤ ᠴᠢᠭᠯᠡᠭᠦᠯᠦᠨ᠂ ᠨᠡᠶᠢᠭᠡᠮ ᠤᠨ ᠡᠯ᠎ᠡ ᠵᠣᠬᠢᠶᠠᠨ ᠪᠠᠶᠢᠭᠤᠯᠤᠯᠲᠠ ᠢᠳᠡᠪᠬᠢᠲᠡᠢ ᠪᠠᠷ ᠪᠠᠯᠠ ᠮᠥᠩᠭᠦ ᠪᠠᠷ ᠬᠠᠪᠰᠤᠷᠤᠨ ᠲᠡᠳᠬᠦᠬᠦ᠂ ᠡᠳ᠋ ᠪᠣᠳᠠᠰ ᠢᠶᠠᠷ ᠳᠡᠮᠵᠢᠬᠦ ᠪᠠ ᠰᠡᠳᠬᠢᠴᠡ ᠶᠢᠨ ᠵᠥᠪᠯᠡᠯᠭᠡ ᠣᠯᠭᠤᠬᠤ ᠪᠠᠷ ᠪᠣᠯᠪᠠ᠃ ᠪᠡᠶ᠎ᠡ ᠮᠠᠬᠠᠪᠣᠳ ᠨᠢ ᠡᠷᠡᠭᠦᠯ ᠴᠢᠭᠢᠷᠠᠭ ᠶᠠᠳᠠᠭᠤ ᠬᠦᠴᠢᠷᠳᠡᠯᠲᠡᠶ ᠡᠷᠦᠬᠡ ᠶᠢ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠪᠠᠷ ᠪᠣᠯᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号