ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠤᠯ ᠳᠤᠭᠤᠶᠢᠯᠠᠩ 2019 ᠤᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠠᠢ ᠪᠦ᠋ ᠰᠢᠶᠤᠤ ᠯᠢᠨ ᠰᠤᠷᠤᠯᠴᠠᠯᠭ᠎ᠠ ᠶᠢ ᠡᠷᠬᠢᠯᠡᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2019/4/18
     4 ᠳ᠋ᠦ᠋ᠭᠡᠷ ᠰᠠᠷ᠎ᠠ ᠶᠢᠨ 17᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠤᠯ ᠳᠤᠭᠤᠶᠢᠯᠠᠩ 2019 ᠤᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠭᠤᠷᠢᠨ ᠳᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠦᠭᠦᠯᠡᠯᠲᠡ ᠶᠢ ᠭᠦᠨᠵᠡᠭᠡᠢ ᠰᠤᠷᠤᠯᠴᠠᠵᠤ᠂ ︽ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠰᠠᠨᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾ ᠵᠡᠷᠭᠡ ᠨᠠᠮ ᠤᠨ ᠲᠦᠪ ᠬᠤᠷᠢᠶᠠᠨ ᠤ ᠤᠶᠢᠷ᠎ᠠ ᠳᠤ ᠭᠠᠷᠭᠠᠬᠰᠠᠨ ᠬᠠᠮᠢᠶ᠎ᠠ ᠪᠦᠬᠦᠢ ᠨᠠᠮ ᠤᠨ ᠳᠤᠲᠤᠭᠠᠳᠤ ᠶᠢᠨ ᠬᠠᠤᠯᠢ ᠲᠤᠬᠲᠠᠭᠠᠯ ᠢ ᠤᠯᠠᠮᠵᠢᠯᠠᠨ ᠰᠤᠷᠤᠯᠴᠠᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠵᠤ ᠶᠠᠷᠢᠶ᠎ᠠ ᠲᠠᠯᠪᠢᠵᠠᠢ᠃      ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠪᠤᠯ ᠨᠠᠮ ᠤᠨ ᠦᠨᠳᠦᠰᠦᠨ ᠴᠢᠨᠠᠷᠳᠠᠢ ᠪᠠᠶᠢᠭᠤᠯᠤᠯᠲᠠ ᠪᠤᠯᠤᠨ᠎ᠠ᠂ ︽ᠰᠠᠨᠠᠯ︾᠎ ᠤᠨ ᠱᠠᠭᠠᠷᠳᠠᠯᠭ᠎ᠠ ᠪᠤᠯᠤᠨ ︽ᠳᠦᠷᠢᠮ︾᠎ ᠤᠨ ᠲᠤᠬᠲᠠᠭᠠᠯ ᠢ ᠦᠨᠳᠦᠰᠦᠯᠡᠨ ᠤᠯᠤᠰ ᠲᠦᠷᠦ ᠶᠢᠨ ᠪᠠᠶᠢᠭᠤᠯᠤᠯᠲᠠ ᠶᠢᠨ ᠠᠵᠢᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠢᠮᠠᠬᠲᠠ ᠤᠯᠤᠰ ᠲᠦᠷᠦ ᠶᠢᠨ ᠵᠤᠬᠰᠤᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠤᠨ ᠲᠠᠯ᠎ᠠ ᠪᠠᠷ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠲᠦᠯᠲᠡᠢ ᠪᠠᠶᠢᠬᠤ ᠬᠡᠷᠡᠭᠲᠡᠢ᠃ ᠴᠢᠭᠯᠡᠯ ᠢ ᠡᠵᠡᠮᠳᠡᠬᠦ᠂ ᠶᠡᠭᠡ ᠬᠠᠨᠳᠤᠰᠢ ᠪᠠᠶᠢᠳᠠᠯ ᠢ ᠡᠵᠡᠮᠳᠡᠬᠦ᠂ ᠪᠦᠬᠦ ᠲᠠᠯ᠎ᠠ ᠶᠢ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠵᠦᠪ ᠪᠤᠷᠤᠭᠤ ᠶᠢ ᠢᠯᠭᠠᠨ ᠲᠠᠨᠢᠬᠤ᠂ ᠤᠯᠤᠰ ᠲᠦᠷᠦ ᠶᠢᠨ ᠲᠤᠬᠲᠠᠯ ᠬᠦᠴᠦᠨ ᠢ ᠪᠠᠳᠤᠯᠠᠬᠤ᠂ ᠤᠯᠤᠰ ᠲᠦᠷᠦ ᠶᠢᠨ ᠪᠠᠶᠢᠳᠠᠯ ᠢ ᠡᠷᠬᠡᠰᠢᠶᠡᠬᠦ᠂ ᠤᠯᠤᠰ ᠲᠦᠷᠦ ᠶᠢᠨ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ ᠭᠡᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠪᠦᠷᠢᠯᠳᠦᠭᠦᠨ ︽ᠨᠢᠭᠡ ᠠᠵᠢᠯ ᠤᠨ ᠪᠠᠶᠢᠷᠢ ᠳᠤ ᠬᠤᠶᠠᠷ ᠵᠦᠢᠯ ᠤᠨ ᠬᠠᠷᠢᠭᠤᠴᠠᠯᠭ᠎ᠠ ᠲᠠᠢ ᠪᠠᠶᠢᠬᠤ︾᠎ ᠶᠢ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠦᠬᠦᠢ ᠰᠠᠯᠠᠭ᠎ᠠ ᠮᠦᠴᠢᠷ ᠪᠤᠯᠤᠨ ᠬᠦᠷᠢᠶᠡᠨ ᠤ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠨ᠂ ᠡᠯ᠎ᠠ ᠵᠦᠢᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠤᠯᠤᠨ ᠲᠤᠬᠠᠶᠢᠯᠠᠬᠰᠠᠨ ᠠᠵᠢᠯ ᠢ ᠨᠢᠬᠲᠠ ᠤᠶᠠᠯᠳᠤᠭᠤᠯᠵᠤ ᠬᠠᠷᠢᠯᠴᠠᠨ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ ᠤᠨᠤᠯ ᠤᠨ ᠰᠤᠷᠤᠯᠴᠠᠯᠭ᠎ᠠ ᠪᠤᠯᠤᠨ ᠦᠵᠡᠯ ᠰᠠᠨᠠᠭ᠎ᠠ ᠪᠠᠨ ᠵᠡᠪᠰᠡᠭᠯᠡᠬᠦ ᠶᠢ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠂ ᠬᠤᠷᠠᠯ ᠪᠠ ᠪᠢᠴᠢᠭ ᠮᠠᠲ᠋ᠧᠷᠢᠶᠠᠯ ᠤᠨ ᠶᠠᠰᠤ ᠴᠢᠨᠠᠷ ᠦᠷ᠎ᠠ ᠪᠦᠲᠦᠮᠵᠢ ᠶᠢ ᠴᠢᠨᠠᠬᠰᠢᠲᠠ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠪᠦᠲᠦᠮᠵᠢᠲᠡᠢ ᠪᠠᠷ ᠬᠦᠡᠭᠭᠡᠷᠡᠭᠦᠯᠵᠤ᠂ ᠦᠨᠳᠦᠰᠦᠨ ᠱᠠᠲᠤᠨ ᠤ ᠬᠢᠨ ᠢ ᠨᠡᠩ ᠤᠯᠠᠨ ᠴᠠᠭ᠂ ᠨᠡᠩ ᠶᠡᠭᠡ ᠤᠶᠤᠨ ᠴᠢᠳᠠᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠳᠤᠯᠠᠬᠤ ᠬᠡᠷᠡᠭᠲᠡᠢ ᠭᠡᠪᠠ᠃      ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠪᠤᠯᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠰᠤᠷᠤᠯᠴᠠᠯᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号