ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠢᠨ ︽ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠥᠷᠢ ᠶᠢᠨ ᠭᠠᠷᠴᠠᠭ ᠢ ᠨᠡᠶᠢᠲᠡᠯᠡᠬᠦ ᠲᠤᠬᠠᠢ ᠮᠡᠳᠡᠭᠳᠡᠯ︾ ᠢ ᠪᠠᠭᠤᠯᠭᠠᠵᠤ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠠᠵᠢᠯ | ᠮᠡᠷᠭᠡᠵᠢᠯ ᠤᠨ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ︾ ᠢ ᠨᠡᠶᠢᠲᠡᠯᠡᠵᠦ᠂ ᠡᠨᠧᠷᠭᠢ᠂ | ᠬᠢᠮᠢ ᠶᠢᠨ ᠠᠵᠤ ᠦᠶᠯᠡᠳᠪᠦᠷᠢ᠂ ᠲᠣᠮᠣ ᠳ᠋ᠠᠶᠢᠲ᠋ᠠ ᠶᠢᠨ ᠡᠭᠦᠯᠡᠨ ᠪᠤᠳᠤᠯᠲᠠ ᠪᠠ ᠦᠨᠳᠦᠰᠦᠲᠡᠨ ᠤ ᠬᠤᠪᠴᠠᠰᠤ | ᠬᠤᠨᠠᠷ ᠵᠢᠴᠢ ᠵᠠᠰᠠᠯ ᠴᠢᠮᠡᠭᠯᠡᠯ ᠦᠶᠯᠡᠳᠬᠦ ᠵᠡᠷᠭᠡ ᠥᠪᠡᠷᠲᠡᠭᠡᠨ ᠵᠠᠰᠠᠬᠤ ᠣᠷᠣᠨ ᠤ 217 ᠭᠤᠤᠯᠳᠠᠯᠭ᠎ᠠ ᠲᠠᠢ ᠠᠵᠤ | ᠦᠶᠯᠡᠰ ᠪᠠ ᠦᠨᠳᠦᠰᠦᠲᠡᠨ ᠤ ᠣᠨᠴᠠᠯᠢᠭᠲᠤ ᠠᠵᠤ ᠦᠢᠯᠡᠰ ᠤᠨ ᠠᠵᠢᠯ ᠲᠥᠷᠥᠯ ᠢ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠥᠷᠢ ᠶᠢᠨ ᠭᠠᠷᠴᠠᠭ ᠲᠤ ᠣᠷᠣᠭᠤᠯᠪᠠ᠃ | ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ ᠳᠤ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠥᠷᠢ ᠥᠭᠬᠦ ᠠᠵᠢᠯ ᠲᠥᠷᠥᠯ ᠨᠢ ᠴᠥᠮ ︽ᠠᠵᠢᠯ ᠮᠡᠷᠭᠡᠵᠢᠯ ᠤᠨ | ᠲᠥᠷᠥᠯ ᠬᠤᠪᠢᠶᠠᠭᠰᠠᠨ ᠲᠣᠮᠤ ᠲᠣᠯᠢ︾ ᠶᠢᠨ ᠭᠠᠷᠴᠠᠭ ᠲᠤ ᠪᠠᠭᠳᠠᠭᠠᠭᠰᠠᠨ ᠪᠠᠶᠢᠪᠠ᠂ ᠡᠨᠡ ᠤᠳᠠᠭ᠎ᠠ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠠᠵᠢᠯ ᠲᠥᠷᠥᠯ ᠢ | ᠪᠣᠯᠪᠠᠰᠤᠷᠠᠭᠤᠯᠤᠯ ᠤᠨ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠤᠭᠰᠠᠨ ᠪᠥᠭᠡᠳ ᠡᠯ᠎ᠡ ᠠᠶᠢᠮᠠᠭ ᠬᠤᠲᠠ ᠨᠢ | ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠤᠤᠯᠳᠠᠯᠭ᠎ᠠ ᠲᠠᠢ ᠠᠵᠤ ᠦᠢᠯᠡᠰ ᠤᠨ ᠬᠡᠷᠡᠭᠴᠡᠭᠡ | ᠱᠠᠭᠠᠷᠳᠠᠯᠭ᠎ᠠ ᠶᠢᠨ ᠭᠠᠷᠴᠠᠭ ᠲᠤ ᠲᠣᠬᠢᠷᠠᠭᠤᠯᠤᠯᠲᠠ ᠬᠢᠬᠦ ᠪᠠ ᠨᠥᠬᠦᠪᠥᠷᠢ ᠬᠢᠬᠦ ᠪᠣᠯᠤᠨ᠎ᠠ ᠭᠡᠵᠦ ᠲᠣᠭᠳᠠᠭᠠᠪᠠ᠂ ᠡᠨᠡ | ᠨᠢ ᠡᠳᠦᠷ ᠲᠣᠲᠤᠮ ᠤᠨ ᠪᠣᠯᠪᠠᠰᠤᠷᠠᠭᠤᠯᠤᠯ ᠢᠶᠠᠷ ᠪᠦᠬᠦ ᠠᠵᠢᠯ ᠲᠥᠷᠥᠯ ᠢ ᠦᠨᠳᠦᠰᠦᠨ ᠳᠤ ᠪᠠᠨ ᠬᠠᠮᠤᠷᠬᠤ | ᠪᠣᠯᠭᠠᠵᠤ᠂ ᠨᠠᠩ ᠣᠯᠠᠨ ᠬᠡᠷᠡᠭᠴᠡᠭᠡ ᠱᠠᠭᠠᠷᠳᠠᠯᠭ᠎ᠠ ᠲᠠᠢ ᠬᠥᠮᠦᠰ ᠲᠤ ᠠᠰᠢᠭ ᠬᠦᠷᠲᠡᠭᠡᠬᠦ ᠪᠣᠯᠤᠨ᠎ᠠ᠃ | ᠡᠭᠦᠨ ᠤ ᠵᠡᠷᠭᠡ ᠳᠤ᠂ ᠮᠡᠳᠡᠭᠳᠡᠯ ᠨᠢ ᠪᠠᠰᠠ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ | ᠪᠣᠯᠪᠠᠰᠤᠷᠠᠭᠤᠯᠤᠯ ᠤᠨ ᠨᠥᠬᠦᠪᠥᠷᠢ ᠶᠢᠨ ᠪᠠᠷᠢᠮᠵᠢᠶ᠎ᠠ ᠪᠠ ᠪᠣᠯᠪᠠᠰᠤᠷᠠᠭᠤᠯᠤᠯ ᠤᠨ ᠬᠢᠴᠢᠶᠡᠯ ᠤᠨ ᠴᠠᠭ ᠲᠤ | ᠲᠣᠬᠢᠷᠠᠭᠤᠯᠤᠯᠲᠠ ᠬᠢᠪᠡ᠃ ︽ᠠᠵᠢᠯ ᠮᠡᠷᠭᠡᠵᠢᠯ ᠤᠨ ᠲᠥᠷᠥᠯ ᠬᠤᠪᠢᠶᠠᠭᠰᠠᠨ ᠲᠣᠮᠤ ᠲᠣᠯᠢ︾ ᠳᠤ ᠭᠠᠷᠭᠠᠭᠰᠠᠨ | ᠤᠷ᠎ᠠ ᠴᠢᠳᠠᠪᠤᠷᠢ ᠶᠢᠨ ᠲᠥᠷᠥᠯ ᠤᠨ ᠠᠵᠢᠯ ᠲᠥᠷᠥᠯ ᠵᠢᠴᠢ ᠤᠯᠤᠰ ᠠᠴᠠ ᠨᠡᠶᠢᠲᠡᠯᠡᠭᠰᠡᠨ ᠰᠢᠨ᠎ᠡ ᠠᠵᠢᠯ ᠲᠥᠷᠥᠯ | ᠨᠢ ᠴᠦᠮ ᠵᠠᠰᠠᠭ ᠤᠨ ᠣᠷᠳᠣᠨ ᠤ ᠨᠥᠬᠦᠪᠥᠷᠢ ᠥᠭᠬᠦ ᠪᠣᠯᠪᠠᠰᠤᠷᠠᠭᠤᠯᠤᠯ ᠤᠨ ᠬᠦᠷᠢᠶ᠎ᠡ ᠬᠡᠪᠴᠢᠶᠡᠨ ᠳᠤ | ᠪᠠᠭᠳᠠᠭᠳᠠᠵᠤ᠂ ᠨᠥᠬᠦᠪᠥᠷᠢ ᠥᠭᠬᠦ ᠪᠠᠷᠢᠮᠵᠢᠶ᠎ᠠ ᠶᠢ ᠬᠤᠪᠢᠷᠠᠭᠤᠯᠬᠤ ᠦᠭᠡᠢ᠃ | ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠲᠠᠬᠢ ᠠᠵᠢᠯ ᠲᠥᠷᠥᠯ ᠤᠨ ᠪᠣᠯᠪᠠᠰᠤᠷᠠᠭᠤᠯᠤᠯ | ᠥᠷᠨᠢᠭᠦᠯᠵᠦ᠂ ᠪᠣᠯᠪᠠᠰᠤᠷᠠᠭᠤᠯᠤᠯ ᠤᠨ ᠨᠥᠬᠦᠪᠥᠷᠢ ᠥᠭᠬᠦ ᠪᠠᠷᠢᠮᠵᠢᠶ᠎ᠠ ᠶᠢ 20 % ᠳᠡᠭᠡᠭᠰᠢᠯᠡᠭᠦᠯᠵᠦ᠂ ᠠᠵᠢᠯ | ᠮᠡᠷᠭᠡᠵᠢᠯ ᠤᠨ ᠮᠡᠷᠭᠡᠵᠢᠯ ᠴᠢᠳᠠᠪᠤᠷᠢ ᠶᠢ ᠬᠢᠨᠠᠨ ᠲᠣᠭᠲᠠᠭᠠᠬᠤ ᠨᠥᠬᠦᠪᠥᠷᠢ ᠥᠭᠬᠦ ᠪᠠᠷᠢᠮᠵᠢᠶ᠎ᠠ ᠶᠢ 10 % | ᠳᠡᠭᠡᠭᠰᠢᠯᠡᠭᠦᠯᠵᠦ ᠪᠣᠯᠤᠨ᠎ᠠ᠃ ᠮᠡᠳᠡᠭᠳᠡᠯ ᠳᠤ ᠨᠡᠶᠢᠲᠡᠯᠡᠭᠰᠡᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯ | ᠣᠯᠭᠤᠯᠲᠠ ᠶᠢᠨ ᠤᠷ᠎ᠠ ᠴᠢᠳᠠᠪᠤᠷᠢ ᠶᠢᠨ ᠠᠯᠳᠠᠷᠳᠠᠢ ᠲᠥᠷᠥᠯ ᠲᠡᠮᠳᠡᠭᠲᠦ ᠶᠢᠨ ᠪᠣᠯᠪᠠᠰᠤᠷᠠᠭᠤᠯᠤᠯ ᠪᠠ ᠣᠨᠴᠠᠯᠢᠭᠲᠤ | ᠲᠥᠷᠥᠯ ᠲᠡᠮᠳᠡᠭᠲᠦ ᠶᠢᠨ ᠪᠣᠯᠪᠠᠰᠤᠷᠠᠭᠤᠯᠤᠯ ᠢ ᠥᠷᠨᠢᠭᠦᠯᠪᠡᠯ᠂ ᠪᠣᠯᠪᠠᠰᠤᠷᠠᠭᠤᠯᠤᠯ ᠤᠨ ᠨᠥᠬᠦᠪᠥᠷᠢ ᠥᠭᠬᠦ | ᠪᠠᠷᠢᠮᠵᠢᠶ᠎ᠠ ᠶᠢ ᠲᠤᠰ ᠲᠤᠰ 30 % ᠪᠠ 25 % ᠳᠡᠭᠡᠭᠰᠢᠯᠡᠭᠦᠯᠵᠦ ᠪᠣᠯᠤᠨ᠎ᠠ᠃ | ᠭᠤᠤᠯᠳᠠᠯᠭ᠎ᠠ ᠲᠠᠢ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠲᠤ᠂ A ᠲᠥᠷᠥᠯ ᠤᠨ | ᠠᠵᠢᠯ ᠲᠥᠷᠥᠯ ᠤᠨ ᠦᠨᠳᠦᠰᠦᠨ ᠪᠣᠯᠪᠠᠰᠤᠷᠠᠭᠤᠯᠤᠯ ᠤᠨ ᠬᠢᠴᠢᠶᠡᠯ ᠤᠨ ᠴᠠᠭ ᠢ 260 ᠬᠢᠴᠢᠶᠡᠯ ᠤᠨ ᠴᠠᠭ ᠠᠴᠠ | ᠳᠤᠲᠠᠭᠤ ᠥᠬᠡᠶ ᠪᠠᠶᠢᠯᠭᠠᠬᠤ ᠪᠠᠷ ᠲᠣᠬᠢᠷᠠᠭᠤᠯᠵᠤ᠂ ᠬᠥᠮᠥᠨ ᠪᠦᠷᠢ ᠶᠢᠨ ᠤᠳᠠᠭ᠎ᠠ ᠪᠦᠷᠢ ᠶᠢᠨ ᠦᠨᠳᠦᠰᠦᠨ | ᠪᠠᠷᠢᠮᠵᠢᠶᠠᠲᠤ ᠪᠣᠯᠪᠠᠰᠤᠷᠠᠭᠤᠯᠤᠯ ᠳᠤ 1800 ᠲᠥᠭᠦᠷᠢᠭ ᠨᠥᠬᠦᠪᠦᠷᠢᠯᠡᠵᠤ᠂ B ᠲᠥᠷᠥᠯ ᠤᠨ ᠠᠵᠢᠯ ᠲᠥᠷᠥᠯ ᠤᠨ | ᠦᠨᠳᠦᠰᠦᠨ ᠪᠣᠯᠪᠠᠰᠤᠷᠠᠭᠤᠯᠤᠯ ᠤᠨ ᠬᠢᠴᠢᠶᠡᠯ ᠤᠨ ᠴᠠᠭ ᠢ 200 ᠬᠢᠴᠢᠶᠡᠯ ᠤᠨ ᠴᠠᠭ ᠠᠴᠠ ᠳᠤᠲᠠᠭᠤ ᠥᠬᠡᠶ | ᠪᠠᠶᠢᠯᠭᠠᠵᠤ᠂ ᠬᠥᠮᠥᠨ ᠪᠦᠷᠢ ᠶᠢᠨ ᠤᠳᠠᠭ᠎ᠠ ᠪᠦᠷᠢ ᠶᠢᠨ ᠦᠨᠳᠦᠰᠦᠨ ᠪᠠᠷᠢᠮᠵᠢᠶᠠᠲᠤ ᠪᠣᠯᠪᠠᠰᠤᠷᠠᠭᠤᠯᠤᠯ ᠳᠤ 1300 | ᠲᠥᠭᠦᠷᠢᠭ ᠨᠥᠬᠦᠪᠦᠷᠢᠯᠡᠨ᠂ C ᠲᠥᠷᠥᠯ ᠤᠨ ᠠᠵᠢᠯ ᠲᠥᠷᠥᠯ ᠤᠨ ᠦᠨᠳᠦᠰᠦᠨ ᠪᠣᠯᠪᠠᠰᠤᠷᠠᠭᠤᠯᠤᠯ ᠤᠨ | ᠬᠢᠴᠢᠶᠡᠯ ᠤᠨ ᠴᠠᠭ ᠢ 56 ᠬᠢᠴᠢᠶᠡᠯ ᠤᠨ ᠴᠠᠭ ᠠᠴᠠ ᠳᠤᠲᠠᠭᠤ ᠥᠬᠡᠶ ᠪᠠᠶᠢᠯᠭᠠᠵᠤ᠂ ᠰᠠᠭᠤᠷᠢ ᠪᠠᠷᠢᠮᠵᠢᠶᠠᠳᠤ | ᠨᠥᠬᠦᠪᠥᠷᠢ ᠶᠢ ᠬᠥᠮᠥᠨ ᠪᠦᠷᠢ ᠤᠳᠠᠭ᠎ᠠ ᠪᠦᠷᠢ 600 ᠲᠥᠭᠦᠷᠢᠭ ᠣᠯᠭᠤᠨ᠎ᠠ᠃ |