ᠥᠪᠥᠷ ᠵᠠᠰᠠᠭ ᠲᠠᠷᠬᠠᠭᠠᠭᠰᠠᠨ ﹇2019﹈ 3 ᠳ᠋ᠤᠭᠠᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ | ᠬᠠᠤᠯᠢ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ 9 ᠳ᠋ᠤᠭᠡᠷ | ᠲᠣᠭᠠᠲᠤ︶ ᠶᠢᠨ ᠲᠠᠪᠤᠳᠤᠭᠠᠷ ᠵᠤᠷᠪᠤᠰ ᠲᠤ ᠡᠷᠬᠡ ᠣᠯᠭᠤᠭᠰᠠᠨ ᠢ ᠦᠨᠳᠦᠰᠦᠯᠡᠨ ᠰᠤᠳᠤᠯᠤᠭᠠᠳ᠂ ᠡᠳᠦᠭᠡ ᠮᠠᠨ ᠤ | ᠣᠷᠣᠨ ᠤ ᠵᠡᠮᠳᠡᠭ᠂ ᠭᠠᠨᠢ ᠭᠠᠭᠴᠠ ᠨᠠᠰᠤᠳᠠᠶᠢᠴᠦᠳ ᠪᠣᠯᠣᠨ ᠨᠥᠭᠴᠢᠭᠰᠡᠨ ᠪᠠᠭᠠᠲᠤᠷᠴᠤᠳ ᠤᠨ ᠭᠡᠷ ᠪᠦᠯᠢ ᠶᠢᠨ | ᠣᠯᠵᠠ ᠠᠰᠢᠭ ᠵᠡᠷᠭᠡ ᠳᠤ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠳᠣᠣᠷᠠᠬᠢ | ᠮᠡᠲᠦ ᠪᠠᠷ ᠲᠣᠳᠣᠷᠬᠠᠶᠢᠯᠠᠪᠠ᠄ | ᠨᠢᠭᠡ᠂ ᠵᠡᠮᠳᠡᠭ ᠬᠥᠮᠥᠨ᠂ ᠨᠥᠭᠴᠢᠭᠰᠡᠨ ᠪᠠᠭᠠᠲᠤᠷᠴᠤᠳ ᠤᠨ ᠭᠡᠷ ᠪᠦᠯᠢ ᠶᠢᠨ ᠣᠯᠵᠠ ᠠᠰᠢᠭ ᠠᠴᠠ ᠬᠤᠪᠢ | ᠬᠥᠮᠥᠨ ᠤ ᠣᠯᠵᠠᠪᠤᠷᠢ ᠶᠢᠨ ᠭᠠᠶᠢᠯᠢ ᠶᠢ 50% ᠬᠠᠰᠤᠵᠤ ᠲᠠᠲᠠᠪᠤᠷᠢᠯᠠᠨ᠎ᠠ︔ ᠭᠠᠨᠢ ᠭᠠᠭᠴᠠ | ᠨᠠᠰᠤᠳᠠᠶᠢᠴᠦᠳ ᠠᠴᠠ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢ 100% ᠬᠠᠰᠤᠵᠤ ᠲᠠᠲᠠᠪᠤᠷᠢᠯᠠᠨ᠎ᠠ᠃ | ᠡᠮᠦᠨᠡᠬᠢ ᠵᠤᠷᠪᠤᠰ ᠤᠨ ᠲᠥᠷᠥ ᠶᠢᠨ ᠪᠣᠳᠣᠯᠭ᠎ᠠ ᠳᠤ ᠲᠤᠨᠨᠳ᠋ᠬᠠᠰᠠᠨ ᠬᠤᠭᠤᠴᠠᠭ᠎ᠠ ᠬᠢᠵᠠᠭᠠᠷ ᠪᠠᠶᠢᠬᠤ ᠦᠭᠡᠢ︔ | ᠬᠡᠯᠡᠵᠦ ᠪᠠᠶᠢᠭ᠎ᠠ ᠣᠯᠵᠠᠪᠤᠷᠢ ᠭᠡᠳᠡᠭ ᠲᠤ ᠴᠠᠯᠢᠩ᠂ ᠬᠥᠯᠥᠰᠦᠨ ᠮᠥᠩᠭᠦᠨ ᠤ ᠣᠯᠵᠠᠪᠤᠷᠢ᠂ ᠬᠥᠳᠡᠯᠮᠦᠷᠢ | ᠦᠢᠯᠡᠴᠢᠯᠡᠭᠡᠨ ᠤ ᠬᠠᠷᠠᠮᠵᠢ ᠶᠢᠨ ᠣᠯᠵᠠᠪᠤᠷᠢ᠂ ᠡᠬᠡ ᠪᠢᠴᠢᠭ ᠤᠨ ᠬᠠᠷᠠᠮᠵᠢ ᠶᠢᠨ ᠣᠯᠵᠠᠪᠤᠷᠢ᠂ ᠣᠨᠴᠠ | ᠵᠥᠪᠰᠢᠶᠡᠷᠡᠯ ᠤᠨ ᠡᠷᠬᠡ ᠲᠠᠢ ᠬᠡᠷᠡᠭᠯᠡᠭᠰᠡᠨ ᠵᠠᠷᠤᠳᠠᠯ ᠤᠨ ᠣᠯᠵᠠᠪᠤᠷᠢ᠂ ᠡᠵᠡᠩᠨᠡᠭᠰᠡᠨ ᠣᠯᠵᠠᠪᠤᠷᠢ ᠪᠠᠭᠲᠠᠨ᠎ᠠ᠂ ᠬᠦᠦ | ᠮᠥᠩᠭᠦ᠂ ᠰᠲ᠋ᠣᠺ ᠤᠨ ᠬᠦᠦ ᠮᠥᠩᠭᠦ᠂ ᠠᠰᠢᠭ ᠬᠤᠪᠢᠶᠠᠷᠢᠯᠠᠯ ᠤᠨ ᠣᠯᠵᠠᠪᠤᠷᠢ᠂ ᠡᠳ᠋ ᠬᠥᠷᠥᠩᠭᠡ ᠪᠠᠨ | ᠲᠦᠷᠢᠶᠡᠰᠦᠯᠡᠭᠦᠯᠦᠭᠰᠡᠨ ᠣᠯᠵᠠᠪᠤᠷᠢ᠂ ᠡᠳ᠋ ᠬᠥᠷᠥᠩᠭᠡ ᠪᠠᠨ ᠰᠢᠯᠵᠢᠭᠦᠯᠦᠨ ᠬᠤᠳᠠᠯᠳᠤᠭᠰᠠᠨ ᠣᠯᠵᠠᠪᠤᠷᠢ ᠪᠣᠯᠣᠨ | ᠲᠣᠬᠢᠶᠠᠯᠳᠤᠭᠰᠠᠨ ᠣᠯᠵᠠᠪᠤᠷᠢ ᠪᠠᠭᠲᠠᠭᠳᠠᠬᠤ ᠦᠭᠡᠢ᠃ | ᠭᠠᠶᠢᠯᠢ ᠲᠤᠰᠢᠶᠠᠭᠴᠢ ᠨᠢ ᠵᠡᠮᠳᠡᠭ᠂ ᠭᠠᠨᠢ ᠭᠠᠭᠴᠠ ᠨᠠᠰᠤᠳᠠᠶᠢᠴᠦᠳ ᠪᠣᠯᠣᠨ ᠨᠥᠭᠴᠢᠭᠰᠡᠨ | ᠪᠠᠭᠠᠲᠤᠷᠴᠤᠳ ᠤᠨ ᠭᠡᠷ ᠪᠦᠯᠢ ᠶᠢᠨ ᠬᠡᠬᠦ ᠬᠤᠶᠠᠷ ᠠᠴᠠ ᠳᠡᠭᠡᠭᠰᠢᠬᠢ ᠨᠥᠬᠦᠴᠡᠯ ᠳᠤ ᠵᠡᠷᠬᠡ ᠪᠠᠷ ᠨᠡᠶᠢᠴᠡᠭᠰᠡᠨ | ᠪᠠᠶᠢᠪᠠᠯ᠂ ᠬᠠᠮᠤᠭ ᠤᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠯᠡᠨ᠎ᠡ᠂ ᠳᠠᠬᠢᠵᠤ | ᠳᠠᠪᠬᠤᠷᠳᠠᠭᠤᠯᠤᠨ ᠬᠡᠷᠡᠭᠵᠢᠭᠦᠯᠬᠦ ᠦᠭᠡᠢ᠃ | ᠬᠤᠶᠠᠷ᠂ ᠭᠠᠶᠢᠯᠢ ᠲᠤᠰᠢᠶᠠᠭᠴᠢ ᠨᠢ ᠪᠠᠶᠢᠭᠠᠯᠢ ᠶᠢᠨ ᠭᠠᠮᠰᠢᠭ ᠵᠤᠳ ᠲᠤ ᠬᠦᠨᠳᠦ ᠶᠡᠭᠡ ᠬᠤᠬᠢᠷᠠᠯ ᠲᠠᠢ | ᠪᠣᠯᠣᠭᠰᠠᠨ ᠪᠠᠶᠢᠪᠠᠯ᠂ ᠭᠤᠷᠪᠠᠨ ᠵᠢᠯ ᠤᠨ ᠳᠣᠲᠣᠷ᠎ᠠ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢ 100% | ᠬᠠᠰᠤᠵᠤ ᠲᠠᠲᠠᠪᠤᠷᠢᠯᠠᠨ᠎ᠠ᠃ | ᠭᠤᠷᠪᠠ᠂ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ 2019 ᠣᠨ ᠤ 1 ᠳ᠋ᠤᠭᠡᠷ ᠰᠠᠷ᠎ᠠ ᠶᠢᠨ | 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠳᠥᠷᠪᠡ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠵᠡᠮᠳᠡᠭᠴᠦᠳ ᠤᠨ ᠬᠤᠯᠪᠣᠭ᠎ᠠ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠲᠠᠢ ᠬᠠᠮᠲᠤᠷᠠᠯᠴᠠᠨ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠯᠤᠭ᠎ᠠ ᠲᠥᠬᠦᠷᠵᠢᠭᠰᠡᠨ ᠲᠠᠲᠠᠪᠤᠷᠢᠯᠠᠨ ᠬᠤᠷᠢᠶᠠᠬᠤ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ ᠨᠡᠶᠢᠲᠡᠯᠡᠬᠦ ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |